ᠪᠤᠭᠤᠲᠤ ᠬᠤᠲᠠ ᠶᠢᠨ ᠠᠩᠬᠠᠳᠠᠭᠴᠢ ᠬᠤᠨᠴᠢᠷᠳᠤ ᠢᠳᠡᠭᠡᠨ ᠤ ᠪᠠᠷᠢᠮᠵᠢᠶᠠᠵᠢᠭᠤᠯᠤᠯᠲᠠ ᠶᠢᠨ ᠴᠡᠭ ᠲᠣᠭᠲᠠᠭᠠᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠭᠦᠶᠠᠩ ᠰᠢᠶᠠᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2023/9/20
      ᠣᠶᠢᠷ᠎ᠠ ᠳᠤ᠂ ᠪᠤᠭᠤᠲᠤ ᠬᠤᠲᠠ ᠶᠢᠨ ᠯᠦᠩ ᠵᠢᠦᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠪᠤᠭᠤᠲᠤ ᠬᠤᠲᠠ ᠶᠢᠨ ᠬᠤᠨᠴᠢᠷᠳᠤ ᠢᠳᠡᠭᠡᠨ ᠤ ᠪᠠᠷᠢᠮᠵᠢᠶᠠᠵᠢᠭᠤᠯᠤᠯᠲᠠ ᠶᠢᠨ ᠴᠡᠭ ᠲᠣᠭᠲᠠᠭᠠᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠪᠠᠷ ᠲᠣᠭᠲᠠᠭᠠᠵᠠᠢ᠂ ᠡᠨᠡ  ᠨᠢ ᠭᠦᠶᠠᠩ ᠰᠢᠶᠠᠨ ᠤ ᠠᠩᠬᠠᠳᠠᠭᠴᠢ ᠬᠤᠨᠴᠢᠷᠳᠤ ᠢᠳᠡᠭᠡᠨ ᠤ ᠪᠠᠷᠢᠮᠵᠢᠶᠠᠵᠢᠭᠤᠯᠤᠯᠲᠠ ᠶᠢᠨ ᠴᠡᠭ ᠲᠣᠭᠲᠠᠭᠠᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠪᠣᠯᠣᠨ᠎ᠠ᠃ ᠲᠣᠰ ᠴᠡᠭ ᠲᠣᠭᠲᠠᠭᠠᠭᠰᠠᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢ ᠲᠣᠭᠲᠠᠭᠠᠭᠰᠠᠨ ᠨᠢ ᠭᠦᠶᠠᠩ ᠰᠢᠶᠠᠨ ᠤ ᠤᠯᠤᠰ ᠤᠨ ᠳᠣᠲᠣᠭᠠᠳᠤ ᠶᠢᠨ ᠬᠤᠨᠴᠢᠷ ᠤᠨ ᠴᠢᠬᠤᠯᠠ ᠲᠥᠪᠯᠡᠷᠡᠭᠦᠯᠦᠨ ᠮᠠᠯᠲᠠᠬᠤ ᠣᠷᠣᠨ ᠪᠠ ᠵᠧᠩ ᠪᠸᠢ ᠬᠤᠨᠴᠢᠷ ᠤᠨ ᠦᠢᠯᠡᠳᠪᠦᠷᠢᠯᠡᠯ ᠤᠨ ᠭᠤᠣᠯ ᠪᠣᠯᠬᠤ ᠣᠷᠣᠨ ᠪᠠᠶᠢᠭᠤᠯᠬᠤ ᠶᠢ ᠲᠦᠷᠭᠡᠳᠬᠡᠵᠦ᠂ ︽ᠳᠤᠮᠳᠠᠳᠤ ᠤᠯᠤᠰ ᠤᠨ ᠭᠦᠶᠠᠩ᠂ ᠵᠧᠩ ᠪᠸᠢ ᠬᠤᠨᠴᠢᠷ ᠤᠨ ᠨᠤᠲᠤᠭ︾ ᠤᠨ ᠨᠠᠷᠠᠲᠤ ᠲᠡᠮᠳᠡᠭᠲᠦ ᠶᠢ ᠮᠠᠨᠳᠤᠭᠤᠯᠬᠤ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃      ᠲᠣᠰ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠠᠴᠠ ᠬᠤᠨᠴᠢᠷ ᠤᠨ ᠣᠯᠠᠨᠴᠢ ᠰᠢᠬᠢᠷ ᠤᠨ ᠠᠭᠤᠯᠤᠭᠳᠠᠴᠠ᠂ ᠬᠤᠨᠴᠢᠷ ᠤᠨ ᠨᠡᠪᠴᠢᠳᠡᠰᠦ᠂ ᠬᠤᠨᠴᠢᠷ ᠤᠨ ᠦᠨᠡᠰᠦ᠂ ᠬᠤᠨᠴᠢᠷ ᠤᠨ ᠲᠠᠷᠢᠶᠠᠨ ᠡᠮ ᠤᠨ ᠦᠯᠡᠳᠡᠭᠳᠡᠯ᠂ ᠬᠤᠨᠴᠢᠷ ᠤᠨ ᠶᠡᠷᠦᠩᠬᠡᠢ ᠰᠠᠪᠤᠩ ᠤᠨ ᠭᠯᠢᠺᠣᠰᠢᠳ᠋ ᠤᠨ ᠠᠭᠤᠯᠤᠭᠳᠠᠴᠠ ᠵᠡᠷᠭᠡ ᠲᠥᠷᠥᠯ ᠵᠦᠢᠯ ᠳᠤ ᠰᠢᠯᠭᠠᠨ ᠪᠠᠶᠢᠴᠠᠭᠠᠯᠲᠠ ᠬᠢᠵᠦ᠂ ᠬᠤᠨᠴᠢᠷ ᠳᠠᠷᠢᠬᠤ ᠲᠣᠮᠣ ᠡᠷᠦᠬᠡ᠂ ᠬᠤᠨᠴᠢᠷ ᠬᠤᠳᠠᠯᠳᠤᠨ ᠠᠪᠬᠤ ᠬᠤᠳᠠᠯᠳᠤᠭᠠᠴᠢᠨ᠂ ᠬᠤᠨᠴᠢᠷ ᠢ ᠨᠠᠷᠢᠯᠢᠭ ᠪᠣᠯᠪᠠᠰᠤᠷᠠᠭᠤᠯᠬᠤ ᠠᠵᠤ ᠠᠬᠤᠶᠢᠯᠠᠯ ᠳᠤ ᠨᠠᠩ ᠲᠥᠬᠦᠮ ᠰᠢᠯᠭᠠᠨ ᠪᠠᠶᠢᠴᠠᠭᠠᠬᠤ ᠦᠢᠯᠡᠴᠢᠯᠡᠭᠡ ᠬᠠᠩᠭᠠᠬᠤ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠭᠦᠶᠠᠩ ᠰᠢᠶᠠᠨ ᠤ ᠬᠢᠨ ᠬᠤᠨᠴᠢᠷᠳᠤ ᠢᠳᠡᠭᠡᠨ ᠤ ᠪᠠᠷᠢᠮᠵᠢᠶᠠᠵᠢᠭᠤᠯᠤᠯᠲᠠ ᠶᠢᠨ ᠴᠡᠭ ᠲᠣᠭᠲᠠᠭᠠᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠡᠯ᠎ᠡ ᠵᠦᠢᠯ ᠤᠨ ᠰᠠᠭᠤᠷᠢ ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠵᠦ᠂ ᠢᠯᠭᠤᠮ ᠰᠢᠯᠤᠭᠤᠨ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠳᠣᠲᠣᠷᠠᠬᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠤᠨᠴᠢᠷ ᠲᠠᠷᠢᠬᠤ ᠡᠷᠦᠭᠡ᠂ ᠬᠤᠨᠴᠢᠷ ᠨᠠᠷᠢᠯᠢᠭ ᠪᠣᠯᠪᠠᠰᠤᠷᠠᠭᠤᠯᠬᠤ ᠠᠵᠤ ᠠᠬᠤᠶᠢᠯᠠᠯ ᠳᠤ ᠴᠢᠨᠠᠷ ᠰᠠᠶᠢᠲᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠭᠦᠶᠠᠩ ᠰᠢᠶᠠᠨ ᠤ ᠬᠤᠨᠴᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号