ᠮᠠᠨ ᠤ ᠣᠷᠣᠨ ᠨᠡᠷᠡᠲᠦ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠠᠷ ᠪᠦᠭᠦ ᠤᠯᠤᠰ ᠲᠤ ᠲᠦᠷᠦᠭᠦᠯᠡᠵᠦ ᠪᠤᠢ
ᠨᠡᠶᠢᠲᠡᠯᠡᠭᠰᠡᠨ ᠴᠠᠭ᠄
2023/9/20
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ ᠂ ᠡᠨᠡ ᠵᠢᠯ ᠤᠨ 8 ᠰᠠᠷ᠎ᠠ ᠪᠤᠯᠲᠠᠯ᠎ᠠ ᠮᠠᠨ ᠤ ᠣᠷᠣᠨ ᠤ 600 ᠭᠠᠷᠤᠢ ᠪᠦᠲᠦᠭᠡᠭᠳᠡᠬᠦᠨ ᠨᠢᠭᠡᠨᠲᠡ ᠪᠦᠭᠦ ᠤᠯᠤᠰ ᠤᠨ ᠨᠡᠷᠡᠲᠦ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ  ᠤ ᠨᠡᠷᠡᠰ ᠲᠤ ᠣᠷᠣᠵᠤ ᠂ ᠶᠡᠷᠦᠩᠬᠡᠢ ᠲᠤᠭ᠎ᠠ ᠪᠠᠷ ᠪᠦᠭᠦ ᠤᠯᠤᠰ ᠲᠤ ᠲᠦᠷᠦᠭᠦᠯᠡᠵᠦ ᠪᠤᠢ ᠃      ᠣᠶᠢᠷ᠎ᠠ ᠶᠢᠨ ᠵᠢᠯ ᠳᠤ ᠮᠠᠨ ᠤ ᠣᠷᠣᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ  ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢ ᠪᠠᠷᠢᠮᠲᠠᠯᠠᠵᠤ ᠂ ︽ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠂ ᠪᠣᠬᠢᠷᠳᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠂ ᠲᠦᠷᠦᠯ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠨ ᠨᠤᠲᠤᠭ ᠤᠨ ᠣᠨᠴᠠᠯᠢᠭ ᠲᠠᠢ ᠪᠤᠶᠤ ᠳᠠᠪᠠᠭᠤᠯᠢᠭ ᠲᠠᠢ ᠨᠡᠩ ᠤᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠦᠴᠦᠯᠡᠨ ᠠᠭᠤᠳᠠᠯᠤᠭᠰᠠᠨ ᠪᠠᠶᠢᠨ᠎ᠠ ᠃ ᠪᠦᠭᠦ ᠣᠷᠣᠨ ᠤ ᠬᠡᠪᠴᠢᠶᠡᠨ  ᠳᠤ ᠮᠠᠯ ᠵᠢᠭᠦᠷᠲᠡᠨ ᠂ ᠠᠮᠤ ᠪᠤᠳᠠᠭ᠎ᠠ ᠂ ᠢᠳᠡᠰᠢᠨ ᠨᠣᠭᠤᠭ᠎ᠠ ᠂ ᠵᠢᠮᠢᠰ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠨᠢᠭᠡ ᠪᠦᠯᠦᠭ ᠠᠵᠤ ᠦᠢᠯᠡᠰ ᠤᠨ ᠬᠡᠪᠴᠢᠶ᠎ᠡ ᠪᠠᠷ ᠶᠡᠭᠡ ᠂ ᠦᠢᠯᠡᠳᠪᠦᠷᠢᠯᠡᠯ ᠤᠨ ᠠᠷᠭ᠎ᠠ ᠭᠡᠯᠪᠡᠷᠢ  ᠪᠠᠷ ᠰᠢᠨ᠎ᠡ ᠂ ᠲᠥᠷᠥᠯ ᠲᠡᠮᠳᠡᠭ ᠤᠨ ᠣᠨᠴᠠᠯᠢᠭ ᠢᠶᠠᠷ ᠥᠳᠬᠡᠨ ᠂ ᠳᠠᠶᠢᠴᠢᠯᠠᠬᠤ ᠦᠷ᠎ᠡ ᠠᠰᠢᠭ ᠢᠶᠠᠷ ᠥᠨᠳᠥᠷ ᠪᠦᠭᠦ ᠤᠯᠤᠰ ᠤᠨ ᠨᠡᠷᠡᠲᠦ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠢᠳᠡᠪᠬᠢᠲᠡᠢ ᠪᠠᠷ ᠰᠦᠪᠡᠭᠴᠢᠯᠡᠨ ᠪᠣᠶᠢᠵᠢᠭᠤᠯᠵᠤ ᠂ ᠲᠡᠭᠦᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠢᠨ᠎ᠡ ᠲᠤᠯᠭᠠᠭᠤᠷᠢᠯᠠᠯ ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠭᠢᠯᠠᠰ ᠴᠡᠭ ᠪᠣᠯᠭᠠᠯ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号