ᠯᠦᠪᠧᠢ ᠪᠠᠯᠭᠠᠰᠤ ᠳᠥᠷᠪᠡᠳᠦᠭᠡᠷ ᠬᠤᠭᠤᠴᠠᠭᠠᠨ ᠤ ︽ᠡᠪᠡᠰᠦ ᠬᠠᠳᠤᠨ ᠤᠯᠠᠮᠵᠢᠯᠠᠯ ᠢᠶᠠᠨ ᠪᠠᠳᠠᠷᠠᠭᠤᠯᠵᠤ ᠪᠠᠶᠠᠷ ᠤᠨ ᠡᠳᠦᠷ ᠢᠶᠠᠨ ᠬᠠᠮᠲᠤ ᠪᠠᠷ ᠤᠭᠲᠤᠶ᠎ᠠ︾ ᠭᠡᠬᠦ ᠡᠪᠡᠰᠦ ᠬᠠᠳᠤᠬᠤ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/9/20
      ᠲᠦᠷᠦᠭᠦᠬᠡᠨ ᠵᠠᠷᠤᠳ ᠬᠤᠰᠢᠭᠤᠨ ᠤ ᠯᠦᠪᠧᠢ ᠪᠠᠯᠭᠠᠰᠤ ᠳᠥᠷᠪᠡᠳᠦᠭᠡᠷ ᠬᠤᠭᠤᠴᠠᠭᠠᠨ ᠤ ︽ᠡᠪᠡᠰᠦ ᠬᠠᠳᠤᠨ ᠤᠯᠠᠮᠵᠢᠯᠠᠯ ᠢᠶᠠᠨ ᠪᠠᠳᠠᠷᠠᠭᠤᠯᠵᠤ ᠪᠠᠶᠠᠷ ᠤᠨ ᠡᠳᠦᠷ ᠢᠶᠠᠨ ᠬᠠᠮᠲᠤ ᠪᠠᠷ ᠤᠭᠲᠤᠶ᠎ᠠ︾ ᠭᠡᠬᠦ ᠡᠪᠡᠰᠦ ᠬᠠᠳᠤᠬᠤ ᠤᠷᠤᠯᠳᠤᠭᠠᠨ ᠶᠠᠪᠤᠭᠳᠠᠭᠤᠯᠪᠠ᠃ ᠲᠤᠰ ᠤᠳᠠᠭᠠᠨ ᠤ ᠤᠷᠤᠯᠳᠤᠭᠠᠨ ᠢ ᠡᠷᠡᠭᠲᠡᠢ ᠶᠢᠨ ᠳᠤᠭᠤᠶᠢᠯᠠᠩ ᠪᠠ ᠡᠮᠡᠭᠲᠡᠢ ᠶᠢᠨ ᠳᠤᠭᠤᠶᠢᠯᠠᠩ ᠭᠡᠵᠦ ᠬᠤᠪᠢᠶᠠᠨ᠂ ᠡᠴᠦᠰ ᠤᠨ ᠴᠡᠭ ᠲᠤ ᠬᠦᠷᠬᠦ ᠡᠮᠦᠨ᠎ᠡ ᠬᠤᠶᠢᠨᠠᠬᠢ ᠳᠠᠷᠠᠭᠠᠯᠠᠯ ᠢᠶᠠᠷ ᠨᠡᠷᠡᠰ ᠤᠨ ᠵᠢᠭᠰᠠᠭᠠᠯᠲᠠ ᠶᠢ ᠲᠣᠭᠲᠠᠭᠠᠵᠠᠢ᠃ ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠮᠠᠯᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠲᠡᠳᠡᠨ ᠤ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠨᠢᠭᠲᠠᠷᠠᠭᠤᠯᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠬᠰᠠᠨ ᠪᠠᠶᠢᠨ᠎ᠠ᠃ ᠵᠢᠷᠤᠭ ᠪᠣᠯ ᠤᠷᠤᠯᠳᠤᠭᠠᠨ ᠳᠤ ᠣᠷᠣᠯᠴᠠᠭᠰᠠᠳ ᠡᠪᠡᠰᠦ ᠬᠠᠳᠤᠵᠤ ᠪᠠᠶᠢᠭ᠎ᠠ ᠨᠢ᠃
155.png
       ᠳᠠᠷᠬᠠᠨ ᠰᠡᠭᠦᠳᠡᠷᠯᠡᠪᠡ
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号