ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2023/9/21
      ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢ ᠬᠡᠷᠡᠭᠯᠡᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠴᠢ ᠵᠠᠰᠠᠭ ᠵᠠᠬᠢᠷᠭᠠᠨ ᠤ ᠬᠠᠮᠢᠶᠠᠷᠤᠯᠲᠠ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ  ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠠᠵᠢᠯ ᠤᠨ ᠱᠠᠭᠠᠷᠳᠠᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠬᠠᠤᠯᠢ ᠰᠤᠷᠤᠯᠴᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ᠂ 9 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ︾ ᠶᠢᠨ ᠲᠤᠰᠬᠠᠢ ᠰᠡᠳᠦᠪᠲᠦ ᠲᠠᠶᠢᠯᠤᠮᠵᠢ ᠬᠢᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠠᠶᠠᠭ᠎ᠠ ᠶᠢ ᠤᠷᠢᠨ ᠬᠢᠴᠢᠶᠡᠯ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠰᠢᠤᠸᠠᠢ ᠹᠧᠩ ᠬᠤᠷᠠᠯ ᠡᠷᠬᠢᠯᠡᠪᠡ᠂ ᠲᠢᠩᠬᠢᠮ ᠤᠨ ᠪᠠᠶᠢᠭᠤᠯᠤᠯᠭ᠎ᠠ ᠶᠢᠨ ᠪᠥᠬᠦ ᠠᠯᠪᠠᠲᠠᠨ᠂ ᠲᠢᠩᠬᠢᠮ ᠤᠨ ᠬᠠᠷᠢᠶ᠎ᠠ ᠨᠢᠭᠡᠴᠡ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠰᠤᠷᠤᠯᠴᠠᠯᠭ᠎ᠠ ᠳᠤ ᠣᠷᠣᠯᠴᠠᠵᠠᠢ᠃ 
图片1.png
       ᠫᠷᠤᠹᠧᠰᠰᠤᠷ ᠵᠠᠶᠠᠭ᠎ᠠ ︽ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ︾ ᠭᠡᠬᠦ ᠪᠠᠷ ᠰᠡᠳᠦᠪ ᠪᠣᠯᠭᠠᠵᠤ᠂ ᠬᠠᠤᠯᠢᠵᠢᠯ ᠤᠨ ᠠᠭᠤᠯᠤᠭᠳᠠᠬᠤᠨ ᠵᠢᠴᠢ ᠣᠨᠴᠠᠯᠢᠭ ᠤᠨ ᠲᠣᠭᠤᠷᠢᠨ ᠳᠤ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢᠨ ᠱᠠᠭᠠᠷᠳᠠᠯᠭ᠎ᠠ ᠵᠢᠴᠢ ᠣᠨᠴᠠᠯᠢᠭ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢᠨ ᠬᠡᠷᠡᠭᠯᠡᠯᠲᠡ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢ ᠬᠡᠷᠡᠭᠯᠡᠬᠦ ᠳᠤ ᠠᠩᠬᠠᠷᠬᠤ ᠴᠢᠬᠤᠯᠠᠲᠠᠢ ᠠᠰᠠᠭᠤᠳᠠᠯ ᠵᠡᠷᠭᠡ ᠲᠠᠯ᠎ᠠ ᠪᠠᠷ ᠨᠠᠷᠢᠨ ᠨᠢᠮᠪᠠᠢ ᠲᠠᠶᠢᠯᠪᠤᠷᠢᠯᠠᠯᠲᠠ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢ ᠤᠯᠠᠮ ᠨᠢᠭᠡ ᠠᠯᠬᠤᠮ ᠬᠡᠷᠡᠭᠯᠡᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠴᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠡᠳᠬᠢᠮᠵᠢ ᠶᠢ  ᠤᠯᠠᠮ ᠴᠢᠨᠠᠭᠰᠢᠳᠠ ᠨᠡᠭᠡᠭᠡᠭᠳᠡᠭᠦᠯᠵᠡᠢ᠃ 
图片2.png
       ᠬᠤᠷᠠᠯ ᠠᠴᠠ ᠂ ᠬᠠᠤᠯᠢᠵᠢᠯ ᠤᠨ ᠰᠡᠳᠬᠢᠬᠦᠢ ᠪᠣᠯᠣᠨ ᠬᠠᠤᠯᠢᠵᠢᠯ ᠤᠨ ᠠᠷᠭ᠎ᠠ ᠶᠢ ᠰᠤᠷᠤᠯᠴᠠᠨ ᠬᠡᠷᠡᠭᠯᠡᠵᠦ ᠠᠵᠢᠯ ᠢᠶᠠᠨ ᠥᠷᠨᠢᠭᠦᠯᠬᠦ ᠬᠡᠷᠡᠭᠲᠡᠢ᠃ ᠬᠤᠶᠢᠰᠢᠳᠠ ᠡᠯ᠎ᠡ ᠲᠦᠷᠦᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠡᠭᠡᠨ ᠡᠩ ᠲᠡᠷᠢᠭᠦᠨ ᠳᠤ ᠬᠠᠤᠯᠢ ᠴᠠᠭᠠᠵᠠ ᠶᠢᠨ ᠦᠨᠳᠦᠰᠦ ᠰᠤᠷᠪᠤᠯᠵᠢ ᠲᠠᠢ ᠪᠠᠶᠢᠬᠤ ᠬᠡᠷᠡᠭᠲᠡᠢ᠂ ᠢᠯᠠᠩᠭᠤᠶ᠎ᠠ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠬᠤ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠭᠠᠷᠭᠠᠬᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠪᠠ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠳᠠᠭᠠᠨ ᠡᠷᠬᠡᠪᠰᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠲᠠᠢ ᠪᠠᠶᠢᠵᠤ᠂ ᠬᠠᠤᠯᠢ ᠪᠠᠷ ᠲᠣᠭᠲᠠᠭᠠᠭᠰᠠᠨ ᠵᠢᠷᠤᠮ ᠳᠤ ᠨᠡᠶᠢᠴᠡᠭᠰᠡᠨ ᠪᠠᠶᠢᠬᠤ ᠬᠡᠷᠡᠭᠲᠡᠢ᠃ ᠬᠠᠤᠯᠢ ᠶᠣᠰᠣᠭᠠᠷ ᠡᠷᠬᠡ ᠪᠠᠨ ᠬᠡᠷᠡᠭᠯᠡᠬᠦ ᠶᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠠᠮᠢᠶᠠᠷᠬᠤ ᠬᠢᠷᠢ ᠬᠡᠮᠵᠢᠶ᠎ᠡ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠬᠠᠤᠯᠢᠵᠢᠯ ᠤᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠤ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢ ᠬᠡᠷᠡᠭᠯᠡᠨ ᠠᠵᠢᠯᠯᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号