︽ᠰᠠᠭᠤᠷᠢ ᠪᠣᠷᠳᠣᠭᠤᠷ ᠦᠭᠡᠢ︾ ᠪᠠᠷ ᠪᠣᠷᠳᠣᠭᠤᠷ ᠣᠷᠣᠭᠤᠯᠬᠤ ᠮᠡᠷᠭᠡᠵᠢᠯ
ᠨᠡᠶᠢᠲᠡᠯᠡᠭᠰᠡᠨ ᠴᠠᠭ᠄
2023/9/21
      ᠨᠢᠭᠡ᠂ ᠮᠡᠷᠭᠡᠵᠢᠯ ᠤᠨ ᠣᠨᠴᠠᠯᠢᠭ      ︽ᠰᠠᠭᠤᠷᠢ ᠪᠣᠷᠳᠣᠭᠤᠷ ᠦᠭᠡᠢ︾ ᠪᠠᠷ ᠪᠣᠷᠳᠣᠭᠤᠷ ᠣᠷᠣᠭᠤᠯᠬᠤ ᠮᠡᠷᠭᠡᠵᠢᠯ ᠪᠣᠯ ᠲᠠᠷᠢᠮᠠᠯ ᠤᠨ ᠰᠢᠮ᠎ᠡ ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢᠶᠠᠷ ᠬᠠᠷᠠᠯᠲᠠ ᠪᠣᠯᠭᠠᠵᠤ᠂ ᠬᠡᠷᠡᠯ ᠵᠢᠭᠰᠠᠯ ᠤᠨ ᠮᠡᠳᠡᠭᠡ ᠵᠠᠩᠭᠢ ᠳᠤ ᠰᠠᠭᠤᠷᠢᠯᠠᠭᠰᠠᠨ ᠲᠠᠷᠢᠮᠠᠯ ᠤᠨ ᠠᠽᠣᠲ ᠡᠳ᠋ ᠤᠨ ᠰᠢᠮ᠎ᠡ ᠲᠡᠵᠢᠭᠡᠯ ᠢ ᠣᠨᠣᠰᠢᠯᠠᠬᠤ ᠮᠡᠷᠭᠡᠵᠢᠯ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠢ ᠪᠠᠷ ᠪᠣᠷᠳᠣᠭᠤᠷ ᠣᠷᠣᠭᠤᠯᠬᠤ ᠲᠥᠰᠥᠯ ᠢ ᠲᠣᠭᠲᠠᠭᠠᠵᠤ᠂ ᠰᠠᠭᠤᠷᠢ ᠪᠣᠷᠳᠣᠭᠤᠷ ᠣᠷᠣᠭᠤᠯᠬᠤ ᠦᠭᠡᠢ᠂ ᠨᠡᠮᠡᠯᠲᠡ ᠪᠣᠷᠳᠣᠭᠤᠷ ᠨᠡᠮᠡᠵᠦ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ᠂ ᠬᠡᠷᠡᠭᠴᠡᠭᠡ ᠪᠠᠷ ᠨᠢ ᠬᠠᠩᠭᠠᠵᠤ᠂ ︽ᠬᠥᠷᠥᠰᠥᠨ ᠳᠤ ᠪᠣᠷᠳᠣᠭᠤᠷ ᠣᠷᠣᠭᠤᠯᠬᠤ︾ ᠪᠠᠶᠢᠭᠰᠠᠨ ᠢ ︽ᠲᠠᠷᠢᠮᠠᠯ ᠳᠤ ᠪᠣᠷᠳᠣᠭᠤᠷ ᠣᠷᠣᠭᠤᠯᠬᠤ︾ ᠪᠣᠯᠭᠠᠨ ᠬᠤᠪᠢᠷᠠᠭᠤᠯᠬᠤ ᠶᠢ ᠬᠡᠯᠡᠵᠦ ᠪᠤᠢ᠃ ᠲᠤᠰ ᠮᠡᠷᠭᠡᠵᠢᠯ ᠨᠢ ᠲᠦᠷᠪᠡᠨ ᠵᠦᠢᠯ ᠤᠨ ᠮᠡᠷᠭᠡᠵᠢᠯ ᠤᠨ ᠳᠠᠪᠠᠭᠤᠯᠢᠭ ᠲᠠᠢ᠂ ᠨᠢᠭᠡ ᠳᠤ ᠬᠢᠮᠢ ᠶᠢᠨ ᠪᠣᠷᠳᠣᠭᠤᠷ ᠤᠨ ᠣᠷᠣᠭᠤᠯᠤᠯᠲᠠ ᠶᠢ ᠪᠠᠭᠠᠰᠬᠠᠨ᠎ᠠ᠂ ᠬᠤᠶᠠᠷ ᠲᠤ ᠨᠠᠷᠢᠯᠢᠭ ᠪᠣᠷᠳᠣᠭᠤᠷ ᠣᠷᠣᠭᠤᠯᠬᠤ ᠶᠢ ᠪᠡᠶᠡᠯᠡᠭᠦᠯᠦᠨ᠎ᠡ᠂ ᠭᠤᠷᠪᠠ ᠳᠤ ᠪᠣᠷᠳᠣᠭᠤᠷ ᠣᠷᠣᠭᠤᠯᠬᠤ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠦᠨ᠎ᠡ᠂ ᠳᠥᠷᠪᠡ ᠳᠤ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃      ᠬᠤᠶᠠᠷ᠂ ᠵᠢᠱᠢᠶ᠎ᠡ ᠦᠵᠡᠭᠦᠯᠦᠨ ᠳᠡᠯᠭᠡᠷᠡᠭᠦᠯᠬᠦ      2023 ᠣᠨ ᠳᠤ ᠪᠠᠶᠠᠨᠨᠠᠭᠤᠷ᠂ ᠣᠷᠳᠣᠰ᠂ ᠪᠤᠭᠤᠲᠤ᠂ ᠬᠥᠬᠡᠬᠤᠲᠠ᠂ ᠤᠯᠠᠭᠠᠨᠴᠠᠪ᠂ ᠤᠯᠠᠭᠠᠨᠬᠠᠳᠠ᠂ ᠲᠦᠩᠯᠢᠶᠣᠣ ᠵᠡᠷᠭᠡ 7 ᠠᠶᠢᠮᠠᠭ ᠬᠤᠲᠠ ᠳᠤ ︽ᠰᠠᠭᠤᠷᠢ ᠪᠣᠷᠳᠣᠭᠤᠷ ᠦᠭᠡᠢ︾ ᠪᠠᠷ ᠪᠣᠷᠳᠣᠭᠤᠷ ᠣᠷᠣᠭᠤᠯᠬᠤ ᠮᠡᠷᠭᠡᠵᠢᠯ ᠤᠨ ᠲᠤᠷᠰᠢᠯᠲᠠ ᠶᠢ ᠪᠠᠶᠢᠷᠢᠯᠠᠭᠤᠯᠤᠨ ᠥᠷᠨᠢᠭᠦᠯᠪᠡ᠂ ᠵᠠᠭᠤᠨ ᠮᠦ ᠲᠤᠷᠰᠢᠯᠲᠠ ᠶᠢᠨ ᠣᠷᠣᠨ 10 ᠶᠢ ᠪᠠᠭᠲᠠᠭᠠᠵᠤ᠂ ᠡᠭᠦᠨ ᠳᠤ ᠡᠷᠳᠡᠨᠢ ᠰᠢᠰᠢ ᠶᠢᠨ ᠲᠤᠷᠰᠢᠯᠲᠠ ᠶᠢᠨ ᠣᠷᠣᠨ 7 ︵ᠤᠯᠠᠭᠠᠨᠴᠠᠪ 1᠂ ᠪᠠᠶᠠᠨᠨᠠᠭᠤᠷ 3᠂ ᠲᠦᠩᠯᠢᠶᠣᠣ 3︶᠂ ᠲᠥᠮᠥᠰᠥ ᠶᠢᠨ ᠲᠤᠷᠰᠢᠯᠲᠠ ᠶᠢᠨ ᠣᠷᠣᠨ 1 ︵ᠤᠯᠠᠭᠠᠨᠴᠠᠪ︶᠂ ᠨᠡᠷᠡᠨ ᠬᠤᠸᠠᠷ ᠤᠨ ᠲᠤᠷᠰᠢᠯᠲᠠ ᠶᠢᠨ ᠣᠷᠣᠨ 2 ︵ᠪᠠᠶᠠᠨᠨᠠᠭᠤᠷ︶︔ ᠮᠢᠩᠭᠠᠨ ᠮᠦ ᠶᠢᠨ ᠵᠢᠱᠢᠶ᠎ᠡ ᠦᠵᠡᠭᠦᠯᠬᠦ ᠣᠷᠣᠨ 11 ᠪᠠᠶᠢᠵᠤ᠂ ᠡᠭᠦᠨ ᠳᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠣᠷᠣᠨ 10 ︵ᠤᠯᠠᠭᠠᠨᠴᠠᠪ 1᠂ ᠬᠥᠬᠡᠬᠤᠲᠠ 1᠂ ᠤᠯᠠᠭᠠᠨᠬᠠᠳᠠ 3᠂ ᠪᠠᠶᠠᠨᠨᠠᠭᠤᠷ 3᠂ ᠣᠷᠳᠣᠰ 2︶᠂ ᠲᠥᠮᠥᠰᠥ ᠶᠢᠨ ᠵᠢᠱᠢᠶ᠎ᠡ ᠦᠵᠡᠭᠦᠯᠬᠦ ᠣᠷᠣᠨ 1 ︵ᠤᠯᠠᠭᠠᠨᠴᠠᠪ︶︔ ᠡᠷᠳᠡᠨᠢ ᠰᠢᠰᠢ ᠶᠢᠨ ᠲᠦᠮᠡᠨ ᠮᠦ ᠶᠢᠨ ᠵᠢᠱᠢᠶ᠎ᠡ ᠦᠵᠡᠭᠦᠯᠬᠦ ᠣᠷᠣᠨ 2 ︵ᠤᠯᠠᠭᠠᠨᠴᠠᠪ 1᠂ ᠪᠠᠶᠠᠨᠨᠠᠭᠤᠷ 1︶ ᠪᠣᠯᠤᠨ᠎ᠠ᠃ ᠣᠳᠣᠬᠠᠨ ᠳᠤ ᠡᠯ᠎ᠡ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠲᠠᠷᠢᠮᠠᠯ ᠤᠨ ᠤᠷᠭᠤᠴᠠ ᠨᠢ ᠴᠥᠮ ᠨᠡᠯᠢᠶᠡᠳ ᠰᠠᠶᠢᠨ ᠪᠠᠶᠢᠵᠤ᠂ ᠡᠷᠳᠡᠨᠢ ᠰᠢᠰᠢ ᠶᠢᠨ ᠶᠡᠬᠡᠩᠬᠢ ᠬᠡᠰᠡᠭ ᠨᠢ ᠮᠢᠨᠳᠠᠰᠤᠯᠠᠬᠤ ᠬᠤᠭᠤᠴᠠᠭ᠎ᠠ ᠠᠴᠠ ᠢᠳᠡᠭᠡ ᠬᠤᠷᠠᠬᠤ ᠬᠤᠭᠤᠴᠠᠭᠠᠨ ᠳᠤ ᠣᠷᠣᠰᠢᠵᠤ᠂ ᠨᠡᠷᠡᠨ ᠬᠤᠸᠠᠷ ᠴᠣᠮᠣᠷᠯᠢᠭ ᠤᠨ ᠬᠤᠭᠤᠴᠠᠭ᠎ᠠ ᠠᠴᠠ ᠴᠡᠴᠡᠭᠯᠡᠬᠦ ᠬᠤᠭᠤᠴᠠᠭᠠᠨ ᠳᠤ ᠣᠷᠣᠰᠢᠵᠤ᠂ ᠲᠥᠮᠥᠰᠥ ᠨᠢᠭᠡᠨᠲᠡ ᠴᠡᠴᠡᠭᠯᠡᠬᠦ ᠬᠤᠭᠤᠴᠠᠭᠠᠨ ᠳᠤ ᠣᠷᠣᠭᠰᠠᠨ ᠪᠠᠶᠢᠨ᠎ᠠ᠃      ᠭᠤᠷᠪᠠ᠂ ᠬᠡᠷᠡᠭᠯᠡᠭᠡᠨ ᠤ ᠦᠷ᠎ᠡ ᠪᠦᠲᠦᠮᠵᠢ      ᠲᠤᠷᠰᠢᠯᠲᠠ ᠪᠠᠷ ᠳᠠᠮᠵᠢᠭᠠᠳ ᠳᠣᠣᠷᠠᠬᠢ ᠮᠡᠲᠦ ᠦᠷ᠎ᠡ ᠪᠦᠲᠦᠮᠵᠢ ᠣᠯᠪᠠ᠄ ᠨᠢᠭᠡ ᠳᠤ ᠤᠷᠭᠤᠴᠠ ᠨᠢ ᠥᠷᠨᠢᠭᠦᠨ ᠪᠠᠶᠢᠵᠤ᠂ ᠪᠣᠷᠳᠣᠭᠤᠷ ᠣᠷᠣᠭᠤᠯᠬᠤ ᠬᠡᠮᠵᠢᠶ᠎ᠡ ᠶᠢ ᠡᠩ ᠤᠨ ᠪᠠᠶᠢᠳᠠᠯ ᠲᠠᠢ ᠨᠢᠭᠡᠳᠦᠯᠲᠡᠢ ᠪᠠᠶᠢᠯᠭᠠᠬᠤ ᠤᠷᠢᠲᠠᠯ ᠳᠣᠣᠷ᠎ᠠ᠂ ᠰᠠᠭᠤᠷᠢ ᠪᠣᠷᠳᠣᠭᠤᠷ ᠦᠭᠡᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠬᠡᠷᠡᠭᠯᠡᠭᠰᠡᠨ ᠡᠷᠳᠡᠨᠢ ᠰᠢᠰᠢ ᠶᠢᠨ ᠰᠠᠭᠤᠷᠢ ᠶᠢᠨ ᠥᠨᠳᠥᠷ᠂ ᠡᠰᠢ ᠶᠢᠨ ᠨᠢᠷᠤᠭᠤ  ᠨᠢ ᠴᠥᠮ ᠡᠩ ᠤᠨ ᠪᠣᠷᠳᠣᠭᠤᠷ ᠠᠴᠠ 7% ᠠᠴᠠ ᠳᠡᠭᠡᠭᠰᠢ ᠨᠡᠮᠡᠭᠳᠡᠪᠡ᠃ ᠬᠤᠶᠠᠷ ᠲᠤ ᠤᠨᠠᠯᠲᠠ ᠨᠢ ᠳᠡᠭᠡᠭᠰᠢᠯᠡᠪᠡ᠂ ᠰᠠᠭᠤᠷᠢ ᠪᠣᠷᠳᠣᠭᠤᠷ ᠦᠭᠡᠢ ᠮᠡᠷᠭᠡᠵᠢᠯ ᠢ ᠬᠡᠷᠡᠭᠯᠡᠭᠰᠡᠨ ᠡᠷᠳᠡᠨᠢ ᠰᠢᠰᠢ ᠶᠢᠨ ᠲᠦᠷᠦᠭᠦᠸ ᠶᠢᠨ ᠬᠤᠵᠢᠭᠢᠷ ᠦᠵᠦᠭᠦᠷ ᠤᠨ ᠦᠵᠡᠭᠳᠡᠯ ᠨᠢ ᠡᠩ ᠤᠨ ᠪᠣᠷᠳᠣᠭᠤᠷ ᠣᠷᠣᠭᠤᠯᠤᠭᠰᠠᠨ ᠠᠴᠠ ᠶᠡᠭᠡ ᠬᠡᠮᠵᠢᠶ᠎ᠡ ᠪᠠᠷ ᠪᠠᠭᠤᠷᠠᠵᠤ᠂ ᠲᠦᠷᠦᠭᠦᠸ ᠶᠢᠨ ᠮᠥᠬᠦᠯᠢᠭ ᠤᠨ ᠲᠤᠭ᠎ᠠ ᠨᠢ ᠡᠩ ᠤᠨ ᠪᠣᠷᠳᠣᠭᠤᠷ ᠣᠷᠣᠭᠤᠯᠤᠭᠰᠠᠨ ᠠᠴᠠ 9% ᠠᠴᠠ ᠳᠡᠭᠡᠭᠰᠢ ᠳᠡᠭᠡᠭᠰᠢᠯᠡᠵᠦ᠂ ᠮᠦ ᠪᠦᠷᠢ ᠶᠢᠨ ᠳᠤᠮᠳᠠᠴᠢ ᠤᠨᠠᠯᠲᠠ ᠨᠢ ᠡᠩ ᠤᠨ ᠪᠣᠷᠳᠣᠭᠤᠷ ᠣᠷᠣᠭᠤᠯᠤᠭᠰᠠᠨ ᠠᠴᠠ 6%~9% ᠪᠠᠷ ᠳᠡᠭᠡᠭᠰᠢᠯᠡᠵᠦ᠂ ᠬᠠᠮᠤᠭ ᠥᠨᠳᠥᠷ ᠲᠡᠭᠡᠨ 20% ᠠᠴᠠ ᠳᠡᠭᠡᠭᠰᠢ ᠪᠠᠶᠢᠳᠠᠭ᠃ ᠭᠤᠷᠪᠠ ᠳᠤ ᠪᠣᠷᠳᠤᠭᠤᠷ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠪᠡ᠂ ᠲᠤᠷᠰᠢᠯᠲᠠ ᠶᠢᠨ ᠳ᠋ᠦᠩ ᠳᠤ ᠢᠯᠡᠷᠡᠭᠦᠯᠦᠭᠰᠡᠨ ᠢᠶᠠᠷ᠂ ᠡᠩ ᠤᠨ ᠪᠣᠷᠳᠣᠭᠤᠷ ᠣᠷᠣᠭᠤᠯᠬᠤ ᠤᠨᠠᠯᠲᠠ ᠲᠠᠢ ᠦᠨᠳᠦᠰᠦᠨ ᠳᠡᠭᠡᠨ ᠠᠳᠠᠯᠢ ᠪᠠᠶᠢᠬᠤ ᠤᠷᠢᠲᠠᠯ ᠳᠣᠣᠷ᠎ᠠ᠂ ᠰᠠᠭᠤᠷᠢ ᠪᠣᠷᠳᠣᠭᠤᠷ ᠦᠭᠡᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠬᠡᠷᠡᠭᠯᠡᠪᠡᠯ ᠪᠣᠷᠳᠣᠭᠤᠷ ︵ᠴᠡᠪᠡᠷ ᠬᠡᠮᠵᠢᠶ᠎ᠡ︶ ᠢ 10%~30% ᠣᠷᠴᠢᠮ ᠠᠷᠪᠢᠯᠠᠵᠤ ᠪᠣᠯᠣᠨ᠎ᠠ᠂ ᠬᠠᠮᠤᠭ ᠤᠨ ᠥᠨᠳᠥᠷ ᠲᠡᠭᠡᠨ ᠪᠣᠷᠳᠣᠭᠤᠷ ᠢ 50% ᠠᠷᠪᠢᠯᠠᠨ᠎ᠠ᠂ ᠡᠨᠡ ᠨᠢ ᠪᠣᠷᠳᠣᠭᠤᠷ ᠠᠰᠢᠭᠯᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠰᠢᠮ᠎ᠡ ᠲᠡᠵᠢᠭᠡᠯ ᠤᠨ ᠠᠯᠳᠠᠭᠳᠠᠯ ᠢ ᠪᠠᠭᠠᠰᠬᠠᠨ᠂ ᠮᠦ ᠪᠦᠷᠢ ᠶᠢᠨ ᠳᠤᠮᠳᠠᠴᠢ ᠥᠪᠡᠷ ᠤᠨ ᠥᠷᠲᠡᠭ ᠢ 200~300 ᠲᠥᠭᠦᠷᠢᠭ ᠪᠠᠭᠠᠰᠬᠠᠵᠤ᠂ ᠥᠪᠡᠷ ᠤᠨ ᠥᠷᠲᠡᠭ ᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠠᠶᠢᠨ ᠦᠷ᠎ᠡ ᠳ᠋ᠦᠩ ᠲᠠᠢ ᠪᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号