ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠪᠤᠭᠤᠲᠤ ᠬᠤᠲᠠ ᠶᠢᠨ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠵᠤᠯᠭᠠᠯᠴᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/22
      9 ᠰᠠᠷ᠎ᠠ ᠶᠢᠨ 20  ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠢ ᠵᠣᠯᠭᠠᠭᠤᠯᠬᠤ ᠳᠤᠭᠤᠶᠢᠯᠠᠩ ᠪᠤᠭᠤᠲᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ᠂ ᠲᠦᠭᠦᠭᠡᠷᠦᠮᠵᠢᠲᠦ ᠢᠳᠡᠰᠢᠨ ᠨᠣᠭᠤᠭᠠᠨ ᠤ ᠠᠵᠤ ᠦᠢᠯᠡᠰ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠤᠯᠲᠠ ᠂ ᠲᠥᠪᠯᠡᠷᠡᠨ ᠵᠠᠯᠭᠠᠯᠳᠤᠭᠰᠠᠨ ᠨᠡᠶᠢᠭᠡᠮᠴᠢᠯᠡᠭᠰᠡᠨ ᠦᠢᠯᠡᠴᠢᠯᠡᠭᠡ᠂ ᠰᠦ ᠶᠢᠨ ᠠᠵᠤ ᠦᠢᠯᠡᠰ ᠤᠨ ᠬᠥᠭᠵᠢᠯᠲᠡ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ  ᠠᠰᠢᠭᠲᠤ ᠂ ᠲᠠᠷᠢᠶᠠᠯᠠᠩ ᠳᠤ ᠬᠤᠯᠪᠣᠭᠳᠠᠬᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠠᠵᠢᠯ ᠳᠤ ᠲᠤᠬᠠᠢ ᠶᠢᠨ ᠭᠠᠵᠠᠷ  ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠪᠤᠭᠤᠲᠤ ᠬᠤᠲᠠ ᠲᠠᠢ ᠶᠠᠷᠢᠯᠴᠠᠬᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃
1.jpg
       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠢ ᠵᠣᠯᠭᠠᠭᠤᠯᠬᠤ ᠳᠤᠭᠤᠶᠢᠯᠠᠩ ᠤᠨ ᠬᠢᠨ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 2024 ᠣᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠲᠠᠢ ᠪᠠᠨ ᠤᠶᠠᠯᠳᠤᠭᠤᠯᠤᠨ ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠪᠠ᠃
2.jpg
       ᠬᠤᠷᠠᠯ ᠠᠴᠠ ᠂ ᠡᠯ᠎ᠡ ᠱᠠᠲᠤᠨ ᠤ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠣᠭᠤᠷᠢᠨ ᠳᠤ ᠂ ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠶᠢ ᠨᠡᠮᠡᠭᠳᠡᠭᠦᠯᠬᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠠᠬᠢᠭᠤᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠶᠡᠭᠡ ᠤᠰᠤ ᠪᠠᠷ ᠨᠡᠯᠦᠩᠬᠡᠢ ᠤᠰᠤᠯᠠᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠭᠤᠣᠯᠳᠠᠯᠭ᠎ᠠ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠ ᠨᠡᠶᠢᠭᠡᠮᠴᠢᠯᠡᠭᠰᠡᠨ ᠦᠢᠯᠡᠴᠢᠯᠡᠭᠡ ᠳᠤ ᠲᠦᠰᠢᠭᠯᠡᠵᠦ ᠂ ᠭᠠᠵᠠᠷ ᠰᠢᠷᠣᠢ ᠶᠢᠨ ᠬᠡᠰᠡᠭᠯᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠭᠰᠡᠨ ᠰᠠᠭᠤᠷᠢᠨ ᠳᠡᠭᠡᠷ᠎ᠡ ᠂ ︽ ᠤᠷᠢᠳᠠᠪᠠᠷ ᠪᠠᠶᠢᠭᠤᠯᠵᠤ ᠰᠡᠭᠦᠯᠡᠷ ᠨᠢ ᠨᠥᠬᠦᠪᠦᠷᠢᠯᠡᠬᠦ ︾ ᠶᠢ ᠳᠡᠮᠵᠢᠵᠦ ᠂ ᠪᠦᠬᠦᠶᠢᠯᠡ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠢᠵᠢ ᠪᠦᠷᠢᠳᠦᠭᠦᠯᠵᠦ ᠂ ᠲᠠᠷᠢᠶᠠᠯᠠᠩ ᠤᠨ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠶᠢᠨ ᠬᠠᠮᠲᠤ᠂ ᠬᠠᠰᠢᠶᠠᠯᠠᠨ ᠲᠡᠵᠢᠭᠡᠬᠦ᠂ ᠲᠡᠵᠢᠭᠡᠯ ᠡᠪᠡᠰᠦ ᠪᠣᠷᠳᠤᠭ᠎ᠠ ᠶᠢᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ᠂ ᠢᠯᠠᠩᠭᠤᠶ᠎ᠠ ᠲᠡᠵᠢᠭᠡᠯ ᠡᠪᠡᠰᠦ ᠳᠠᠷᠢᠬᠤ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠯᠢᠰᠤ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠪᠠ ᠨᠠᠶᠢᠯᠵᠠᠭᠤᠷ ᠬᠠᠷᠭᠠᠨ᠎ᠠ ᠶᠢᠨ ᠳᠠᠷᠢᠵᠤ ᠠᠰᠢᠭᠯᠠᠬᠤ ᠶᠢ ᠬᠥᠭᠵᠢᠭᠦᠯᠵᠦ᠂ ᠡᠯ᠎ᠡ ᠵᠦᠢᠯ ᠤᠨ ᠬᠡᠷᠡᠭᠯᠡᠵᠦ ᠪᠣᠯᠬᠤ ᠡᠪᠡᠰᠦᠨ ᠤ ᠡᠬᠢ ᠪᠠᠶᠠᠯᠢᠭ ᠢ ᠠᠰᠢᠭᠯᠠᠨ ︽ ᠭᠦᠢᠴᠡᠳ ᠠᠰᠢᠭᠯᠠᠨ ︾᠂ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢ ᠬᠥᠭᠵᠢᠭᠦᠯᠬᠦ ᠳᠤ ᠲᠡᠵᠢᠭᠡᠯ ᠡᠪᠡᠰᠦ ᠪᠣᠷᠳᠤᠭ᠎ᠠ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠢ ᠃ ᠭᠤᠣᠯᠳᠠᠯᠭ᠎ᠠ ᠲᠠᠢ ᠮᠠᠯ ᠠᠵᠤ ᠠᠬᠤᠢ ᠶᠢᠨ ᠬᠤᠰᠢᠭᠤ ᠰᠢᠶᠠᠨ ᠲᠣᠭᠤᠷᠢᠭ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢ ᠤᠷᠢᠳᠠᠪᠠᠷ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ ᠥᠪᠡᠷᠲᠡᠭᠡᠨ ᠵᠠᠰᠠᠬᠤ ᠣᠷᠣᠨ ᠳᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠬᠡᠷᠡᠭᠲᠡᠢ᠃ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠬᠠᠲᠤᠨ ᠭᠤᠣᠯ ᠤᠨ ᠰᠠᠶᠢᠷᠭᠠᠯ ᠣᠷᠣᠨ ᠳᠤ ᠬᠠᠮᠠᠭᠠᠯᠠᠬᠤ ᠪᠠ ᠠᠰᠢᠭᠯᠠᠬᠤ ᠬᠤᠶᠠᠷ ᠢ ᠤᠶᠠᠯᠳᠤᠭᠤᠯᠵᠤ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠤᠩᠭᠢᠯ ᠢ ᠡᠭᠦᠳᠦᠨ ᠪᠠᠶᠢᠭᠤᠯᠵᠤ᠂ ᠬᠠᠲᠤᠨ ᠭᠤᠣᠯ ᠤᠨ ᠰᠠᠶᠢᠷᠭᠠᠯ ᠭᠡᠬᠦ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠭᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠬᠦ ᠬᠡᠷᠡᠭᠲᠡᠢ ᠃ 2023 ᠣᠨ ᠤ ᠬᠠᠭᠤᠴᠢᠨ ᠲᠦᠭᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠭᠤᠣᠯ ᠴᠣᠭᠴᠠ ᠶᠢᠨ ᠡᠭᠦᠷᠭᠡ ᠶᠢ ᠥᠨᠳᠥᠷ  ᠪᠠᠷᠢᠮᠵᠢᠶᠠᠲᠦ ᠴᠢᠨᠠᠷ ᠰᠠᠶᠢᠲᠠᠢ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠪᠦᠬᠦᠯᠢ ᠪᠠᠶᠢᠭᠤᠯᠤᠮᠵᠢ ᠶᠢᠨ ᠳᠦᠷᠢᠮ ᠤᠨ ᠥᠭᠡᠷᠡᠴᠢᠯᠡᠯᠲᠡ ᠶᠢᠨ ᠬᠡᠪ ᠵᠠᠭᠪᠤᠷ ᠢ ᠡᠭᠦᠳᠦᠨ ᠪᠠᠶᠢᠭᠤᠯᠬᠤ ᠬᠡᠷᠡᠭᠲᠡᠢ᠃ ᠡᠨᠡᠬᠦ ᠰᠠᠭᠤᠷᠢᠨ ᠳᠡᠭᠡᠷ᠎ᠡ ᠂ ᠲᠥᠬᠦᠭᠡᠷᠦᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠤᠶᠤᠨᠵᠢᠭᠤᠯᠤᠯᠲᠠ ᠲᠣᠭᠠᠵᠢᠭᠤᠯᠤᠯᠲᠠ ᠶᠢᠨ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂ ᠤᠯᠤᠰ ᠤᠨ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠲᠡᠭᠡᠭᠰᠢᠯᠡᠭᠦᠯᠦᠯᠲᠡ᠂ ᠲᠥᠬᠦᠭᠡᠷᠦᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ ᠴᠢᠷᠮᠠᠶᠢᠨ ᠣᠯᠵᠤ ᠂ ᠲᠥᠬᠦᠭᠡᠷᠦᠮᠵᠢᠲᠦ ᠲᠠᠷᠢᠶᠠᠯᠠᠩ ᠤᠨ ᠬᠡᠪᠴᠢᠶᠡᠵᠢᠭᠦᠯᠦᠯᠲᠡ ᠪᠠᠷᠢᠮᠵᠢᠶᠠᠵᠢᠭᠤᠯᠤᠯᠲᠠ ᠲᠣᠭᠠᠵᠢᠭᠤᠯᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠶᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠶᠡᠬᠡᠪᠡᠷ ᠬᠥᠭᠵᠢᠭᠦᠯᠬᠦ ᠬᠡᠷᠡᠭᠲᠡᠢ ᠃ ᠪᠤᠭᠤᠲᠤ ᠨᠢ ᠡᠯᠪᠡᠭ ᠳᠡᠯᠪᠡᠭ ᠠᠵᠤ ᠦᠢᠯᠡᠳᠪᠦᠷᠢ ᠶᠢᠨ ᠰᠠᠭᠤᠷᠢ ᠶᠢ ᠪᠠᠳᠠᠷᠠᠭᠤᠯᠵᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠵᠢᠭᠡᠬᠦ ᠰᠡᠳᠬᠢᠴᠡ ᠶᠢ ᠪᠠᠷᠢᠮᠲᠠᠯᠠᠨ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠡᠬᠢ ᠪᠠᠶᠠᠯᠢᠭ ᠢ ᠠᠭᠤᠳᠠᠯᠵᠤ᠂ ᠪᠡᠯᠡᠨ ᠵᠠᠭᠤᠰᠢ ᠂ ᠬᠤᠨᠴᠢᠷ᠂ ᠮᠣᠷᠢ᠂ ᠪᠤᠭᠤ ᠵᠡᠷᠭᠡ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠠᠵᠤ ᠦᠢᠯᠡᠰ ᠤᠨ ᠴᠤᠭᠯᠠᠷᠠᠯ ᠤᠨ ᠦᠢᠯᠡᠳᠦᠯ ᠢ ᠪᠣᠶ ᠪᠣᠯᠭᠠᠬᠤ ᠬᠡᠷᠡᠭᠲᠡᠢ᠃ ᠲᠦᠷᠦᠯ ᠵᠦᠢᠯ ᠤᠨ ᠨᠥᠭᠡᠴᠡ ᠶᠢ ᠴᠢᠩᠭᠠᠳᠬᠠᠬᠤ ᠬᠡᠷᠡᠭᠲᠡᠢ ᠃ ︽ᠬᠦᠷᠢᠶᠡᠯᠡᠩ ᠲᠣᠭᠤᠷᠢᠭ ᠤᠨ ᠰᠡᠳᠬᠢᠬᠦᠢ︾ ᠶᠢ ᠪᠣᠶ ᠪᠣᠯᠭᠠᠵᠤ᠂ ᠴᠢᠬᠤᠯᠠ ᠶᠡᠭᠡ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠬᠦᠴᠦᠨ ᠴᠢᠳᠠᠯ ᠢᠶᠠᠨ ᠲᠥᠪᠯᠡᠷᠡᠭᠦᠯᠦᠨ ᠨᠠᠩ ᠣᠯᠠᠨ ᠬᠦᠴᠦᠨ ᠵᠦᠢᠯ ᠲᠥᠪᠯᠡᠷᠡᠭᠰᠡᠨ᠂ ᠴᠢᠳᠠᠮᠵᠢ ᠪᠦᠷᠢᠨ ᠲᠡᠭᠦᠯᠳᠡᠷ᠂ ᠠᠵᠤ ᠦᠢᠯᠡᠰ ᠲᠣᠪᠣᠶᠢᠮ᠎ᠠ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ ᠠᠵᠤ ᠦᠢᠯᠡᠰ ᠤᠨ ᠲᠥᠪᠯᠡᠷᠡᠨ ᠬᠥᠭᠵᠢᠬᠦ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠡᠢ᠃ᠲᠦᠷᠦᠯ ᠵᠦᠢᠯ ᠢ ᠲᠥᠰᠥᠪᠯᠡᠨ ᠨᠥᠭᠡᠴᠡᠯᠡᠬᠦ ᠶᠢ ᠴᠢᠩᠭᠠᠳᠬᠠᠵᠤ ᠂ ᠲᠦᠷᠦᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ ᠂ ᠲᠦᠷᠦᠯ ᠵᠦᠢᠯ ᠤᠨ ᠰᠠᠭᠤᠷᠢ ᠶᠢ ᠪᠣᠳᠠᠲᠠᠶᠢᠵᠢᠭᠤᠯᠵᠤ ᠂ ᠨᠢᠭᠡ ᠪᠦᠯᠦᠭ ᠢ ᠲᠥᠯᠥᠪᠵᠢᠭᠦᠯᠵᠦ ᠂ ᠨᠢᠭᠡ ᠪᠦᠯᠦᠭ ᠢ ᠨᠥᠭᠡᠴᠡᠯᠡᠵᠦ ᠂ ᠨᠢᠭᠡ ᠪᠦᠯᠦᠭ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ︔ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠭ ᠤᠨ ᠪᠦᠷᠢᠯᠳᠦᠭᠦᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号