2023 ᠣᠨ ᠤ ᠪᠥᠬᠦ ᠣᠷᠣᠨ ᠤ ︽ᠲᠠᠷᠢᠶ᠎ᠠ ᠦᠵᠡᠵᠦ ᠦᠷ᠎ᠡ ᠰᠣᠩᠭᠤᠬᠤ︾ ᠦᠵᠡᠭᠦᠯᠭᠡ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠠᠵᠢᠯᠯᠠᠭ᠎ᠠ ᠥᠪᠥᠷ ᠮᠣᠩᠭᠤᠯ ᠤᠨ ᠲᠦᠩᠯᠢᠶᠣᠣ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/22
      ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠠᠷᠢᠮᠠᠯ ᠤᠨ ᠡᠭᠦᠯᠳᠡᠷ ᠢ ᠰᠢᠨᠡᠳᠬᠡᠨ ᠰᠣᠯᠢᠬᠤ ᠠᠯᠬᠤᠴᠠ ᠶᠢ ᠲᠦᠷᠭᠡᠳᠬᠡᠵᠦ ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ ᠂ 9 ᠰᠠᠷ᠎ᠠ ᠶᠢᠨ 21 ᠤ ᠡᠳᠦᠷ ︱ 22  ᠤᠨ ᠡᠳᠦᠷ ᠪᠣᠯᠲᠠᠯ᠎ᠠ᠂ ᠪᠦᠬᠦ ᠣᠷᠣᠨ ᠤ ︽ ᠲᠠᠷᠢᠶ᠎ᠠ ᠦᠵᠡᠵᠦ ᠦᠷ᠎ᠡ ᠰᠣᠩᠭᠤᠬᠤ ︾ ᠦᠵᠡᠭᠦᠯᠭᠡ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠠᠵᠢᠯᠯᠠᠭ᠎ᠠ ᠲᠦᠩᠯᠢᠶᠣᠣ ᠬᠤᠳᠠ ᠳᠤ ᠶᠠᠪᠤᠭᠳᠠᠪᠠ ᠃ ᠪᠥᠬᠦ ᠣᠷᠣᠨ ᠤ 12 ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠲᠥᠯᠥᠭᠡᠯᠡᠭᠴᠢ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ᠂ ᠦᠷ᠎ᠡ ᠶᠢᠨ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠠ ᠲᠠᠷᠢᠮᠠᠯ ᠤᠨ ᠲᠣᠮᠣ ᠡᠷᠦᠬᠡ ᠵᠡᠷᠭᠡ 200 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃ ᠬᠤᠷᠠᠯ ᠤᠨ ᠡᠬᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠴᠢᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
图片1.png
       ᠲᠣᠭᠤᠷᠢᠨ ᠪᠠᠶᠢᠴᠠᠭᠠᠭᠴᠢ ᠯᠢᠦ ᠶᠦᠩ ᠮᠢᠩ ᠴᠢᠬᠤᠯᠠᠴᠢᠯᠠᠬᠤ ᠳᠠᠭᠠᠨ᠂ ︽ᠲᠠᠷᠢᠶ᠎ᠠ ᠦᠵᠡᠵᠦ ᠦᠷ᠎ᠡ ᠰᠣᠩᠭᠤᠬᠤ︾ ᠨᠢ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢᠨ ᠰᠠᠶᠢᠨ ᠡᠭᠦᠯᠳᠡᠷ ᠢ ᠳᠡᠭᠡᠭᠰᠢᠯᠡᠭᠦᠯᠬᠦ ᠢᠨᠵᠧᠨᠧᠷᠢᠩ ᠤᠨ ᠴᠢᠬᠤᠯᠠ ᠭᠠᠷᠳᠠᠴᠠ ᠪᠣᠯᠤᠭᠰᠠᠨ ᠤ ᠬᠤᠪᠢ ᠳᠤ᠂ ᠬᠤᠶᠠᠷ ᠵᠢᠯ ᠤᠨ ᠲᠤᠷᠰᠢ ᠪᠠᠶᠠᠷᠯᠠᠭᠤᠰᠢᠲᠠᠢ ᠠᠮᠵᠢᠯᠲᠠ ᠣᠯᠵᠤ᠂ ᠡᠭᠦᠯᠳᠡᠷ ᠤᠨ ︽ ᠬᠤᠳᠳᠤᠭ ᠤᠨ ᠰᠥᠷᠴᠢᠯᠲᠡ ︾ ᠂ ᠲᠠᠷᠢᠶᠠᠴᠢᠳ ᠤᠨ ᠦᠷ᠎ᠡ ᠰᠣᠩᠭᠤᠬᠤ ᠳᠤ ᠬᠦᠴᠢᠷᠲᠡᠢ ᠪᠠᠶᠢᠬᠤ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠂ ︽ ᠲᠠᠷᠢᠶ᠎ᠠ ᠦᠵᠡᠵᠦ ᠦᠷ᠎ᠡ ᠰᠣᠩᠭᠤᠬᠤ ︾ ᠲᠠᠪᠴᠠᠩ ᠢ ᠦᠨᠡᠨ ᠬᠦ ︽ ᠲᠠᠷᠢᠶᠠᠴᠢᠳ ᠤᠨ ᠲᠠᠷᠢᠶ᠎ᠠ ᠦᠵᠡᠵᠦ ᠦᠷ᠎ᠡ ᠰᠣᠩᠭᠤᠬᠤ ᠲᠠᠪᠴᠠᠩ ᠂ ᠦᠷ᠎ᠡ ᠶᠢᠨ ᠠᠵᠤ ᠠᠬᠤᠶᠢᠯᠠᠯ ᠤᠨ ᠡᠭᠦᠯᠳᠡᠷ ᠤᠨ ᠮᠥᠷᠥᠶᠢᠴᠡᠭᠡᠨ ᠤ ᠲᠠᠪᠴᠠᠩ ᠂ ᠲᠠᠷᠢᠶᠠᠯᠠᠩ ᠤᠨ ᠮᠡᠷᠭᠡᠵᠢᠯᠲᠡᠨ ᠤ ᠡᠭᠦᠯᠳᠡᠷ ᠢ ᠲᠠᠨᠢᠯᠴᠠᠭᠤᠯᠬᠤ ᠦᠵᠡᠭᠦᠯᠭᠡ ᠶᠢᠨ ᠲᠠᠪᠴᠠᠩ ︾ ᠪᠣᠯᠭᠠᠨ ᠪᠠᠶᠢᠭᠤᠯᠵᠤ ᠂ ᠥᠷᠭᠡᠨ ᠤᠯᠠᠨ ᠲᠠᠷᠢᠶᠠᠴᠢᠳ ᠤᠨ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠂ ᠠᠮᠤ ᠪᠤᠳᠠᠭᠠᠨ ᠤ ᠦᠢᠯᠡᠳᠪᠦᠷᠢᠯᠡᠯ ᠳᠠᠬᠢᠨᠲᠠ ᠡᠯᠪᠡᠭ ᠬᠤᠷᠢᠶᠠᠯᠲᠠ ᠣᠯᠬᠤ ᠳᠤ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠪᠡ ᠭᠡᠪᠡ᠃ᠲᠡᠷᠡ ᠵᠢᠭᠠᠵᠤ ᠭᠠᠷᠭᠠᠭᠰᠠᠨ ᠨᠢ᠂ ᠡᠨᠡ ᠵᠢᠯ ᠥᠪᠡᠷᠲᠡᠭᠡᠨ ᠵᠠᠰᠠᠬᠤ ᠣᠷᠣᠨ ︽ᠲᠠᠷᠢᠶ᠎ᠠ ᠦᠵᠡᠵᠦ ᠦᠷ᠎ᠡ ᠰᠣᠩᠭᠤᠬᠤ︾ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠶᠢ ᠠᠬᠢᠭᠤᠯᠬᠤ ᠳᠦᠷᠢᠮ︾ ᠳᠤ ᠪᠢᠴᠢᠨ ᠣᠷᠤᠭᠤᠯᠵᠤ᠂ ︽ ᠲᠠᠷᠢᠶ᠎ᠠ ᠦᠵᠡᠵᠦ ᠦᠷ᠎ᠡ ᠰᠣᠩᠭᠤᠬᠤ ︾ ᠠᠵᠢᠯ ᠳᠤ ᠨᠡᠩ ᠶᠡᠭᠡ ᠬᠠᠷᠢᠭᠤᠴᠠᠯᠭ᠎ᠠ ᠣᠯᠭᠤᠬᠤ ᠶᠢᠨ ᠲᠥᠯᠥᠭᠡ ᠂ ᠨᠡᠩ ᠥᠨᠳᠥᠷ ᠱᠠᠭᠠᠷᠳᠠᠯᠭ᠎ᠠ ᠳᠤᠷᠠᠳᠴᠠᠢ ᠂ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠰᠢᠨ᠎ᠡ ᠡᠭᠦᠯᠳᠡᠷ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠡᠭᠦᠯᠳᠡᠷ ᠢ ᠲᠠᠨᠢᠯᠴᠠᠭᠤᠯᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ︽ ᠲᠠᠷᠢᠶ᠎ᠠ ᠦᠵᠡᠵᠦ ᠦᠷ᠎ᠡ ᠰᠣᠩᠭᠤᠬᠤ ︾ ᠶᠢ ᠡᠭᠦᠯᠳᠡᠷ ᠤᠨ ︽ ᠰᠢᠯᠭᠠᠭᠤᠷ ᠴᠢᠯᠠᠭᠤ ︾ ᠪᠠ ︽ᠡᠷᠳᠡᠮ ᠤᠨ ᠤᠷᠤᠯᠳᠤᠭᠠᠨ ᠤ ᠲᠠᠯᠠᠪᠤᠷ ︾ ᠪᠣᠯᠭᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢᠨ ᠰᠢᠯᠢᠳᠡᠭ ᠡᠭᠦᠯᠳᠡᠷ ᠤᠨ ᠭᠠᠷᠴᠠᠭᠯᠠᠯ ᠳᠤ ᠲᠠᠨᠢᠯᠴᠠᠭᠤᠯᠤᠭᠰᠠᠨ ᠡᠭᠦᠯᠳᠡᠷ ᠢ ᠨᠡᠶᠢᠲᠡᠯᠡᠵᠦ᠂ ︽ᠡᠭᠦᠯᠳᠡᠷ ᠪᠣᠶᠢᠵᠢᠭᠤᠯᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠣᠯᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠨᠡᠶᠢᠭᠡᠮᠯᠢᠭ ᠤᠨ ︽ᠦᠷ᠎ᠡ ᠶᠢᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠳᠤ ᠫᠠᠶᠢᠰᠠ ᠣᠯᠭᠤᠭᠰᠠᠨ ᠪᠥᠭᠡᠳ ︽ᠡᠭᠦᠯᠳᠡᠷ ᠪᠣᠶᠢᠵᠢᠭᠤᠯᠬᠤ ᠶᠢ ᠬᠠᠮᠲᠤᠷᠠᠨ ᠪᠣᠭᠤᠮᠲᠠ ᠰᠢᠪᠲᠤᠯᠬᠤ︾ ᠡᠭᠦᠷᠭᠡ ᠶᠢᠨ ᠪᠢᠴᠢᠭ ᠲᠤ ᠭᠠᠷ ᠤᠨ ᠥᠰᠥᠭ ᠵᠢᠷᠤᠪᠠ᠃
图片2.png
图片3.png 
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠤᠨ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠰᠦ ᠮᠢᠨ ᠯᠢ᠂ ᠲᠦᠩᠯᠢᠶᠣᠣ ᠬᠤᠲᠠ ᠶᠢᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠸᠠᠩ ᠢᠦᠢ ᠹᠧᠢ ᠲᠤᠰ ᠲᠤᠰ ᠪᠦᠬᠦ ᠣᠷᠣᠨ ᠤ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠪᠠ ᠣᠷᠣᠨ ᠪᠦᠰᠡ ᠶᠢᠨ ᠴᠢᠨᠠᠷᠲᠠᠢ ᠡᠷᠳᠡᠨᠢ ᠰᠢᠰᠢ ᠶᠢᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠨᠠᠷᠢᠨ ᠲᠠᠶᠢᠯᠪᠤᠷᠢᠯᠠᠯᠲᠠ ᠬᠢᠵᠦ ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠱᠦᠵᠢ ᠵᠠᠩ ᠵᠢᠶᠠᠨ ᠬᠤᠸᠠ ᠪᠥᠬᠦ ᠣᠷᠣᠨ ᠤ ᠡᠷᠳᠡᠨᠢ ᠰᠢᠰᠢ ᠶᠢᠨ ᠡᠭᠦᠯᠳᠡᠷ ᠪᠣᠶᠢᠵᠢᠭᠤᠯᠤᠭᠰᠠᠨ ᠪᠠᠶᠢᠳᠠᠯ ᠵᠢᠴᠢ ᠲᠦᠩᠯᠢᠶᠣᠣ ᠬᠤᠲᠠ ᠶᠢᠨ ᠡᠷᠳᠡᠨᠢ ᠰᠢᠰᠢ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠲᠠᠨᠢᠯᠴᠠᠭᠤᠯᠪᠠ᠃ ᠦᠵᠡᠭᠦᠯᠭᠡ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠨᠡᠶᠢᠭᠡᠮᠯᠢᠭ ᠠᠴᠠ ᠥᠪᠥᠷ ᠮᠣᠩᠭᠤᠯ ᠤᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠲᠠᠶᠢᠯᠤᠮᠵᠢ ᠶᠢ ᠵᠣᠬᠢᠶᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠦᠷ᠎ᠡ ᠶᠢᠨ ᠦᠢᠯᠡᠰ ᠤᠨ ᠨᠡᠷᠡᠲᠦ ᠬᠦᠨᠳᠦᠲᠦ ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯ ᠤᠨ ᠳᠡᠭᠡᠳᠦ ᠲᠠᠰ ᠤᠨ ᠬᠠᠮᠢᠶᠠᠷᠤᠭᠴᠢ ᠶᠢ ᠤᠷᠢᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠠᠰᠠᠭᠤᠨ ᠣᠨᠣᠰᠢᠯᠠᠬᠤ ᠳᠤ ᠰᠤᠳᠠᠯ ᠪᠠᠷᠢᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠡᠯ᠎ᠡ ᠠᠶᠢᠮᠠᠭ ᠬᠤᠳᠠ ᠶᠢᠨ ᠲᠥᠯᠥᠭᠡᠯᠡᠭᠴᠢᠳ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠭᠤᠷᠪᠠᠨ ᠵᠢᠯ ᠤᠨ ᠲᠤᠷᠰᠢᠬᠢ ᠦᠷ᠎ᠡ ᠪᠦᠲᠦᠮᠵᠢ ᠣᠯᠣᠭᠰᠠᠨ ᠲᠤᠬᠠᠢ ᠬᠠᠷᠢᠭᠤ ᠮᠡᠳᠡᠭᠦᠯᠦᠯᠲᠡ ᠰᠣᠯᠢᠯᠴᠠᠪᠠ ᠃
图片4.png
 
图片5.png
      ᠡᠨᠡ ᠵᠢᠯ ᠪᠣᠯ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ ᠭᠤᠷᠪᠠᠨ ᠵᠢᠯ ᠰᠠᠭᠤᠷᠢ ᠲᠠᠯᠪᠢᠬᠤ ︾ ᠶᠢᠨ ᠭᠤᠷᠪᠠᠳᠤᠭᠠᠷ ᠵᠢᠯ ᠪᠣᠯᠣᠨ᠎ᠠ ᠂ ᠲᠤᠰ ᠤᠳᠠᠭ᠎ᠠ ᠶᠢᠨ ᠠᠵᠢᠯᠯᠠᠭ᠎ᠠ ᠪᠣᠯ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠱᠠᠲᠤᠴᠢ ᠴᠢᠨᠠᠷᠲᠠᠢ ᠦᠷ᠎ᠡ ᠪᠦᠲᠦᠭᠡᠯ ᠤᠨ ᠨᠢᠭᠡ ᠤᠳᠠᠭ᠎ᠠ ᠶᠢᠨ ᠲᠥᠪᠯᠡᠷᠡᠩᠭᠦᠢ ᠦᠵᠡᠭᠦᠯᠭᠡ ᠪᠣᠯᠣᠨ᠎ᠠ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠳᠡᠭᠡᠳᠦ ᠬᠡᠮᠵᠢᠶᠡᠨ ᠤ ᠨᠤᠲᠠᠯᠠᠯᠲᠠ ᠶᠢ ᠣᠯᠵᠤ ᠂ ︽ ᠲᠠᠷᠢᠶ᠎ᠠ ᠦᠵᠡᠵᠦ ᠦᠷ᠎ᠡ ᠰᠣᠩᠭᠤᠬᠤ ︾ ᠦᠵᠡᠭᠦᠯᠭᠡ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠠᠵᠢᠯᠯᠠᠭ᠎ᠠ ᠲᠡᠭᠦᠰ ᠠᠮᠵᠢᠯᠲᠠ ᠣᠯᠣᠭᠰᠠᠨ ᠪᠠᠶᠢᠨ᠎ᠠ᠃
图片6.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号