2023 ᠣᠨ ᠤ ᠤᠯᠠᠭᠠᠨᠬᠠᠳᠠ ᠬᠤᠲᠠ ᠶᠢᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ ᠤ ᠮᠡᠳᠡᠯᠭᠡ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠪᠣᠯᠪᠠᠰᠤᠷᠠᠯ ᠤᠨ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭᠠᠨ ᠤ ᠠᠩᠬᠢ ᠶᠢ ᠲᠡᠭᠦᠰ ᠠᠮᠵᠢᠯᠲᠡ ᠲᠠᠢ ᠡᠷᠬᠢᠯᠡᠪᠡ
ᠨᠡᠶᠢᠲᠡᠯᠡᠭᠰᠡᠨ ᠴᠠᠭ᠄
2023/9/22
      9 ᠰᠠᠷ᠎ᠠ ᠶᠢᠨ 22 ᠤᠨ ᠡᠳᠦᠷ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ ᠪᠠᠷ ᠳᠡᠮᠵᠢᠨ᠂ ᠪᠥᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ 100 ᠰᠣᠷᠣᠭᠴᠢ ᠶᠢᠨ ᠬᠠᠮᠲᠤ ᠶᠢᠨ ᠣᠷᠤᠯᠴᠠᠯᠭ᠎ᠠ ᠪᠠᠷ᠂ 2023 ᠣᠨ ᠤ ᠤᠯᠠᠭᠠᠨᠬᠠᠳᠠ ᠬᠤᠲᠠ ᠶᠢᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ ᠤ ᠮᠡᠳᠡᠯᠭᠡ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠪᠣᠯᠪᠠᠰᠤᠷᠠᠯ ᠤᠨ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭᠠᠨ ᠤ ᠠᠩᠭᠢ ᠲᠡᠭᠦᠰᠪᠡ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ᠂ ᠬᠤᠲᠠ ᠶᠢᠨ ᠲᠠᠷᠢᠶᠠᠯᠠᠩ ᠤᠨ ᠮᠡᠷᠭᠡᠵᠢᠯ ᠲᠡᠯᠭᠡᠷᠡᠭᠦᠯᠬᠦ ᠰᠤᠷᠭᠠᠭᠤᠯᠢ ᠶᠢᠨ ᠵᠠᠬᠢᠷᠤᠯ ᠵᠠᠩ ᠰᠢᠶᠣᠣ ᠷᠦᠩ ᠠᠩᠭᠢ ᠲᠡᠭᠦᠰᠬᠦ ᠶᠣᠰᠣᠯᠠᠯ ᠳᠤ ᠣᠷᠣᠯᠴᠠᠵᠠᠢ᠃
图片3.png
图片4.png
图片5.png
图片6.png
       ᠪᠣᠯᠪᠠᠰᠤᠷᠠᠯ ᠤᠨ ᠠᠩᠭᠢ ᠨᠢ ︽ᠢᠨᠲ᠋ᠧᠷ ᠰᠦᠯᠵᠢᠶ᠎ᠡ +︾ ᠴᠠᠭ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠲᠤᠰᠬᠠᠢ ᠮᠡᠷᠭᠡᠵᠢᠯ ᠤᠨ ᠬᠢᠴᠢᠶᠡᠯ ᠠᠴᠠ ᠭᠠᠷᠳᠠᠵᠤ᠂ ᠲᠣᠰ ᠲᠣᠰ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠢ ᠡᠭᠦᠳᠬᠦ᠂ ᠣᠲᠣ ᠦᠶ᠎ᠡ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠬᠡᠳᠦᠨ ᠲᠠᠯ᠎ᠠ ᠪᠠᠷ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠵᠠᠩᠭᠢᠯᠠᠭ᠎ᠠ ᠶᠢᠨ ᠠᠰᠠᠭᠤᠳᠠᠯ ᠢ ᠰᠢᠨᠵᠢᠯᠡᠨ ᠰᠣᠳᠤᠯᠬᠤ ᠶᠢᠨ ᠬᠠᠮᠲᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠳᠤᠮᠳᠠ ᠥᠪᠡᠷᠲᠡᠭᠡᠨ ᠵᠠᠰᠠᠬᠤ ᠣᠷᠣᠨ ᠤ ᠳᠠᠭᠠᠭᠤᠯᠤᠭᠴᠢ ᠠᠵᠤ ᠠᠬᠤᠶᠢᠯᠠᠯ  ᠸᠧᠢ ᠼᠦᠩ ᠰᠦ ᠶᠢᠨ ᠦᠢᠯᠡᠰ ᠤᠨ ᠺᠣᠮᠫᠠᠨᠢ᠂ ᠵᠢᠦ ᠮᠦ ᠡᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠹᠧᠩ ᠷᠦᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳ᠋ᠠ ᠵᠥᠩ ᠭᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠵᠡᠷᠭᠡ ᠬᠤᠶᠠᠷ ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠨᠡᠶᠢᠲᠡᠯᠢᠭ ᠠᠵᠤ ᠠᠬᠤᠶᠢᠯᠠᠯ ᠢ ᠲᠣᠭᠤᠷᠢᠨ ᠦᠵᠡᠬᠦ ᠂ ᠡᠭᠦᠨ ᠤ ᠬᠠᠮᠲᠤ ᠪᠦᠬᠦ ᠤᠯᠤᠰ ᠤᠨ ᠪᠣᠯᠪᠠᠰᠤᠨ ᠲᠣᠰᠬᠤᠨ ︱ ᠵᠢᠶᠠᠨ ᠴᠠᠩ ᠶᠢᠩ ᠲᠣᠰᠬᠤᠨ ᠂ ᠬᠤᠸᠠ ᠰᠢᠶᠠᠩ ᠬᠦ᠋ ᠵᠡᠷᠭᠡ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠭᠠᠵᠠᠷ ᠣᠷᠣᠨ ᠢ ᠲᠣᠭᠤᠷᠢᠨ ᠦᠵᠡᠬᠦ ᠶᠢ ᠠᠭᠤᠰᠤᠯᠴᠠᠭᠤᠯᠤᠨ ᠂ ᠰᠤᠷᠤᠭᠴᠢᠳ ᠢ ᠤᠨᠤᠯ ᠰᠤᠷᠤᠯᠴᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠠᠷᠠᠭ᠎ᠠ ᠶᠢ ᠥᠷᠭᠡᠳᠬᠡᠵᠦ ᠂ ᠤᠨᠤᠯ ᠪᠣᠯᠣᠨ ᠦᠢᠯᠡᠳᠦᠯᠭᠡ ᠶᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠵᠣᠷᠢᠯᠭ᠎ᠠ ᠳᠤ ᠬᠦᠷᠭᠡᠪᠡ ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠳ ᠪᠣᠯ ᠦᠨᠳᠦᠰᠦᠨ ᠱᠠᠲᠤᠨ ᠤ ᠮᠠᠯᠴᠢᠨ ᠲᠠᠷᠢᠶᠠᠴᠢᠳ ᠲᠤ ᠦᠢᠯᠡᠴᠢᠯᠡᠬᠦ ᠬᠤᠰᠢᠭᠤᠴᠢ ᠠᠩᠭᠢ ᠪᠣᠯᠣᠨ᠎ᠠ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠶᠢ ᠠᠬᠢᠭᠤᠯᠬᠤ ᠭᠤᠣᠯ ᠬᠦᠴᠦᠨ ᠮᠥᠨ ᠃ ᠰᠤᠷᠤᠭᠴᠢᠳ ᠲᠤᠰ ᠬᠤᠭᠤᠴᠠᠭᠠᠨ ᠤ ᠪᠣᠯᠪᠠᠰᠤᠷᠠᠯ ᠤᠨ ᠠᠩᠭᠢ ᠪᠠᠷ ᠡᠬᠢᠯᠡᠯᠲᠡ ᠶᠢᠨ ᠴᠡᠭ ᠪᠣᠯᠭᠠᠵᠤ ᠂ ᠡᠭᠦᠷᠭᠡ ᠬᠠᠷᠢᠭᠤᠴᠠᠯᠭ᠎ᠠ ᠪᠣᠯᠣᠨ ᠳᠠᠭᠠᠭᠠᠨ ᠡᠭᠦᠷᠭᠡᠯᠡᠯ ᠢᠶᠠᠨ ᠳᠡᠭᠡᠭᠰᠢᠯᠡᠭᠦᠯᠬᠦ ᠶᠢᠨ ᠬᠠᠮᠲᠤ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯ ᠪᠣᠯᠣᠨ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠭᠦᠷ ᠪᠣᠯᠭᠠᠨ ᠬᠤᠪᠢᠷᠠᠭᠤᠯᠵᠤ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠣᠯᠣᠨ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号