ᠣᠶᠢᠷ᠎ᠠ ᠳᠤ ᠂ ᠥᠪᠥᠷ ᠮᠣᠩᠭᠤᠯ ᠤᠨ ᠪᠠᠷᠠᠭᠤᠨ ᠣᠷᠣᠨ ᠤ ᠯᠠᠵᠤᠤ ᠶᠢᠨ ᠠᠵᠤ ᠦᠢᠯᠡᠰ ᠤᠨ ᠶᠡᠭᠡ ᠬᠤᠷᠠᠯ | ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠬᠤᠷᠠᠯᠳᠤᠵᠤ ᠂ ᠪᠦᠭᠦ ᠤᠯᠤᠰ ᠤᠨ ᠡᠯ᠎ᠡ ᠭᠠᠵᠠᠷ ᠤᠨ | 300 ᠭᠠᠷᠤᠢ ᠨᠠᠷᠠᠲᠤ ᠲᠤᠰᠬᠠᠢ ᠮᠡᠷᠭᠡᠵᠢᠯᠲᠡᠨ ᠡᠷᠳᠡᠮᠲᠡᠨ ᠂ ᠠᠵᠤ ᠠᠬᠤᠶᠢᠯᠠᠯ ᠬᠢᠭᠡᠳ ᠲᠠᠷᠢᠮᠠᠯ ᠤᠨ ᠲᠣᠮᠣ | ᠡᠷᠦᠭᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠬᠰᠠᠨ ᠪᠥᠭᠡᠳ ᠥᠪᠥᠷ ᠮᠣᠩᠭᠤᠯ ᠤᠨ ᠪᠠᠷᠠᠭᠤᠨ ᠣᠷᠣᠨ ᠤ | ᠯᠠᠵᠤᠤ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠫᠠᠶᠢᠰᠠ ᠶᠢ ᠰᠡᠬᠦᠪᠡ ᠃ | ᠯᠠᠵᠤᠤ ᠪᠣᠯ ᠠᠮᠲᠠ ᠣᠷᠣᠭᠤᠯᠬᠤ ᠡᠳ᠋ ᠤᠨ ᠲᠠᠷᠢᠮᠠᠯ ᠮᠥᠨ ᠂ ᠮᠠᠨ ᠤ ᠤᠯᠤᠰ ᠤᠨ ᠯᠠᠵᠤᠤ ᠳᠠᠷᠢᠬᠤ ᠲᠠᠯᠠᠪᠠᠶ | ᠪᠠ ᠭᠠᠷᠤᠯᠲᠠ ᠨᠢ ᠳᠡᠯᠡᠬᠡᠢ ᠳᠤ ᠲᠡᠷᠢᠭᠦᠯᠡᠵᠦ ᠂ ᠶᠡᠷᠦᠩᠬᠡᠢ ᠳᠠᠷᠢᠬᠤ ᠬᠡᠪᠴᠢᠶ᠎ᠡ ᠨᠢ ᠪᠠᠷᠤᠭ 3221 ᠲᠦᠮᠡᠨ ᠮᠦ | ᠪᠠᠶᠢᠵᠤ ᠂ ᠪᠦᠭᠦ ᠤᠯᠤᠰ ᠤᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢᠨ 9.28% ᠶᠢ ᠡᠵᠡᠯᠡᠵᠦ ᠪᠠᠶᠢᠨ᠎ᠠ ᠃ | ᠡᠭᠦᠨ ᠳᠤ ᠂ ᠮᠠᠨ ᠤ ᠣᠷᠣᠨ ᠤ ᠲᠠᠷᠢᠬᠤ ᠲᠠᠯᠠᠪᠠᠶ 100 ᠲᠦᠮᠡᠨ ᠮᠦ ᠣᠷᠴᠢᠮ ᠪᠠᠶᠢᠵᠤ ᠂ ᠵᠢᠯ ᠤᠨ ᠦᠢᠯᠡᠳᠬᠦᠨ ᠤ | ᠥᠷᠲᠡᠭ ᠨᠢ 35 - 45 ᠳ᠋ᠦᠩᠰᠢᠭᠤᠷ ᠲᠥᠭᠦᠷᠢᠭ ᠲᠤ ᠬᠦᠷᠴᠦ ᠂ ᠮᠥᠨ ᠴᠦ ᠪᠦᠭᠦ ᠣᠷᠣᠨ ᠤ ᠲᠠᠷᠢᠬᠤ | ᠲᠠᠯᠠᠪᠠᠶ ᠪᠠᠷ ᠬᠠᠮᠤᠭ ᠤᠨ ᠶᠡᠭᠡ ᠢᠳᠡᠰᠢᠨ ᠨᠣᠭᠤᠭ᠎ᠠ ᠶᠢᠨ ᠲᠠᠷᠢᠮᠠᠯ ᠪᠠᠶᠢᠵᠤ ᠂ ᠭᠤᠣᠯᠳᠠᠭᠤ ᠲᠦᠩᠯᠢᠶᠣᠣ ᠂ | ᠪᠠᠶᠠᠨᠨᠠᠭᠤᠷ ᠂ ᠤᠯᠠᠭᠠᠨᠬᠠᠳᠠ ᠂ ᠭᠦᠭᠡᠬᠤᠲᠠ ᠂ ᠪᠤᠭᠤᠲᠤ ᠂ ᠣᠷᠳᠣᠰ ᠵᠡᠷᠭᠡ ᠭᠠᠵᠠᠷ ᠲᠤ ᠲᠠᠷᠬᠠᠵᠤ ᠪᠤᠶ ᠃ | ᠲᠠᠨᠢᠯᠴᠠᠭᠤᠯᠤᠭᠰᠠᠨ ᠢᠶᠠᠷ ᠂ ᠮᠠᠨ ᠤ ᠣᠷᠣᠨ ᠤ ᠠᠭᠤᠷ ᠠᠮᠢᠰᠬᠤᠯ ᠰᠡᠷᠢᠭᠦᠨ ᠪᠥᠭᠡᠳ ᠭᠠᠩ ᠬᠠᠭᠤᠷᠠᠢ ᠂ | ᠨᠡᠷᠡᠨ ᠤ ᠲᠤᠰᠤᠯᠲᠠ ᠶᠢᠨ ᠴᠠᠭ ᠣᠷᠳᠣ ᠂ ᠲᠠᠷᠢᠶᠠᠨ ᠭᠠᠵᠠᠷ ᠬᠠᠷᠢᠴᠠᠩᠭᠤᠢ ᠲᠡᠭᠰᠢ ᠲᠥᠪᠯᠡᠷᠡᠩᠭᠦᠢ ᠪᠣᠯᠬᠤᠷ ᠯᠠᠵᠤᠤ | ᠲᠠᠷᠢᠬᠤ ᠳᠤ ᠲᠣᠬᠢᠷᠠᠨ᠎ᠠ ᠃ ᠯᠠᠵᠤᠤ ᠶᠢᠨ ᠲᠥᠷᠥᠯ ᠵᠦᠢᠯ ᠣᠯᠠᠨ ᠂ ᠡᠳ᠋ᠰᠢᠭᠦᠯᠦᠨ ᠪᠣᠷᠣᠯᠠᠭᠤᠯᠬᠤ ᠬᠠᠷᠢᠴᠠᠯ ᠶᠡᠭᠡ ᠂ | ᠭᠠᠳᠠᠭᠰᠢ ᠪᠣᠷᠣᠯᠠᠭᠤᠯᠬᠤ ᠬᠠᠷᠢᠴᠠᠯ ᠶᠡᠭᠡ ᠵᠡᠷᠭᠡ ᠣᠨᠴᠠᠯᠢᠭ ᠠᠴᠠ ᠪᠣᠯᠵᠤ ᠂ ᠯᠠᠵᠤᠤ ᠶᠢᠨ ᠠᠵᠤ ᠦᠢᠯᠡᠰ ᠤᠳᠤ | ᠨᠢᠭᠡᠴᠢ ᠤᠨᠠᠯᠲᠠ ᠥᠨᠳᠥᠷ ᠂ ᠶᠠᠰᠤ ᠴᠢᠨᠠᠷ ᠰᠢᠯᠢᠳᠡᠭ ᠂ ᠬᠡᠪᠴᠢᠶᠡᠵᠢᠭᠦᠯᠦᠨ ᠳᠠᠷᠢᠬᠤ ᠪᠠ ᠠᠵᠤ ᠦᠢᠯᠡᠰᠵᠢᠭᠦᠯᠦᠨ | ᠬᠥᠭᠵᠢᠭᠦᠯᠬᠦ ᠳᠤ ᠲᠥᠭᠦᠮ ᠂ ᠣᠷᠣᠨ ᠪᠦᠰᠡ ᠶᠢᠨ ᠦᠢᠯᠡᠳᠪᠦᠷᠢᠯᠡᠯ ᠤᠨ ᠣᠨᠴᠠᠯᠢᠭ ᠲᠠᠢ ᠵᠡᠷᠭᠡ ᠥᠪᠡᠷᠮᠢᠴᠡ | ᠳᠠᠪᠠᠭᠤᠯᠢᠭ ᠲᠠᠢ ᠪᠣᠯᠤᠭᠰᠠᠨ ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ ᠮᠠᠨ ᠤ ᠣᠷᠣᠨ ᠰᠢᠨ᠎ᠡ ᠰᠢᠯᠢᠳᠡᠭ | ᠡᠭᠦᠯᠳᠡᠷ ᠤᠨ ᠡᠳ᠋ᠰᠢᠭᠦᠯᠦᠨ ᠪᠣᠷᠣᠯᠠᠭᠤᠯᠬᠤ ᠯᠠᠵᠤᠤ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠳᠬᠠᠵᠤ ᠂ | ᠡᠷᠴᠢᠮᠵᠢᠭᠦᠯᠦᠨ ᠴᠢᠬᠢ ᠪᠣᠶᠢᠵᠢᠭᠤᠯᠬᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ ᠂ ᠰᠢᠨ᠎ᠡ ᠰᠢᠯᠢᠳᠡᠭ | ᠡᠭᠦᠯᠳᠡᠷ ᠢ ᠲᠦᠷᠭᠡᠨ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ ᠂ ᠬᠠᠳᠠᠭᠠᠯᠠᠬᠤ ᠪᠠ ᠭᠦᠨᠵᠡᠭᠡᠢ ᠡᠳ᠋ᠰᠢᠭᠦᠯᠬᠦ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠵᠦ ᠂ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭ ᠪᠠ ᠪᠦᠲᠦᠭᠡᠭᠳᠡᠬᠦᠨ ᠤ | ᠨᠠᠷᠠᠲᠤ ᠲᠥᠷᠥᠯ ᠲᠡᠮᠳᠡᠭ ᠤᠨ ᠤᠬᠠᠭᠤᠯᠭ᠎ᠠ ᠶᠢ ᠰᠠᠶᠢᠲᠤᠷ ᠬᠢᠵᠦ ᠂ ᠮᠠᠨ ᠤ ᠣᠷᠣᠨ ᠤ ᠯᠠᠵᠤᠤ ᠶᠢᠨ ᠠᠵᠤ | ᠦᠢᠯᠡᠰ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠬᠤ ᠪᠣᠯᠣᠨ᠎ᠠ ᠃ | |