ᠮᠠᠨ ᠤ ᠣᠷᠣᠨ ᠤ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/9/22
      ᠲᠠᠪᠤᠨ ᠳᠠᠷᠢᠶ᠎ᠠ ᠪᠣᠯᠪᠠᠰᠤᠷᠠᠨ ᠰᠢᠮ᠎ᠡ ᠪᠦᠷᠢᠳᠦᠭᠡᠳ ᠬᠤᠷᠢᠶᠠᠯᠲᠠ ᠠᠪᠬᠤ ᠴᠠᠭ ᠪᠣᠯᠵᠤ ᠂ ᠪᠦᠭᠦ ᠣᠷᠣᠨ ᠤ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠡᠬᠢᠯᠡᠯ᠎ᠡ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ ᠂ 9 ᠰᠠᠷ᠎ᠠ  ᠶᠢᠨ 17 ᠤ ᠡᠳᠦᠷ ᠪᠤᠯᠲᠠᠯ᠎ᠠ ᠮᠠᠨ ᠤ ᠣᠷᠣᠨ ᠤ ᠠᠮᠤ ᠪᠤᠳᠠᠭᠠᠨ ᠤ ᠬᠤᠷᠢᠶᠠᠯᠲᠠ ᠶᠢᠨ ᠠᠬᠢᠴᠠ ᠨᠢᠭᠡᠨᠲᠡ 10% ᠰᠢᠬᠠᠮ ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.7 ᠬᠤᠪᠢ ᠲᠦᠷᠭᠡᠨ ᠪᠤᠯᠪᠠ ︔ ᠲᠣᠰᠣᠯᠢᠭ ᠲᠠᠷᠢᠮᠠᠯ ᠤᠨ ᠬᠤᠷᠢᠶᠠᠯᠲᠠ 17.6% ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠮᠥᠨ ᠬᠦ ᠲᠦᠷᠭᠡᠨ ᠪᠣᠯᠤᠭᠰᠠᠨ ᠪᠠᠶᠢᠨ᠎ᠠ ᠃      ᠡᠨᠡ ᠵᠢᠯ ᠪᠦᠭᠦ ᠣᠷᠣᠨ ᠤ ᠡᠷᠳᠡᠨᠢ ᠰᠢᠰᠢ ᠂ ᠰᠢᠷ᠎ᠠ ᠪᠤᠷᠴᠠᠭ ᠂ ᠲᠥᠮᠥᠰᠥ ᠂ ᠤᠰᠤᠨ ᠲᠤᠲᠤᠷᠭ᠎ᠠ ᠵᠡᠷᠭᠡ ᠠᠮᠤ ᠪᠤᠳᠠᠭ᠎ᠠ ᠳᠠᠷᠢᠭᠰᠠᠨ ᠳᠠᠯᠠᠪᠠᠢ ᠦᠷᠭᠦᠯᠵᠢᠯᠡᠨ 1 ᠳ᠋ᠦᠩᠰᠢᠭᠤᠷ ᠮᠦ ᠶᠢ ᠳᠠᠪᠠᠵᠤ ᠂ ᠨᠢᠳᠤᠨᠤᠨ ᠤ ᠬᠢ ᠠᠴᠠ 36 ᠲᠦᠮᠡᠨ ᠮᠦ ᠨᠡᠮᠡᠭᠳᠡᠪᠡ ᠃ ᠬᠠᠮᠤᠭ ᠤᠨ ᠰᠢᠨ᠎ᠡ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ ᠂ ᠮᠠᠨ ᠤ ᠣᠷᠣᠨ ᠤ ᠪᠤᠭᠤᠳᠠᠢ ᠶᠢᠨ ᠬᠤᠷᠢᠶᠠᠯᠲᠠ ᠶᠢᠨ ᠠᠬᠢᠴᠠ 80% ᠶᠢ ᠳᠠᠪᠠᠵᠤ ᠨᠢᠭᠡᠨᠲᠡ ᠰᠢᠪᠲᠤᠷᠠᠭᠠᠨ ᠳᠠᠭᠠᠨ ᠣᠷᠣᠪᠠ ︔ ᠡᠷᠳᠡᠨᠢ ᠰᠢᠰᠢ ᠶᠢ ᠡᠬᠢᠯᠡᠨ ᠬᠤᠷᠢᠶᠠᠵᠤ ᠂ ᠨᠢᠭᠡᠨᠲᠡ 160 ᠲᠦᠮᠡ ᠭᠠᠷᠤᠢ ᠮᠦ ᠡᠷᠳᠡᠨᠢ ᠰᠢᠰᠢ ᠶᠢ ᠬᠤᠷᠢᠶᠠᠪᠠ ︔ ᠲᠥᠮᠥᠰᠥ ᠶᠢᠨ ᠬᠤᠷᠢᠶᠠᠯᠲᠠ 50% ᠶᠢ ᠳᠠᠪᠠᠵᠤ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 3.3 ᠬᠤᠪᠢ ᠲᠦᠷᠭᠡᠨ ᠪᠣᠯᠪᠠ ︔ ᠡᠯᠳᠡᠪ ᠠᠮᠤ ᠡᠯᠳᠡᠪ ᠪᠤᠷᠴᠠᠭ ᠤᠨ ᠬᠤᠷᠢᠶᠠᠯᠲᠠ 200 ᠲᠦᠮᠡᠨ ᠮᠦ ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 4.3 ᠬᠤᠪᠢ ᠲᠦᠷᠭᠡᠨ ᠪᠣᠯᠪᠠ ︔ ᠰᠢᠷ᠎ᠠ ᠪᠤᠷᠴᠠᠭ ᠂ ᠤᠰᠤᠨ ᠲᠤᠲᠤᠷᠭ᠎ᠠ ᠂ ᠨᠠᠷᠠᠨ ᠬᠤᠸᠠᠷ ᠢ ᠨᠢᠭᠡᠨᠲᠡ ᠡᠬᠢᠯᠡᠨ ᠬᠤᠷᠢᠶᠠᠵᠤ ᠂ ᠰᠢᠯᠢᠮᠳᠡᠭ ᠤᠨ ᠬᠤᠷᠢᠶᠠᠯᠲᠠ ᠶᠢᠨ ᠠᠬᠢᠴᠠ 50% ᠰᠢᠬᠠᠮ ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠲᠡᠩᠴᠡᠵᠦ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号