ᠪᠥᠬᠦ ᠣᠷᠣᠨ ᠤ 2023 ᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠲᠤᠬᠠᠢ ᠶᠢᠨ ᠲᠠᠯᠠᠪᠤᠷ ᠤᠨ ᠬᠤᠷᠠᠯ ᠬᠥᠯᠥᠨ ᠪᠤᠶᠢᠷ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/24
      9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠲᠣᠪᠴᠢᠶ᠎ᠠ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠠᠢ ᠬᠠᠮᠲᠤᠷᠠᠨ᠂ ᠪᠥᠬᠦ ᠣᠷᠣᠨ ᠤ 2023 ᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠴᠢᠤᠸᠠᠨ ᠬᠤᠷᠠᠯ ᠢ ᠡᠷᠭᠢᠯᠡᠪᠡ᠃ 
11.jpg
       ᠲᠤᠬᠠᠢ ᠶᠢᠨ ᠲᠠᠯᠠᠪᠤᠷ ᠤᠨ ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠬᠠᠢ ᠶᠢᠨ ᠲᠠᠯᠠᠪᠤᠷ ᠲᠤ ᠠᠷᠤᠨ ᠬᠤᠰᠢᠭᠤᠨ ᠤ ︽ ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ ︾  ᠶᠢᠨ ᠵᠠᠭᠪᠤᠷ ᠢ ᠲᠣᠭᠤᠷᠢᠨ ᠦᠵᠡᠪᠡ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠪᠦᠲᠦᠭᠡᠭᠳᠡᠬᠦᠨ ᠤ ᠭᠠᠷᠲᠠᠴᠠ ᠂ 10 ᠶᠡᠭᠡ ᠰᠢᠨ᠎ᠡ ᠶᠢ ᠡᠭᠦᠳᠬᠦ ᠵᠠᠭᠪᠤᠷ ᠪᠠ 10 ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠭᠰᠡᠨ ᠪᠥᠭᠡᠳ ᠱᠠᠩᠨᠠᠯ ᠣᠯᠣᠭᠰᠠᠨ ᠨᠢᠭᠡᠴᠢ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠲᠦᠩᠯᠢᠶᠣᠣ᠂ ᠪᠠᠶᠠᠨᠨᠠᠭᠤᠷ᠂ ᠠᠷᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ 5 ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠵᠢᠴᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠥᠯᠥᠭᠡᠯᠡᠭᠴᠢ ᠲᠤᠰ ᠪᠦᠷᠢ ᠥᠪᠡᠷ ᠤᠨ ᠬᠠᠷᠠᠭᠠᠰᠤ ᠠᠴᠠ ᠪᠠᠨ ᠶᠠᠷᠢᠶ᠎ᠠ ᠲᠠᠯᠪᠢᠪᠠ᠃ 
22.jpg
       ᠬᠤᠷᠠᠯ ᠠᠴᠠ ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠶᠠᠪᠤᠴᠠ ᠳᠠᠬᠢ ᠮᠥᠩᠭᠦᠨ ᠭᠦᠢᠯᠭᠡᠭᠡᠨ ᠤ ᠬᠤᠪᠢ ᠶᠢᠨ ᠵᠢᠩ ᠲᠤᠶᠢᠯ ᠤᠨ ᠬᠦᠨᠳᠦ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠰᠠᠶᠢᠲᠤᠷ ᠪᠠᠶᠢᠭᠤᠯᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠡᠷᠬᠡᠪᠰᠢ ᠮᠥᠩᠭᠦᠨ ᠭᠦᠢᠯᠭᠡᠭᠡ ᠳᠠᠭᠠᠳᠬᠠᠯ ᠤᠨ ᠬᠦᠴᠦᠨ ᠳᠤ ᠰᠠᠶᠢᠲᠤᠷ ᠲᠦᠰᠢᠭᠯᠡᠬᠦ ᠬᠡᠷᠡᠭᠲᠡᠢ ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ︽ ᠵᠠᠪᠠᠯ ᠬᠢᠬᠦ ᠂ ᠦᠢᠯᠡᠰ ᠪᠦᠲᠦᠭᠡᠬᠦ ᠂ ᠦᠢᠯᠡᠰ ᠪᠦᠲᠦᠭᠡᠵᠦ ᠪᠣᠯᠬᠤ ︾ ︽ ᠭᠤᠷᠪᠠᠨ ᠦᠷᠭᠡᠴᠡ︾ ᠠᠴᠠ ᠪᠣᠳᠣᠯᠬᠢᠯᠠᠨ ᠂ ᠮᠥᠩᠭᠦᠨ ᠭᠦᠢᠯᠭᠡᠭᠡᠨ ᠪᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
33.jpg
       ᠬᠤᠷᠠᠯ ᠠᠴᠠ ᠴᠢᠬᠤᠯᠠᠴᠢᠯᠠᠭᠰᠠᠨ ᠨᠢ ᠂ ᠠᠰᠠᠭᠤᠳᠠᠯ ᠢ ᠣᠨᠣᠪᠴᠢᠲᠠᠢ ᠡᠷᠢᠵᠦ ᠣᠯᠬᠤ ᠲᠠᠯ᠎ᠠ ᠪᠠᠷ ᠬᠦᠴᠦᠯᠡᠬᠦ ᠬᠡᠷᠡᠭᠲᠡᠢ ᠂ ︽ ᠵᠢᠭᠡᠯᠡᠯᠭᠡ ᠣᠯᠬᠤ ᠳᠤ ᠬᠦᠴᠢᠷᠲᠡᠢ ᠂ ᠵᠢᠭᠡᠯᠡᠯᠭᠡ ᠤᠳᠠᠭᠠᠨ᠂ ᠵᠢᠭᠡᠯᠡᠯᠭᠡ ᠦᠨᠡᠲᠡᠢ ︾ ᠂ ︽ ᠬᠠᠮᠤᠷᠬᠤ ᠬᠡᠪᠴᠢᠶ᠎ᠡ ᠪᠠᠭ᠎ᠠ ︾ ᠂ ︽ ᠲᠦᠷᠦᠯ ᠵᠦᠢᠯ ᠪᠠᠭ᠎ᠠ ︾ ᠂ ︽ ᠪᠠᠷᠢᠮᠵᠢᠶ᠎ᠠ ᠳᠣᠣᠷ᠎ᠠ ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠬᠦᠷᠢᠶ᠎ᠡ ᠴᠠᠷᠠᠭ᠎ᠠ ᠪᠠᠨ ᠣᠨᠣᠪᠴᠢᠲᠠᠢ ᠡᠷᠢᠵᠦ ᠣᠯᠬᠤ ᠳᠡᠭᠡᠷ᠎ᠡ ᠬᠦᠴᠦᠯᠡᠵᠦ ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠣᠭᠲᠠᠭᠠᠵᠤ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠵᠥᠪ ᠵᠠᠮ  ᠢ ᠣᠨᠣᠪᠴᠢᠲᠠᠢ ᠡᠷᠢᠵᠦ ᠣᠯᠬᠤ ᠳᠡᠭᠡᠷ᠎ᠡ ᠬᠦᠴᠦᠯᠡᠬᠦ ᠬᠡᠷᠡᠭᠲᠡᠢ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠭᠠᠭᠠᠯᠲᠠ ᠬᠢᠬᠦ᠂ ᠳᠠᠮ ᠬᠦᠦ ᠥᠭᠬᠦ᠂ ᠱᠠᠩᠨᠠᠵᠤ ᠨᠥᠬᠦᠪᠦᠷᠢᠯᠡᠬᠦ᠂ ᠠᠶᠤᠯ ᠲᠦᠭᠰᠢᠭᠦᠷᠢ ᠶᠢᠨ ᠨᠥᠬᠦᠪᠦᠷᠢ ᠥᠭᠬᠦ᠂ ᠰᠠᠭᠤᠷᠢ ᠮᠥᠩᠭᠦ ᠪᠠᠶᠢᠭᠤᠯᠬᠤ ᠵᠡᠷᠭᠡ ᠡᠯ᠎ᠡ ᠵᠦᠢᠯ ᠤᠨ ᠠᠷᠭ᠎ᠠ ᠮᠠᠶ᠋ᠢᠭ ᠢ ᠠᠪᠴᠤ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠣᠷᠣᠭᠤᠯᠤᠯᠲᠠ ᠶᠢ ᠳᠠᠶᠢᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠬᠥᠭᠵᠢᠭᠡᠨ᠂ ᠮᠥᠩᠭᠦᠨ ᠭᠦᠢᠯᠭᠡᠭᠡᠨ ᠤ ᠳᠠᠭᠠᠳᠬᠠᠯ ᠪᠠ ᠨᠡᠶᠢᠭᠡᠮ ᠤᠨ ᠬᠥᠷᠥᠩᠭᠡ ᠶᠢ ᠲᠡᠳᠡᠨ ᠣᠷᠣᠭᠤᠯᠵᠤ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠳᠤ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠠᠮᠲᠤᠪᠠᠷ ᠡᠭᠦᠷᠯᠡᠵᠦ ᠂ ᠬᠠᠮᠲᠤᠷᠠᠯᠴᠠᠨ ᠬᠥᠭᠵᠢᠵᠦ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠬᠡᠷᠡᠭᠲᠡᠢ ᠃ ᠮᠥᠩᠭᠦᠨ ᠭᠦᠢᠯᠭᠡᠭᠡᠨ ᠳᠠᠭᠠᠳᠬᠠᠯ ᠤᠨ ᠰᠠᠯᠠᠭ᠎ᠠ ᠮᠥᠴᠢᠷ ᠤᠳ ᠵᠢᠭᠡᠯᠡᠯᠭᠡ ᠶᠢᠨ ᠳᠠᠭᠠᠭᠠᠯᠲᠠ ᠶᠢᠨ ᠪᠣᠳᠠᠰ ᠤᠨ ᠬᠡᠪᠴᠢᠶ᠎ᠡ ᠶᠢ ᠥᠷᠭᠡᠳᠬᠡᠬᠦ ᠶᠢ ᠰᠦᠪᠡᠭᠴᠢᠯᠡᠵᠦ ᠂ ᠲᠠᠷᠢᠶᠠᠯᠠᠩ ᠤᠨ ᠮᠠᠰᠢᠨ ᠪᠠᠭᠠᠵᠢ ᠂ ᠮᠠᠯ ᠤᠨ ᠠᠮᠢᠳᠤ ᠪᠡᠶ᠎ᠡ ᠂ ᠬᠠᠰᠢᠶ᠎ᠠ ᠰᠠᠷᠠᠪᠴᠢ ᠤᠨ ᠲᠦᠭᠦᠭᠡᠷᠦᠮᠵᠢ ᠵᠡᠷᠭᠡ ᠶᠢ ᠬᠡᠪᠴᠢᠶᠡᠨ ᠳᠤ ᠣᠷᠣᠭᠤᠯᠬᠤ ᠶᠢᠨ ᠬᠠᠮᠲᠤ ᠲᠡᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ ᠂ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠬᠡᠷᠡᠭᠲᠡᠢ ᠃ ᠦᠨ᠎ᠡ ᠬᠠᠩᠰᠢ ᠶᠢᠨ ᠳᠠᠭᠠᠳᠬᠠᠯ᠂ ᠣᠷᠣᠯᠭ᠎ᠠ ᠶᠢᠨ ᠳᠠᠭᠠᠳᠬᠠᠯ ᠵᠢᠴᠢ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠦᠷᠭᠦᠯᠵᠢᠯᠡᠨ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠬᠠᠨᠳᠤᠭᠤᠯᠤᠭᠰᠠᠨ ᠮᠥᠩᠭᠦᠨ ᠭᠦᠢᠯᠭᠡᠭᠡᠨ ᠤ ᠳᠠᠭᠠᠳᠬᠠᠯ ᠤᠨ ᠪᠦᠲᠦᠭᠡᠭᠳᠡᠬᠦᠨ ᠢ ᠲᠤᠭ᠎ᠠ ᠬᠡᠮᠵᠢᠶ᠎ᠡ ᠲᠠᠢ᠂ ᠨᠠᠩ ᠶᠠᠰᠤ ᠴᠢᠨᠠᠷ ᠲᠠᠢ ᠪᠣᠯᠭᠠᠬᠤ ᠬᠡᠷᠡᠭᠲᠡᠢ ᠭᠡᠪᠡ ᠃ 
44.png
       ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ︽ᠮᠥᠩᠭᠦᠨ ᠭᠦᠢᠯᠭᠡᠭᠡ ᠶᠢᠨ ᠳᠠᠭᠠᠳᠬᠠᠯ ᠢ ᠶᠡᠬᠡᠪᠡᠷ ᠠᠳᠬᠤᠬᠤ︾ ᠦᠵᠡᠯᠲᠡ ᠶᠢ ᠪᠣᠶ ᠪᠣᠯᠭᠠᠬᠤ ᠬᠡᠷᠡᠭᠲᠡᠢ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠠᠵᠢᠯ ᠶᠢᠨ ︽ᠠᠬᠢᠭᠤᠯᠤᠭᠴᠢ︾᠂ ᠮᠥᠩᠭᠦᠨ ᠭᠦᠢᠯᠭᠡᠭᠡ ᠶᠢᠨ ᠳᠠᠭᠠᠳᠬᠠᠯ ᠤᠨ ᠪᠠᠶᠢᠭᠤᠯᠤᠮᠵᠢ ᠶᠢᠨ ︽ᠬᠤᠯᠪᠣᠭᠠᠴᠢᠨ︾᠂ ᠮᠠᠯᠴᠢᠨ ᠲᠠᠷᠢᠶᠠᠴᠢᠨ ᠤ ︽ᠦᠢᠯᠡᠴᠢᠯᠡᠭᠴᠢ︾ ᠶᠢ ᠰᠠᠶᠢᠲᠤᠷ ᠬᠢᠵᠦ᠂ ᠮᠥᠩᠭᠦᠨ ᠭᠦᠢᠯᠭᠡᠭᠡ ᠶᠢᠨ ᠳᠠᠭᠠᠳᠬᠠᠯ ᠤᠨ ᠳᠡᠮᠵᠢᠯᠭᠡ ᠳᠣᠣᠷ᠎ᠠ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ︽ᠫᠧᠩᠰᠡᠲᠦ ᠦᠵᠡᠮᠵᠢ ᠶᠢ ᠣᠶ ᠰᠢᠭᠤᠢ ᠪᠣᠯᠭᠠᠬᠤ︾ ᠦᠵᠡᠯᠲᠡ ᠶᠢ ᠪᠣᠶ ᠪᠣᠯᠭᠠᠬᠤ ᠬᠡᠷᠡᠭᠲᠡᠢ᠂ ᠬᠡᠪ ᠵᠠᠭᠪᠤᠷ ᠪᠠ ᠰᠠᠶᠢᠨ ᠦᠢᠯᠡᠳᠬᠦᠨ ᠢ ᠰᠤᠳᠤᠯᠤᠨ ᠰᠢᠨ᠎ᠡ ᠶᠢ ᠡᠭᠦᠳᠴᠦ᠂ ︽ᠮᠥᠩᠭᠦᠨ ᠭᠦᠢᠯᠭᠡᠭᠡᠨ ᠤ ᠳᠡᠳ᠋ ᠲᠤᠰᠬᠤᠨ ᠳᠠᠷᠤᠭ᠎ᠠ︾ ᠵᠡᠷᠭᠡ ᠪᠣᠯᠪᠠᠰᠤᠷᠠᠩᠭᠤᠢ᠂ ᠪᠥᠬᠦ ᠲᠠᠯ᠎ᠠ ᠪᠠᠷ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ︽ᠮᠥᠩᠭᠦᠨ ᠭᠦᠢᠯᠭᠡᠭᠡᠨ ᠤ ᠳᠡᠳ᠋ ᠲᠤᠰᠬᠤᠨ ᠳᠠᠷᠤᠭ᠎ᠠ︾ ᠶᠢᠨ ᠡᠭᠦᠷᠭᠡ ᠬᠠᠷᠠᠯᠲᠠ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠦᠵᠡᠯᠲᠡ ᠶᠢ ᠪᠤᠶ ᠪᠣᠯᠭᠠᠬᠤ ᠬᠡᠷᠡᠭᠲᠡᠢ᠂ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠲᠥᠷᠥᠯ ᠵᠦᠢᠯ ᠤᠨ ᠬᠥᠮᠥᠷᠭᠡ ᠶᠢ ᠰᠠᠶᠢᠲᠤᠷ ᠪᠠᠶᠢᠭᠤᠯᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠳᠤᠮᠳᠠ ᠣᠷᠳᠣ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠯᠡ ᠮᠥᠩᠭᠦ ᠶᠢᠨ ᠬᠡᠷᠡᠭᠵᠢᠭᠦᠯᠦᠯᠲᠡ ᠪᠠ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠪᠡᠯᠡ ᠮᠥᠩᠭᠦ ᠶᠢᠨ ᠠᠶᠤᠯᠭᠦᠢ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠶᠢ ᠦᠨᠡᠨᠬᠦ ᠪᠠᠲᠤᠯᠠᠵᠤ᠂ ︽ᠶᠡᠭᠡ ᠬᠦᠷᠢᠶᠡᠯᠡᠩ ᠲᠣᠭᠤᠷᠢᠭ︾ ᠤᠨ ᠰᠡᠳᠬᠢᠮᠵᠢ ᠪᠠᠷ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠣᠶ ᠪᠣᠯᠭᠠᠬᠤ ᠬᠡᠷᠡᠭᠲᠡᠢ ᠭᠡᠪᠡ᠃ 
55.png
       ᠬᠤᠷᠠᠯ ᠠᠴᠠ ᠂ ᠡᠯ᠎ᠡ ᠱᠠᠲᠤᠨ ᠤ ᠪᠠᠩᠬᠢ ᠂ ᠳᠠᠭᠠᠳᠬᠠᠯ ᠤᠨ ᠪᠠᠶᠢᠭᠤᠯᠤᠮᠵᠢ ᠶᠢᠨ ᠬᠢᠨ ᠰᠡᠳᠬᠢᠴᠡ ᠶᠢᠨ ᠰᠢᠨ᠎ᠡ ᠶᠢ ᠡᠭᠦᠳᠴᠦ ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠂ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠪᠠᠨ ᠴᠢᠩᠭᠠᠳᠬᠠᠵᠤ ᠂ ᠠᠮᠤ ᠪᠤᠳᠠᠭ᠎ᠠ ᠵᠡᠷᠭᠡ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠪᠣᠯᠣᠨ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠬᠦ ᠶᠢ ᠪᠠᠲᠤᠯᠠᠬᠤ ᠭᠤᠣᠯ ᠡᠭᠦᠷᠭᠡ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠤᠷᠤᠭᠰᠢᠯᠠᠨ ᠳᠠᠪᠰᠢᠵᠤ ᠂ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠃ ᠮᠠᠯᠵᠢᠬᠤ ᠲᠠᠷᠢᠶᠠᠯᠠᠬᠤ ᠣᠷᠣᠨ ᠳᠤ ᠣᠶᠢᠷᠠᠲᠤᠨ ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠠᠪᠠᠭᠤᠯᠢᠭ ᠢ ᠣᠶᠢᠯᠠᠭᠠᠵᠤ᠂ ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ᠂ ᠶᠠᠪᠤᠴᠠ ᠂ ᠠᠶᠤᠯ ᠲᠦᠭᠰᠢᠭᠦᠷᠢ ᠶᠢ ᠡᠵᠡᠮᠳᠡᠬᠦ ᠵᠡᠷᠭᠡ ᠲᠠᠯ᠎ᠠ ᠠᠴᠠ ᠭᠠᠷᠳᠠᠵᠤ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠣᠨᠴᠠᠯᠢᠭ ᠲᠤ ᠨᠡᠶᠢᠴᠡᠬᠦ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠢ ᠨᠡᠭᠡᠭᠡᠨ ᠬᠥᠭᠵᠢᠭᠦᠯᠵᠦ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ᠂ ᠲᠢᠩᠬᠢᠮ ᠤᠨ ᠬᠠᠷᠢᠶᠠᠲᠤ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号