1. ᠬᠤᠨᠢᠨ ᠰᠠᠷᠠᠪᠴᠢ ᠶᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠬᠤᠨᠢᠨ ᠤ ᠬᠠᠰᠢᠶ᠎ᠠ ᠰᠠᠷᠠᠪᠴᠢ᠂ | ᠬᠠᠰᠢᠶ᠎ᠠ ᠶᠢ ᠠᠭᠤᠵᠢᠮ ᠪᠠᠶᠢᠯᠭᠠᠵᠤ᠂ ᠰᠠᠯᠬᠢ ᠵᠢᠪᠠᠷ ᠰᠠᠶᠢᠨ ᠨᠠᠪᠲᠠᠷᠡᠭᠦᠯᠵᠦ᠂ ᠲᠡᠵᠢᠭᠡᠯ ᠤᠨ ᠣᠩᠭᠤᠴᠠ᠂ ᠤᠰᠤ | ᠤᠮᠳᠠᠭᠠᠨ ᠤ ᠭᠠᠵᠠᠷ ᠲᠤ ᠰᠡᠷᠢᠭᠦᠨ ᠰᠠᠷᠠᠪᠴᠢ ᠪᠣᠰᠬᠠᠬᠤ ᠪᠤᠶᠤ ᠮᠣᠳᠣ ᠪᠠᠷ ᠨᠠᠷᠠ ᠶᠢ ᠬᠠᠯᠬᠠᠯᠠᠵᠤ᠂ ᠣᠷᠴᠢᠨ | ᠲᠣᠭᠤᠷᠢᠨ ᠤ ᠬᠡᠳᠦ ᠬᠠᠯᠠᠭᠤᠨ ᠢ ᠠᠯᠢ ᠴᠢᠳᠠᠬᠤ ᠪᠠᠷ ᠰᠡᠷᠭᠡᠶᠢᠯᠡᠬᠦ ᠬᠡᠷᠡᠭᠲᠡᠢ᠃ | 2. ᠨᠢᠭᠲᠠᠴᠠ ᠶᠢ ᠰᠠᠶᠢᠲᠤᠷ ᠡᠵᠡᠮᠳᠡᠬᠦ ᠬᠡᠷᠡᠭᠲᠡᠢ᠃ ᠠᠭᠤᠷ ᠠᠮᠢᠰᠬᠤᠯ ᠬᠡᠳᠦᠢ ᠬᠠᠯᠠᠭᠤᠨ ᠪᠣᠯ ᠬᠤᠨᠢ | ᠢᠮᠠᠭ᠎ᠠ ᠲᠡᠳᠦᠢ ᠣᠪᠣᠭᠠᠷᠠᠬᠤ ᠳᠤᠷᠠᠲᠠᠢ᠃ ᠬᠡᠷᠪᠡ ᠬᠤᠨᠢᠨ ᠤ ᠰᠦᠷᠦᠭ ᠤᠨ ᠨᠢᠭᠲᠠᠴᠠ ᠨᠢ ᠬᠡᠲᠦᠷᠬᠡᠢ ᠶᠡᠭᠡ᠂ | ᠬᠠᠷᠢᠯᠴᠠᠨ ᠰᠢᠬᠠᠯᠳᠤᠪᠠᠯ᠂ ᠪᠦᠭᠴᠢᠮ᠎ᠡ ᠬᠠᠯᠠᠭᠤᠨ ᠠᠴᠠ ᠪᠣᠯᠵᠤ ᠨᠠᠷᠠᠰᠢᠭᠠᠳ ᠦᠬᠦᠳᠡᠭ᠃ ᠡᠶᠢᠮᠦ ᠠᠴᠠ ᠨᠢᠭᠲᠠᠴᠠ | ᠨᠢ ᠬᠡᠲᠦᠷᠬᠡᠢ ᠶᠡᠭᠡ ᠬᠤᠨᠢᠨ ᠤ ᠰᠦᠷᠦᠭ ᠢ ᠵᠣᠬᠢᠬᠤ ᠬᠡᠮᠵᠢᠶ᠎ᠡ ᠪᠠᠷ ᠰᠠᠯᠭᠠᠬᠤ ᠬᠡᠷᠡᠭᠲᠡᠢ᠃ | 3. ᠮᠠᠯ ᠬᠠᠷᠢᠭᠤᠯᠬᠤ ᠠᠵᠢᠯ ᠢ ᠰᠠᠶᠢᠨ ᠬᠢᠬᠦ ᠬᠡᠷᠡᠭᠲᠡᠢ᠃ ᠵᠤᠨ ᠤ ᠤᠯᠠᠷᠢᠯ ᠳᠤ ᠬᠤᠨᠢ ᠬᠠᠷᠢᠭᠤᠯᠬᠤ ᠳᠠᠭᠠᠨ | ᠦᠳᠡ ᠶᠢᠨ ᠡᠮᠦᠨ᠎ᠡ ᠡᠷᠲᠡ ᠭᠠᠷᠴᠤ ᠡᠷᠲᠡ ᠪᠤᠴᠠᠬᠤ ᠬᠡᠷᠡᠭᠲᠡᠢ᠂ ᠦᠳᠡ ᠶᠢᠨ ᠬᠤᠶᠢᠨ᠎ᠠ ᠣᠷᠣᠢ ᠭᠠᠷᠴᠤ ᠣᠷᠣᠢ | ᠪᠤᠴᠠᠬᠤ ᠬᠡᠷᠡᠭᠲᠡᠢ᠂ ᠬᠠᠷᠢᠭᠤᠯᠬᠤ ᠳᠠᠭᠠᠨ ᠴᠢᠳᠠᠬᠤ ᠶᠢᠨ ᠳᠣᠲᠣᠷ᠎ᠠ ᠨᠡᠷᠡᠨ ᠤ ᠭᠡᠷᠡᠯ ᠤᠨ ᠲᠤᠰᠤᠯᠲᠠ ᠪᠠᠷ ᠨᠡᠯᠢᠶᠡᠳ | ᠪᠠᠭᠤᠷᠠᠢ ᠰᠡᠭᠦᠳᠡᠷ ᠭᠠᠵᠠᠷ ᠢ ᠰᠣᠩᠭᠤᠵᠤ᠂ ᠨᠡᠷᠡᠨ ᠤ ᠡᠭᠴᠡ ᠲᠤᠰᠤᠯᠲᠠ ᠶᠢᠨ ᠴᠠᠭ ᠢ ᠦᠭᠡᠶᠢᠰᠬᠡᠬᠦ ᠪᠤᠶᠤ | ᠪᠣᠭᠤᠨᠢᠰᠬᠠᠬᠤ ᠬᠡᠷᠡᠭᠲᠡᠢ᠃ ᠦᠳᠡ ᠳᠤ ᠮᠠᠯᠵᠢᠬᠤ ᠶᠢ ᠴᠢᠩᠭ᠎ᠠ ᠴᠠᠭᠠᠵᠠᠯᠠᠵᠤ᠂ ᠨᠥᠬᠦᠴᠡᠯ ᠲᠠᠢ ᠭᠠᠵᠠᠷ ᠲᠤ ᠪᠠᠰᠠ | ᠰᠥᠨᠢ ᠮᠠᠯᠵᠢᠵᠤ ᠪᠣᠯᠣᠨ᠎ᠠ᠃ | 4. ᠬᠦᠢᠲᠡᠨ ᠤᠰᠤ ᠶᠢ ᠰᠠᠶᠢᠨ ᠬᠡᠷᠡᠭᠯᠡᠬᠦ ᠬᠡᠷᠡᠭᠲᠡᠢ᠃ ᠥᠨᠳᠥᠷ ᠳᠤᠯᠠᠭᠠᠨ ᠤ ᠤᠯᠠᠷᠢᠯ ᠳᠤ ᠬᠤᠨᠢᠨ ᠤ | ᠬᠡᠷᠡᠭᠰᠡᠬᠦ ᠤᠰᠤᠨ ᠤ ᠬᠡᠮᠵᠢᠶ᠎ᠡ ᠶᠡᠭᠡ᠂ ᠡᠳᠦᠷ ᠪᠦᠷᠢ ᠠᠳᠠᠭ ᠲᠠᠭᠠᠨ 4 ᠤᠳᠠᠭ᠎ᠠ ᠤᠰᠤ ᠤᠤᠭᠤᠨ᠎ᠠ᠂ | ᠣᠨᠴᠠᠭᠠᠶᠢᠯᠠᠨ ᠮᠠᠯ ᠬᠠᠷᠢᠭᠤᠯᠬᠤ ᠠᠴᠠ ᠡᠮᠦᠨ᠎ᠡ ᠪᠠ ᠬᠠᠷᠢᠵᠤ ᠢᠷᠡᠭᠰᠡᠨ ᠤ ᠳᠠᠷᠠᠭ᠎ᠠ ᠡᠷᠬᠡᠪᠰᠢ ᠲᠤᠰ ᠪᠦᠷᠢ ᠨᠢᠭᠡ | ᠤᠳᠠᠭ᠎ᠠ ᠤᠰᠤ ᠤᠤᠭᠤᠯᠭᠠᠬᠤ ᠬᠡᠷᠡᠭᠲᠡᠢ᠃ ᠬᠡᠷᠪᠡ ᠬᠤᠨᠢ ᠴᠢᠨᠢ ᠶᠡᠭᠡ ᠬᠦᠯᠦᠷᠡᠭᠰᠡᠨ ᠪᠠᠶᠢᠪᠠᠯ ᠵᠣᠬᠢᠬᠤ | ᠬᠡᠮᠵᠢᠶᠡᠨ ᠤ ᠳᠠᠪᠤᠰᠤ ᠨᠡᠮᠡᠵᠦ ᠪᠣᠯᠣᠨ᠎ᠠ᠃ ᠬᠤᠨᠢᠨ ᠤ ᠪᠡᠶ᠎ᠡ ᠶᠢ ᠦᠷᠭᠦᠯᠵᠢ ᠤᠬᠢᠶᠠᠵᠤ ᠥᠭᠬᠦ ᠬᠡᠷᠡᠭᠲᠡᠢ᠂ ᠪᠡᠶ᠎ᠡ | ᠤᠬᠢᠶᠠᠬᠤ ᠨᠥᠬᠦᠴᠡᠯ ᠦᠭᠡᠢ ᠦᠶ᠎ᠡ ᠳᠤ ᠪᠠᠰᠠ ᠦᠷᠭᠦᠯᠵᠢ ᠬᠦᠢᠲᠡᠨ ᠤᠰᠤ ᠰᠦᠷᠴᠢᠵᠦ ᠬᠠᠯᠠᠭᠤᠨ ᠢ ᠨᠢ | ᠪᠠᠭᠤᠷᠠᠭᠤᠯᠬᠤ ᠬᠡᠷᠡᠭᠲᠡᠢ᠃ | 5. ᠲᠡᠭᠡᠭᠡᠪᠦᠷᠢ ᠶᠢᠨ ᠠᠵᠢᠯ ᠢ ᠰᠠᠶᠢᠨ ᠬᠢᠬᠦ ᠬᠡᠷᠡᠭᠲᠡᠢ᠃ ᠬᠤᠨᠢ ᠶᠢ ᠵᠥᠭᠡᠭᠡᠪᠦᠷᠢᠯᠡᠬᠦ ᠳᠡᠭᠡᠨ ᠠᠭᠠᠭᠢᠮ᠎ᠠ | ᠬᠠᠯᠠᠭᠤᠨ ᠵᠤᠨ ᠤ ᠴᠠᠭ ᠲᠤ ᠬᠤᠨᠢ ᠶᠢ ᠬᠤᠯᠠ ᠵᠥᠭᠡᠭᠡᠪᠦᠷᠢᠯᠡᠬᠦ ᠠᠴᠠ ᠵᠠᠶᠢᠯᠠᠰᠬᠢᠬᠦ ᠬᠡᠷᠡᠭᠲᠡᠢ᠃ | | | | |