ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠬᠦ ᠵᠢᠴᠢ ᠬᠤᠵᠢᠷᠯᠢᠭ ᠭᠠᠵᠠᠷ ᠤᠨ ᠡᠬᠢ ᠪᠠᠶᠠᠯᠢᠭ ᠢ ᠲᠦᠷᠭᠡᠨ ᠣᠶᠢᠯᠠᠭᠠᠬᠤ ᠠᠵᠢᠯ ᠢ ᠲᠦᠯᠬᠢᠨ ᠠᠬᠢᠭᠤᠯᠬᠤ ᠸᠢᠳᠢᠤ᠋ ᠬᠤᠷᠠᠯ ᠳᠤ ᠵᠣᠬᠢᠶᠠᠨ ᠪᠠᠶᠢᠭᠤᠯᠤᠨ ᠣᠷᠣᠯᠴᠠᠪᠠ
ᠨᠡᠶᠢᠲᠡᠯᠡᠭᠰᠡᠨ ᠴᠠᠭ᠄
2023/9/25
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢ ᠥᠷᠨᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ᠂ ᠬᠥᠷᠥᠰᠥ ᠰᠢᠷᠣᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠪᠠ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠢ ᠣᠶᠢᠯᠠᠭᠠᠬᠤ ᠶᠢ ᠲᠦᠷᠭᠡᠳᠬᠡᠨ ᠠᠬᠢᠭᠤᠯᠬᠤ ᠶᠢᠨ ᠲᠦᠯᠦᠭᠡ ᠂ 9 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠬᠦ ᠵᠢᠴᠢ ᠬᠤᠵᠢᠷᠯᠢᠭ ᠭᠠᠵᠠᠷ ᠤᠨ ᠡᠬᠢ ᠪᠠᠶᠠᠯᠢᠭ ᠢ ᠲᠣᠳᠣᠷᠬᠠᠢ ᠣᠶᠢᠯᠠᠭᠠᠬᠤ ᠠᠵᠢᠯ ᠢ ᠠᠬᠢᠭᠤᠯᠬᠤ ᠸᠢᠳᠢᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠵᠠᠢ᠂ ᠪᠠᠶᠠᠨᠨᠠᠭᠤᠷ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠬᠤᠳᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠪᠣᠯᠣᠨ ᠡᠯ᠎ᠡ ᠡᠭᠦᠷᠭᠡ ᠭᠦᠢᠴᠡᠳᠬᠡᠬᠦ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ︵ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︶  ᠶᠢᠨ ᠲᠣᠪᠴᠢᠶ᠎ᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ ᠃
图片11.png
 
图片22.png
      ᠬᠤᠷᠠᠯ ᠠᠴᠠ ᠬᠥᠷᠥᠰᠥ ᠰᠢᠷᠣᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠷᠰᠢᠯᠲᠠ ᠶᠢᠨ ᠦᠷ᠎ᠡ ᠪᠦᠲᠦᠭᠡᠯ ᠪᠣᠯᠣᠨ ᠲᠤᠷᠰᠢᠯᠭ᠎ᠠ ᠂ ᠨᠡᠶᠢᠳᠡᠮ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠬᠦ ᠱᠠᠲᠤᠨ ᠤ ᠠᠵᠢᠯ ᠤᠨ ᠠᠬᠢᠴᠠ ᠂ ᠬᠤᠵᠢᠷᠯᠢᠭ ᠭᠠᠵᠠᠷ ᠵᠡᠷᠭᠡ ᠲᠤᠰᠬᠠᠢ ᠰᠡᠳᠦᠪᠲᠦ ᠪᠠᠶᠢᠴᠠᠭᠠᠯᠲᠠ ᠶᠢᠨ ᠠᠬᠢᠴᠠ ᠶᠢ ᠳ᠋ᠦᠩᠨᠡᠨ ᠰᠣᠯᠢᠯᠴᠠᠪᠠ ᠂ ᠱᠠᠲᠤ ᠦᠶ᠎ᠡ ᠶᠢᠨ ᠠᠵᠢᠯ ᠤᠨ ᠲᠠᠰ ᠳᠠᠪᠬᠤᠷᠭ᠎ᠠ ᠪᠠ ᠮᠡᠷᠭᠡᠵᠢᠯ ᠤᠨ ᠲᠠᠰ ᠳᠠᠪᠬᠤᠷᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠭᠠᠵᠠᠷ ᠤᠨ ᠡᠨᠡ ᠵᠢᠯ ᠤᠨ ᠭᠠᠳᠠᠷ ᠠᠵᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠴᠣᠩᠬᠤᠨ ᠤ ᠬᠤᠭᠤᠴᠠᠭ᠎ᠠ ᠶᠢ ᠠᠮᠵᠢᠨ ᠠᠳᠬᠤᠬᠤ ᠶᠢ ᠲᠦᠯᠬᠢᠨ ᠠᠬᠢᠭᠤᠯᠵᠤ᠂ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠠᠵᠢᠯ ᠢ ᠲᠦᠷᠭᠡᠳᠬᠡᠨ᠂ ᠠᠵᠢᠯ ᠤᠨ ᠠᠬᠢᠴᠠ ᠪᠠ ᠶᠠᠰᠤ ᠴᠢᠨᠠᠷ ᠤᠨ ᠱᠠᠭᠠᠷᠳᠠᠯᠭ᠎ᠠ ᠶᠢ ᠦᠨᠡᠨ ᠬᠦ ᠪᠠᠲᠤᠯᠠᠪᠠ᠃      ᠬᠤᠷᠠᠯ ᠠᠴᠠ ᠂ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠪᠣᠯ ᠡᠯ᠎ᠡ ᠭᠠᠵᠠᠷ ᠤᠨ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠡᠷᠬᠡᠪᠰᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠠᠲᠠᠭᠤ ᠡᠭᠦᠷᠭᠡ ᠪᠣᠯᠣᠨ᠎ᠠ ᠃ ᠨᠢᠭᠡ ᠳᠤ 2024 ᠣᠨ ᠤ ᠪᠠᠶᠢᠴᠠᠭᠠᠯᠲᠠ ᠶᠢᠨ ᠦᠯᠢᠬᠡᠷ ᠴᠡᠭ ᠪᠠᠶᠢᠷᠢᠯᠠᠭᠤᠯᠬᠤ ᠠᠵᠢᠯ ᠢ ᠲᠦᠷᠭᠡᠨ ᠠᠬᠢᠭᠤᠯᠵᠤ ᠂ ᠣᠨᠴᠠᠭᠠᠶᠢᠯᠠᠨ ᠨᠤᠲᠤᠭ ᠤᠨ ᠣᠨᠴᠠ ᠭᠠᠷᠤᠯᠲᠠ ᠶᠢᠨ ᠲᠠᠷᠢᠮᠠᠯ ᠤᠨ ᠣᠷᠣᠨ ᠪᠦᠰᠡ ᠶᠢᠨ ᠦᠯᠢᠬᠡᠷ ᠴᠡᠭ ᠪᠠᠶᠢᠷᠢᠯᠠᠭᠤᠯᠬᠤ ᠪᠠ ᠨᠤᠲᠠᠯᠠᠨ ᠲᠣᠭᠲᠠᠭᠠᠬᠤ ᠳᠤ ᠨᠤᠲᠤᠭ ᠤᠨ ᠣᠨᠴᠠ ᠭᠠᠷᠤᠯᠲᠠ ᠶᠢᠨ ᠶᠠᠰᠤ ᠴᠢᠨᠠᠷ ᠢ ᠨᠥᠯᠥᠭᠡᠯᠡᠬᠦ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠡᠯᠧᠮᠧᠨ᠋ᠲ ᠤᠨ ᠭᠦᠢᠴᠡᠳᠬᠡᠯ ᠲᠤᠭ᠎ᠠ ᠶᠢ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠪᠠᠶᠢᠴᠠᠭᠠᠨ ᠬᠡᠮᠵᠢᠬᠦ ᠭᠦᠢᠴᠡᠳᠬᠡᠯ ᠲᠤᠭ᠎ᠠ ᠳᠤ ᠨᠡᠮᠡᠵᠦ ᠣᠷᠣᠭᠤᠯᠬᠤ ᠬᠡᠷᠡᠭᠲᠡᠢ ︔ ᠬᠤᠶᠠᠷ ᠲᠤ ᠡᠯ᠎ᠡ ᠭᠠᠵᠠᠷ ᠤᠨ ᠬᠢᠨ ᠭᠠᠳᠠᠭᠠᠳᠤ ᠦᠢᠯᠡᠰ ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠮᠡᠷᠭᠡᠵᠢᠯ ᠤᠨ ᠵᠢᠯᠣᠭᠤᠳᠤᠯᠭ᠎ᠠ ᠪᠠ ᠶᠠᠰᠤ ᠴᠢᠨᠠᠷ ᠤᠨ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠵᠤ ᠂ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠦᠯᠢᠭᠡᠷ ᠡᠳ᠋ ᠠᠪᠬᠤ ᠠᠵᠢᠯ ᠢ ᠬᠢᠵᠦ ᠂ ᠦᠯᠢᠭᠡᠷ ᠡᠳ᠋ ᠠᠪᠬᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠂ ᠡᠨᠡ ᠨᠠᠮᠤᠷ ᠢᠷᠡᠬᠦ ᠬᠠᠪᠤᠷ ᠤᠨ ᠴᠣᠩᠬᠤᠨ ᠤ ᠬᠤᠭᠤᠴᠠᠭ᠎ᠠ ᠶᠢ ᠠᠮᠵᠢᠨ ᠠᠳᠬᠤᠵᠤ ᠂ ᠡᠨᠡ ᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠲᠦᠷᠭᠡᠳᠬᠡᠬᠦ ᠬᠡᠷᠡᠭᠲᠡᠢ ︔ ᠭᠤᠷᠪᠠ ᠳᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠪᠠ ᠨᠡᠪᠲᠡᠷᠡᠯᠴᠡᠭᠡ ᠶᠢ ᠴᠢᠩᠭᠠᠳᠬᠠᠨ᠂ ᠭᠠᠳᠠᠷ ᠠᠵᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ᠂ ᠥᠯᠢᠭᠡᠷ ᠡᠳ᠋ ᠢ ᠰᠢᠯᠵᠢᠭᠦᠯᠦᠨ ᠲᠡᠭᠡᠭᠡᠪᠦᠷᠢᠯᠡᠵᠦ ᠦᠢᠯᠡᠳᠬᠦ ᠪᠠ ᠬᠦᠷᠦᠰᠦ ᠰᠢᠷᠣᠢ ᠶᠢᠨ ᠥᠯᠢᠭᠡᠷ ᠡᠳ᠋ ᠢ ᠪᠠᠶᠢᠴᠠᠭᠠᠨ ᠰᠢᠯᠭᠠᠵᠤ ᠰᠢᠨᠵᠢᠯᠡᠨ ᠰᠢᠯᠭᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ ᠪᠣᠯᠣᠨ ᠲᠤᠰᠬᠠᠢ ᠬᠡᠷᠡᠭᠵᠢᠭᠦᠯᠬᠦ ᠲᠥᠰᠥᠯ ᠢ ᠰᠤᠳᠤᠯᠤᠨ ᠨᠠᠶᠢᠷᠠᠭᠤᠯᠬᠤ ᠬᠡᠷᠡᠭᠲᠡᠢ ᠃ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠵᠤ ᠲᠥᠷᠥᠯ ᠬᠤᠪᠢᠶᠠᠨ ᠥᠷᠨᠢᠭᠦᠯᠵᠦ᠂ ᠬᠤᠵᠢᠷᠯᠢᠭ ᠭᠠᠵᠠᠷ ᠤᠨ ᠡᠬᠢ ᠪᠠᠶᠠᠯᠢᠭ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠰᠢᠭᠯᠠᠬᠤ ᠬᠡᠷᠡᠭᠲᠡᠢ ᠃ ᠨᠢᠭᠡ ᠳᠤ ᠭᠤᠣᠯᠳᠠᠯᠭ᠎ᠠ ᠲᠠᠢ ᠣᠷᠣᠨ ᠪᠦᠰᠡ ᠶᠢᠨ ᠬᠤᠵᠢᠷᠯᠢᠭ ᠭᠠᠵᠠᠷ ᠤᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠪᠡᠶᠡᠯᠡᠭᠦᠯᠵᠦ᠂ ᠣᠲᠣ ᠶᠢᠨ ᠪᠠᠶᠢᠭ᠎ᠠ ᠵᠠᠰᠠᠬᠤ ᠰᠠᠭᠤᠷᠢ ᠶᠢ ᠭᠦᠢᠴᠡᠳ ᠠᠰᠢᠭᠯᠠᠨ᠂ ᠥᠩᠭᠡᠷᠡᠭᠰᠡᠨ ᠤ ᠡᠯ᠎ᠡ ᠲᠥᠷᠥᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠲᠣᠰ ᠣᠷᠣᠨ ᠪᠦᠰᠡ ᠶᠢᠨ ᠳᠣᠲᠣᠷᠠᠬᠢ ᠬᠤᠵᠢᠷᠯᠢᠭ ᠭᠠᠵᠠᠷ ᠤᠨ ᠣᠳᠣᠬᠢ ᠪᠠᠶᠢᠳᠠᠯ ᠵᠢᠴᠢ ᠵᠠᠰᠠᠭᠰᠠᠨ ᠪᠠᠶᠢᠳᠠᠯ ᠢ ᠡᠮᠬᠢᠯᠡᠨ ᠵᠠᠳᠠᠯᠵᠤ᠂ ᠬᠤᠵᠢᠷᠯᠢᠭ ᠭᠠᠵᠠᠷ ᠢ ᠵᠠᠰᠠᠬᠤ ᠡᠭᠦᠷᠭᠡ ᠶᠢᠨ ᠬᠠᠷᠠᠯᠲᠠ ᠶᠢ ᠵᠦᠢ ᠵᠣᠬᠢᠰᠲᠠᠢ ᠲᠣᠭᠲᠠᠭᠠᠬᠤ ᠳᠤ ᠰᠠᠭᠤᠷᠢ ᠦᠨᠳᠦᠰᠦᠯᠡᠯ ᠬᠠᠩᠭᠠᠬᠤ ᠬᠡᠷᠡᠭᠲᠡᠢ᠃ ᠬᠤᠶᠠᠷ ᠲᠤ ᠡᠯ᠎ᠡ ᠬᠤᠯᠪᠣᠭᠳᠠᠯ ᠪᠦᠬᠦᠢ ᠮᠤᠵᠢ ᠣᠷᠣᠨ ᠤ ᠬᠢᠨ ᠲᠣᠰ ᠣᠷᠣᠨ ᠪᠦᠰᠡ ᠶᠢᠨ ᠢᠶᠠᠨ ᠬᠤᠵᠢᠷᠯᠢᠭ ᠭᠠᠵᠠᠷ ᠤᠨ ᠡᠬᠢ ᠪᠠᠶᠠᠯᠢᠭ ᠢ ᠱᠠᠯᠠᠪᠳᠠᠨ ᠪᠣᠳᠠᠲᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠬᠤᠵᠢᠷᠯᠢᠭ ᠭᠠᠵᠠᠷ ᠢ ᠵᠠᠰᠠᠬᠤ ᠪᠦᠲᠦᠮᠵᠢᠲᠡᠶ ᠮᠡᠷᠭᠡᠵᠢᠯ ᠤᠨ ᠵᠠᠭᠪᠤᠷ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠪᠠ ᠵᠠᠰᠠᠭᠰᠠᠨ ᠦᠷ᠎ᠡ ᠪᠦᠲᠦᠮᠵᠢ ᠶᠢ ᠠᠯᠢ ᠲᠦᠷᠭᠡᠨ ᠢᠶᠠᠷ ᠡᠮᠬᠢᠯᠡᠬᠦ ᠶᠢᠨ ᠬᠠᠮᠲᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠢᠳᠡᠪᠬᠢᠲᠡᠢ ᠬᠠᠮᠵᠢᠯᠴᠠᠨ ᠬᠤᠵᠢᠷᠯᠢᠭ ᠭᠠᠵᠠᠷ ᠢ ᠵᠠᠰᠠᠬᠤ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠡᠯ᠎ᠡ ᠭᠠᠵᠠᠷ ᠤᠨ ᠬᠢᠨ ᠤᠯᠠᠨ ᠰᠠᠯᠠᠭ᠎ᠠ ᠮᠥᠴᠢᠷ ᠤᠨ ᠬᠤᠯᠪᠣᠭᠠᠯᠠᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠬᠦᠴᠦ ᠪᠠᠨ ᠬᠠᠮᠲᠤᠳᠬᠠᠨ ᠬᠠᠮᠵᠢᠯᠴᠠᠵᠤ ᠂ ᠨᠢᠭᠲᠠ ᠬᠠᠮᠵᠢᠯᠴᠠᠵᠤ ᠂ ᠪᠦᠬᠦ ᠬᠡᠯᠬᠢᠶ᠎ᠡ ᠪᠠᠷ ᠢᠶᠠᠨ ᠲᠥᠯᠥᠪᠵᠢᠭᠦᠯᠵᠦ ᠂ ᠨᠢᠭᠲᠠ ᠬᠤᠯᠪᠣᠯᠳᠤᠵᠤ ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠂ ᠪᠦᠬᠦ ᠵᠢᠯ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号