ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ ᠬᠠᠷ᠎ᠠ ᠬᠥᠷᠥᠰᠥ ᠶᠢ ᠬᠠᠮᠠᠭᠠᠯᠠᠬᠤ ᠲᠥᠰᠥᠯ ᠢ ᠲᠣᠭᠲᠠᠭᠠᠪᠠ
ᠨᠡᠶᠢᠲᠡᠯᠡᠭᠰᠡᠨ ᠴᠠᠭ᠄
2023/9/25
      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ ᠤᠰᠤᠨ ᠳᠤ ᠵᠢᠪᠦᠭᠰᠡᠨ ᠣᠷᠣᠨ ︶ ᠶᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ ᠢ ᠰᠢᠯᠭᠠᠨ ᠬᠦᠯᠢᠶᠡᠨ ᠠᠪᠬᠤ ᠳᠤ ᠬᠢᠷᠢ ᠲᠡᠩᠴᠡᠪᠡ ᠃      ᠣᠶᠢᠯᠠᠭᠠᠭᠰᠠᠨ ᠢᠶᠠᠷ ᠂ ︽14 • 5︾ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠂ ᠥᠪᠥᠷ ᠮᠣᠩᠭᠤᠯ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠂ ᠬᠠᠷ᠎ᠠ ᠬᠥᠷᠥᠰᠥᠨ ᠤ ᠡᠬᠢ ᠪᠠᠶᠠᠯᠢᠭ ᠤᠨ ᠦᠷᠭᠦᠯᠵᠢᠯᠡᠬᠦᠶᠢᠴᠡ ᠠᠰᠢᠭᠯᠠᠯᠲᠠ ᠶᠢ ᠠᠬᠢᠭᠤᠯᠬᠤ ᠂ ᠲᠠᠷᠢᠶᠠᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯ ᠬᠠᠷᠠᠯᠲᠠ ᠪᠣᠯᠭᠠᠵᠤ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠬᠡᠰᠡᠭᠴᠢᠯᠡᠨ ᠵᠠᠰᠠᠵᠤ ᠂ ᠬᠠᠮᠠᠭᠠᠯᠠᠬᠤ ᠶᠢᠨ ᠳᠠᠭᠠᠤ ᠠᠰᠢᠭᠯᠠᠬᠤ ᠂ ᠠᠰᠢᠭᠯᠠᠬᠤ ᠶᠢᠨ ᠳᠠᠭᠠᠤ ᠬᠠᠮᠠᠭᠠᠯᠠᠬᠤ ᠶᠢ ᠬᠦᠴᠦᠯᠡᠨ ᠪᠡᠶᠡᠯᠡᠭᠦᠯᠵᠦ ᠂ ᠥᠪᠥᠷ ᠮᠣᠩᠭᠤᠯ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠵᠦ ᠂ ︽ ᠳᠤᠮᠳᠠᠳᠤ ᠤᠯᠤᠰ ᠤᠨ ᠪᠤᠳᠠᠭᠠᠨ ᠠᠶᠠᠭ᠎ᠠ ︾ ᠳᠤ ︽ᠠᠷᠤ ᠭᠠᠵᠠᠷ ᠤᠨ ᠠᠮᠤ ︾ ᠨᠡᠮᠡᠷᠢᠯᠡᠪᠡ ᠃      ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠳᠤ ᠵᠢᠪᠦᠭᠰᠡᠨ ᠣᠷᠣᠨ︶  ᠶᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ ᠨᠢ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠪᠠᠶᠢᠷᠢᠯᠠᠵᠤ ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ ︾ ᠶᠢ ᠦᠨᠳᠦᠰᠦᠯᠡᠨ ᠲᠣᠭᠲᠠᠭᠠᠭᠰᠠᠨ ᠬᠠᠷ᠎ᠠ ᠬᠥᠷᠥᠰᠥ ᠶᠢ ᠬᠠᠮᠠᠭᠠᠯᠠᠬᠤ ᠲᠥᠰᠥᠯ ᠪᠠᠶᠢᠵᠤ᠂ ᠬᠠᠭᠤᠯᠤᠭᠰᠠᠨ ᠲᠠᠯᠠᠪᠠᠶ ᠨᠢ 638.5 ᠾᠧᠺᠲ᠋ᠠᠷ ᠂ ᠰᠢᠷᠣᠢ ᠶᠢᠨ ᠶᠡᠷᠦᠩᠬᠡᠢ ᠬᠡᠮᠵᠢᠶ᠎ᠡ ᠨᠢ 141.23 ᠲᠦᠮᠡᠨ ᠺᠦᠪ ᠮᠧᠲᠷ ᠂ ᠢᠨᠵᠧᠨᠧᠷᠢᠩ ᠤᠨ ᠪᠠᠷᠤᠭᠴᠠᠭᠠᠯᠠᠭᠰᠠᠨ ᠪᠡᠯᠡ ᠣᠷᠣᠭᠤᠯᠤᠯᠲᠠ  ᠨᠢ 1.15 ᠳ᠋ᠦᠩᠰᠢᠭᠤᠷ ᠲᠥᠭᠦᠷᠢᠭ ᠪᠠᠶᠢᠵᠤ ᠂ ᠭᠤᠣᠯᠳᠠᠭᠤ ᠥᠨᠳᠡᠭᠡᠨ ᠤᠰᠤᠨ ᠴᠥᠭᠦᠷᠥᠮ ᠤᠨ ᠬᠡᠰᠡᠭ ᠲᠠᠬᠢ ᠵᠠᠯᠠᠶᠢᠳ ᠬᠤᠰᠢᠭᠤᠨ ᠤ 8  ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠺᠣᠮᠫᠠᠨᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠡᠢ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号