︽2023 ᠣᠨ ᠤ ᠬᠥᠬᠡᠬᠤᠲᠠ ᠶᠢᠨ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠪᠠ ᠨᠣᠬᠠᠢ ᠶᠢᠨ | ᠪᠠᠭᠯᠠᠭᠴᠢ ᠬᠤᠷᠣᠬᠠᠢ ᠶᠢᠨ ᠡᠪᠡᠳᠴᠢᠨ ᠤ ᠬᠤᠷᠣᠬᠠᠢ ᠠᠷᠢᠯᠭᠠᠬᠤ ᠠᠵᠢᠯ ᠤᠨ ᠲᠥᠯᠥᠪᠯᠡᠭᠡ︾ ᠶᠢᠨ ᠱᠠᠭᠠᠷᠳᠠᠯᠭ᠎ᠠ | ᠶᠣᠰᠣᠭᠠᠷ᠂ ᠪᠥᠬᠦ ᠬᠤᠲᠠ ᠶᠢᠨ ᠰᠠᠭᠠᠯᠢ ᠶᠢᠨ ᠦᠨᠢᠶᠡᠨ ᠤ ᠰᠢᠯᠦᠬᠡᠢ ᠡᠪᠡᠳᠴᠢᠨ ᠪᠠ ᠵᠢᠭᠦᠷᠲᠡᠨ ᠤ ᠬᠠᠯᠳᠠᠪᠤᠷᠢᠲᠤ | ᠲᠠᠭᠰᠢᠭᠤᠷ ᠤᠨ ᠬᠤᠶᠠᠳᠠᠭᠢ ᠤᠳᠠᠭᠠᠨ ᠤ ᠲᠥᠪᠯᠡᠷᠡᠩᠭᠦᠢ ᠡᠭᠡᠯᠢᠯᠡᠭᠡ ᠶᠢᠨ ᠠᠵᠢᠯ ᠢ 7 ᠰᠠᠷ᠎ᠠ ᠶᠢᠨ ᠳᠤᠮᠳᠠᠴᠢ ᠪᠠᠷ | ᠵᠠᠯᠭᠠᠭ᠎ᠠ ᠪᠠᠷ 8 ᠰᠠᠷ᠎ᠠ ᠶᠢᠨ 30 ᠤ ᠡᠳᠦᠷ ᠪᠣᠯᠲᠠᠯ᠎ᠠ ᠦᠷᠨᠢᠭᠦᠯᠪᠡ᠂ ᠰᠠᠭᠠᠯᠢ ᠶᠢᠨ ᠦᠨᠢᠶᠡᠨ ᠤ ᠰᠢᠯᠦᠬᠡᠢ | ᠡᠪᠡᠳᠴᠢᠨ ᠤ ᠡᠭᠡᠯᠢᠯᠡᠭᠡ ᠨᠡᠶᠢᠲᠡ 36.38 ᠲᠦᠮᠡᠨ ᠲᠣᠯᠤᠭᠠᠢ᠂ ᠠᠯᠠᠰᠢᠨ ᠦᠬᠡᠷ ᠤᠨ ᠰᠢᠯᠦᠬᠡᠢ ᠡᠪᠡᠳᠴᠢᠨ ᠤ | ᠡᠭᠡᠯᠢᠯᠡᠭᠡ 14.19 ᠲᠦᠮᠡ ᠲᠣᠯᠤᠭᠠᠢ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠡᠭᠡᠯᠢᠯᠡᠭᠡ 267.39 | ᠲᠦᠮᠡ ᠬᠦᠷᠴᠡᠢ᠃ ᠬᠡᠪᠢᠬᠦ ᠵᠢᠵᠢᠭ ᠮᠠᠯ ᠤᠨ ᠬᠢᠵᠢᠭ᠂ ᠰᠢᠨ᠎ᠡ ᠬᠤᠲᠠ ᠶᠢᠨ ᠬᠢᠵᠢᠭ ᠵᠡᠷᠭᠡ ᠪᠤᠰᠤᠳ ᠸᠠᠺᠼᠢᠨ ᠢᠶᠠᠷ | 50.65 ᠲᠦᠮᠡᠨ ᠲᠣᠯᠣᠭᠠᠢ ᠮᠠᠯ ᠵᠢᠭᠦᠷᠲᠡᠨ ᠢ ᠨᠥᠬᠦᠵᠦ ᠡᠭᠡᠯᠢᠯᠡᠭᠡ ᠬᠢᠪᠡ᠃ ᠲᠣᠰ ᠤᠳᠠᠭᠠᠨ ᠤ ᠡᠭᠡᠯᠢᠯᠡᠭᠡ ᠶᠢᠨ | ᠠᠵᠢᠯ ᠢᠶᠠᠷ ᠳᠠᠮᠵᠢᠭᠤᠯᠤᠨ ᠪᠥᠬᠦ ᠬᠤᠲᠠ ᠶᠢᠨ ᠠᠮᠢᠲᠠᠨ ᠤ ᠬᠢᠵᠢᠭ ᠡᠪᠡᠳᠴᠢᠨ ᠤ ᠰᠦᠷᠦᠭᠵᠢᠯ ᠤᠨ ᠡᠭᠡᠯᠢᠯᠡᠭᠡ ᠶᠢᠨ | ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠬᠡᠯᠲᠦᠷᠢᠭᠦᠯᠬᠦ ᠶᠣᠰᠣᠲᠠᠢ ᠮᠠᠯ | ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠭᠡᠵᠦ᠂ ᠪᠥᠬᠦ ᠬᠤᠲᠠ ᠳᠤ ᠣᠷᠣᠨ ᠪᠦᠰᠡ ᠶᠢᠨ | ᠴᠢᠨᠠᠷᠲᠠᠢ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠪᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠳᠤ ᠰᠠᠭᠤᠷᠢ ᠲᠠᠯᠪᠢᠵᠤ ᠥᠭᠭᠦᠭᠰᠡᠨ | ᠪᠠᠶᠢᠨ᠎ᠠ᠃ | | |