ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 17.6 ᠲᠦᠮᠡᠨ ᠮᠥ ᠪᠣᠭᠤᠳᠠᠶ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2023/9/4
      ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 17.6 ᠲᠦᠮᠡᠨ ᠮᠥ ᠪᠣᠭᠤᠳᠠᠶ ᠪᠣᠯᠪᠠᠰᠤᠷᠠᠨ ᠬᠠᠳᠤᠵᠤ ᠬᠤᠷᠢᠶᠠᠬᠤ ᠠᠵᠢᠯ ᠡᠬᠢᠯᠡᠪᠡ᠃      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ ᠪᠠᠯᠭᠠᠰᠤᠨ ᠤ ᠰᠤᠪᠤᠷᠭ᠎ᠠ ᠲᠤᠰᠬᠤᠨ ᠤ ᠲᠠᠷᠢᠮᠠᠯ ᠤᠨ ᠲᠤᠮᠤ ᠡᠷᠦᠬᠡ ᠯᠢ ᠯᠢᠶᠠᠨ ᠫᠢᠩ ᠡᠨᠡ ᠵᠢᠯ 600 ᠮᠦ ᠪᠤᠭᠤᠳᠠᠢ ᠲᠠᠷᠢᠪᠠ᠃ ᠠᠯᠳᠠᠨ ᠰᠢᠷᠭᠠᠯ ᠪᠤᠭᠤᠳᠠᠢ ᠶᠢᠨ ᠲᠠᠷᠢᠶᠠᠨ ᠳᠤ᠂ ᠬᠠᠳᠤᠵᠤ ᠬᠤᠷᠢᠶᠠᠬᠤ ᠮᠠᠰᠢᠨ ᠬᠦᠷᠴᠢᠭᠢᠨᠡᠨ᠂ ᠪᠤᠭᠤᠳᠠᠢ ᠶᠢ ᠬᠠᠳᠤᠬᠤ᠂ ᠮᠦᠯᠢᠬᠦ ᠵᠡᠷᠭᠡ ᠭᠤᠭᠴᠤᠭ᠎ᠠ ᠶᠢᠨ ᠠᠵᠢᠯ ᠠᠷᠤ ᠠᠷᠤ ᠠᠴᠠ ᠪᠠᠨ ᠦᠷᠭᠦᠯᠵᠢᠯᠡᠨ᠎ᠠ᠃      ︽ᠪᠢ ᠡᠨᠡ ᠵᠢᠯ 600 ᠮᠦ ᠪᠤᠭᠤᠳᠠᠢ ᠲᠠᠷᠢᠪᠠ᠂ ᠮᠦ ᠪᠦᠷᠢ ᠶᠢᠨ ᠤᠨᠠᠯᠲᠠ 1100 ᠭᠠᠷᠤᠢ ᠵᠢᠩ ᠳᠤ ᠲᠤᠯᠵᠤ᠂ ᠮᠦ ᠪᠦᠷᠢ ᠶᠢᠨ ᠤᠨᠠᠯᠲᠠ ᠨᠢᠳᠤᠨᠤᠨ ᠤ ᠬᠢ ᠠᠴᠠ 100 ᠭᠠᠷᠤᠢ ᠵᠢᠩ ᠨᠡᠮᠡᠭᠳᠡᠨ᠂ ᠮᠦ ᠪᠦᠷᠢ ᠶᠢᠨ ᠣᠷᠣᠯᠭ᠎ᠠ 500 ᠭᠠᠷᠤᠢ ᠲᠦᠭᠦᠷᠢᠭ ᠲᠤ ᠬᠦᠷᠴᠦ᠂ ᠶᠡᠷᠤᠩᠬᠡᠢ ᠣᠷᠣᠯᠭ᠎ᠠ 30 ᠭᠠᠷᠤᠢ ᠲᠦᠮᠡᠨ ᠲᠥᠭᠦᠷᠢᠭ ᠲᠤ ᠬᠦᠷᠬᠦ ᠪᠤᠯᠤᠨ᠎ᠠ︾ ᠬᠡᠵᠤ ᠯᠢ ᠯᠢᠶᠠᠨ ᠫᠢᠩ ᠲᠠᠨᠢᠯᠴᠠᠭᠤᠯᠪᠠ᠃      ᠵᠢᠯ ᠤᠨ ᠡᠬᠢᠨ ᠠᠴᠠ ᠨᠠᠭᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠣᠭᠤᠳᠠᠶ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠳᠡᠭᠡᠭᠰᠢᠯᠡᠭᠦᠯᠪᠡ᠃ ᠡᠨᠡ ᠵᠢᠯ ᠪᠥᠬᠦ ᠬᠤᠰᠢᠭᠤᠨ ᠤ ᠪᠣᠭᠤᠳᠠᠶ ᠶᠢᠨ ᠲᠠᠷᠢᠮᠠᠯ ᠤᠨ ᠶᠡᠷᠦᠩᠬᠡᠶ ᠲᠠᠯᠠᠪᠠᠶ 17.6 ᠲᠦᠮᠡᠨ ᠮᠥ ᠪᠠᠶᠢᠵᠤ᠂ ᠨᠢᠳᠤᠨᠤᠨ ᠤ  ᠬᠢ ᠠᠴᠠ 4.6 ᠲᠦᠮᠡᠨ ᠮᠥ ᠨᠡᠮᠡᠭᠳᠡᠵᠡᠢ᠃ 8 ᠰᠠᠷ᠎ᠠ ᠶᠢᠨ 15 ᠤ ᠡᠳᠦᠷ ᠠᠴᠠ ᠡᠬᠢᠯᠡᠨ ᠲᠤᠰ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠪᠤᠭᠤᠳᠠᠢ ᠬᠠᠳᠤᠵᠤ ᠬᠤᠷᠢᠶᠠᠬᠤ ᠠᠵᠢᠯ ᠢᠶᠠᠨ ᠡᠬᠢᠯᠡᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠤᠯᠲᠠᠯ᠎ᠠ ᠪᠣᠭᠤᠳᠠᠶ ᠬᠠᠳᠤᠵᠤ ᠬᠤᠷᠢᠶᠠᠬᠤ ᠠᠵᠢᠯ ᠢᠶᠠᠨ ᠲᠠᠭᠤᠰᠬᠠᠬᠤ ᠪᠣᠯᠤᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠴᠠᠬᠠᠷ ᠪᠠᠷᠠᠭᠤᠨ ᠭᠠᠷᠤᠨ ᠭᠠᠷᠤᠨ ᠬᠤᠶᠢᠲᠤ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠠᠮᠤ ᠪᠤᠳᠠᠭᠠᠨ ᠤ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ ᠰᠢᠷᠤᠢ ᠳᠤ ᠲᠦᠰᠢᠭᠯᠡᠬᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠥᠷᠭᠡᠨ ᠠᠭᠤᠳᠠᠮ ᠬᠥᠳᠡᠭᠡ ᠲᠤᠰᠬᠤᠨ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠣᠷᠤᠰᠢᠨ ᠠᠮᠢᠳᠤᠷᠠᠬᠤ ᠦᠢᠯᠡᠰ ᠪᠤᠰᠬᠠᠬᠤ ᠳᠤ ᠲᠣᠬᠢᠷᠠᠮᠵᠢᠲᠠᠶ ᠦᠵᠡᠰᠭᠦᠯᠡᠩᠲᠦ ᠰᠠᠶᠢᠬᠠᠨ ᠬᠥᠳᠡᠭᠡ ᠲᠤᠰᠬᠤᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠪᠤᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号