ᠲᠥᠮᠥᠰᠥᠨ ᠳᠤ ᠭᠤᠣᠯᠳᠠᠭᠤ ᠶᠠᠮᠠᠷ ᠶᠠᠮᠠᠷ ᠠᠯᠠᠭᠯᠠᠨ ᠲᠠᠷᠢᠬᠤ ᠬᠡᠯᠪᠡᠷᠢ ᠪᠠᠶᠢᠬᠤ ᠪᠣᠢ
ᠨᠡᠶᠢᠲᠡᠯᠡᠭᠰᠡᠨ ᠴᠠᠭ᠄
2023/9/4
      1.ᠲᠦᠮᠦᠰᠦ ᠠᠮᠤ ᠶᠢ ᠠᠯᠠᠭᠯᠠᠨ ᠲᠠᠷᠢᠬᠤ      ᠡᠷᠳᠡᠨᠢ ᠰᠢᠰᠢ ᠪᠠᠷ ᠲᠣᠯᠣᠭᠠᠶᠢᠯᠠᠭᠤᠯᠵᠤ᠂ ᠳᠠᠷᠠᠭᠠᠯᠠᠪᠠᠯ ᠰᠢᠰᠢ ᠪᠠ ᠠᠮᠲᠠᠲᠤ ᠲᠥᠮᠥᠰᠥ ᠪᠣᠯᠣᠨ᠎ᠠ᠂ ᠲᠥᠮᠥᠰᠥ ᠪᠠ ᠡᠷᠳᠡᠨᠢ ᠰᠢᠰᠢ ᠶᠢ ᠠᠯᠠᠭᠯᠠᠨ ᠳᠠᠷᠢᠬᠤ ᠨᠢ ᠲᠠᠷᠢᠶᠠᠨ ᠤ ᠬᠠᠮᠢᠶᠠᠷᠤᠯᠲᠠ ᠳᠥᠭᠦᠮ᠂ ᠲᠠᠷᠢᠶᠠᠴᠢᠳ ᠡᠵᠡᠮᠰᠢᠬᠦ ᠳᠤ ᠬᠢᠯᠪᠠᠷ ᠤᠴᠢᠷ ᠠᠴᠠ ᠣᠳᠣᠬᠠᠨ ᠳᠤ ᠬᠠᠮᠤᠭ ᠤᠨ ᠥᠷᠭᠡᠨ ᠲᠦᠭᠡᠮᠡᠯᠵᠢᠵᠦ ᠪᠠᠶᠢᠭ᠎ᠠ ᠬᠡᠯᠪᠡᠷᠢ ᠤᠨ ᠨᠢᠭᠡ ᠨᠢ ᠪᠣᠯᠵᠤ ᠪᠠᠶᠢᠨ᠎ᠠ᠃      2.ᠲᠥᠮᠥᠰᠥ ᠬᠥᠪᠥᠩ ᠢ ᠠᠯᠠᠭᠯᠠᠨ ᠲᠠᠷᠢᠬᠤ      ᠡᠨᠡ ᠪᠣᠯ ᠬᠥᠪᠥᠩ ᠤᠨ ᠣᠷᠣᠨ ᠤ ᠨᠢᠭᠡ ᠵᠦᠢᠯ ᠤᠨ ᠥᠨᠳᠥᠷ ᠪᠦᠲᠦᠮᠵᠢᠲᠡᠶ ᠠᠯᠠᠭᠯᠠᠨ ᠲᠠᠷᠢᠬᠤ ᠬᠡᠯᠪᠡᠷᠢ ᠮᠥᠨ᠂ ᠡᠨᠡ ᠨᠢ ᠬᠥᠪᠥᠩ ᠤᠨ ᠬᠤᠷᠢᠶᠠᠯᠲᠠ ᠶᠢᠨ ᠨᠡᠮᠡᠭᠳᠡᠭᠦᠯᠬᠦ ᠶᠢ ᠠᠬᠢᠭᠤᠯᠵᠤ᠂ ᠬᠥᠪᠥᠩ ᠤᠨ ᠤᠨᠠᠯᠳᠠ ᠶᠢ ᠪᠠᠭᠤᠷᠠᠭᠤᠯᠬᠤ ᠦᠭᠡᠢ ᠮᠦᠷᠳᠡᠭᠡᠨ ᠨᠢᠭᠡ ᠤᠯᠠᠷᠢᠯ ᠤᠨ ᠲᠥᠮᠥᠰᠥ ᠢᠯᠡᠭᠦᠦ ᠬᠤᠷᠢᠶᠠᠬᠤ ᠪᠤᠯᠤᠨ᠎ᠠ᠃      3.ᠲᠥᠮᠥᠰᠥ ᠢᠳᠡᠰᠢᠨ ᠨᠣᠭᠤᠭ᠎ᠠ ᠶᠢ ᠠᠯᠠᠭᠯᠠᠨ ᠳᠠᠷᠢᠬᠤ      ᠠᠯᠠᠭᠯᠠᠨ ᠳᠠᠷᠢᠵᠤ ᠪᠣᠯᠬᠤ ᠢᠳᠡᠰᠢᠨ ᠨᠣᠭᠤᠭ᠎ᠠ ᠶᠢᠨ ᠲᠥᠷᠥᠯ ᠵᠦᠢᠯ ᠮᠠᠰᠢ ᠣᠯᠠᠨ ᠪᠠᠶᠢᠳᠠᠭ᠂ ᠡᠭᠦᠨ ᠳᠤ ᠳᠤᠯᠠᠭᠠᠨᠰᠠᠭ ᠵᠡᠯᠡᠲᠦ ᠬᠡᠮᠬᠡ ᠶᠢᠨ ᠵᠦᠢᠯ ᠪᠠᠭᠲᠠᠨ᠎ᠠ᠂ ᠵᠢᠱᠢᠶᠡᠯᠡᠪᠡᠯ ᠯᠠᠩᠭᠤᠸᠠ᠂ ᠳ᠋ᠦᠩᠭᠤᠸᠠ ᠵᠡᠷᠭᠡ ᠪᠣᠢ᠂ ᠪᠣᠰᠤᠭ᠎ᠠ ᠬᠡᠯᠪᠡᠷᠢ ᠶᠢᠨ ᠢᠳᠡᠰᠢᠨ ᠨᠣᠭᠤᠭ᠎ᠠ ᠵᠢᠱᠢᠶᠡᠯᠡᠪᠡᠯ ᠴᠤᠯᠤ ᠰᠠᠷᠠᠨ᠎ᠠ᠂ ᠭᠠ ᠵᠡᠷᠭᠡ ᠪᠣᠢ᠂ ᠬᠦᠢᠲᠡᠨ ᠳᠤ ᠲᠡᠰᠪᠦᠷᠢᠲᠡᠢ ᠲᠦᠷᠭᠡᠨ ᠤᠷᠭᠤᠬᠤ ᠢᠳᠡᠰᠢᠨ ᠨᠣᠭᠤᠭ᠎ᠠ᠂ ᠵᠢᠱᠢᠶᠡᠯᠡᠪᠡᠯ ᠥᠷᠭᠡᠰᠦᠲᠦ ᠨᠣᠭᠤᠭ᠎ᠠ᠂ ᠳᠡᠯᠪᠡᠭᠡᠷ ᠨᠣᠭᠤᠭ᠎ᠠ ᠵᠡᠷᠭᠡ ᠪᠠ ᠤᠷᠭᠤᠯᠲᠠ ᠶᠢᠨ ᠬᠤᠭᠤᠴᠠᠭ᠎ᠠ ᠤᠷᠲᠤ ᠢᠳᠡᠰᠢᠨ ᠨᠣᠭᠤᠭ᠎ᠠ᠂ ᠵᠢᠱᠢᠶᠡᠯᠡᠪᠡᠯ ᠰᠣᠩᠭᠢᠨ᠎ᠠ᠂ ᠪᠥᠭᠡᠷᠡᠩᠬᠡᠢ ᠴᠠᠭᠠᠨ ᠨᠣᠭᠤᠭ᠎ᠠ ᠵᠡᠷᠭᠡ ᠪᠤᠶ᠃      4.ᠵᠢᠮᠢᠰ ᠤᠨ ᠮᠣᠳᠣ  ᠲᠠᠢ ᠠᠯᠠᠭᠯᠠᠨ ᠲᠠᠷᠢᠬᠤ      ᠲᠥᠮᠥᠰᠥ ᠶᠢ ᠨᠢᠯᠬ᠎ᠠ ᠵᠢᠮᠢᠰ ᠤᠨ ᠮᠣᠳᠣᠨ ᠤ ᠬᠤᠭᠤᠷᠣᠨᠳᠤ ᠠᠯᠠᠭᠯᠠᠨ ᠲᠠᠷᠢᠪᠠᠯ ᠮᠠᠰᠢ ᠰᠠᠶᠢᠨ ᠠᠵᠤ ᠠᠬᠤᠢ ᠶᠢᠨ ᠦᠷ᠎ᠡ ᠠᠰᠢᠭ ᠣᠯᠵᠤ ᠴᠢᠳᠠᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号