ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/5
      9 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠬᠠᠷᠠᠭᠠᠯᠵᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ 
图片1.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰ ᠬᠦᠷᠢᠶ᠎ᠡ ᠴᠠᠷᠠᠭᠠᠨ ᠤ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ᠂ ᠪᠡᠯᠡ ᠮᠥᠩᠭᠦ ᠶᠢᠨ ᠵᠠᠷᠤᠯᠭ᠎ᠠ ᠶᠢᠨ ᠪᠠᠶᠢᠳᠠᠯ ᠢ ᠳᠤᠰ ᠳᠤᠰ ᠵᠠᠷᠯᠠᠨ ᠨᠡᠶᠢᠳᠡᠯᠡᠵᠦ᠂ 2023 ᠣᠨ ᠤ ᠳᠥᠷᠪᠡᠳᠦᠭᠡᠷ ᠤᠯᠠᠷᠢᠯ᠂ 2024 ᠣᠨ ᠤ ᠨᠢᠭᠡᠳᠦᠭᠡᠷ ᠤᠯᠠᠷᠢᠯ ᠵᠢᠴᠢ ᠪᠦᠬᠦ ᠵᠢᠯ ᠤᠨ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ ᠲᠥᠷᠥᠯ ᠵᠦᠢᠯ ᠤᠨ ᠬᠠᠳᠠᠭᠠᠯᠠᠮᠵᠢ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠡᠵᠢᠭᠡᠨ ᠦᠷᠡᠵᠢᠭᠦᠯᠬᠦ ᠦᠢᠯᠡᠰ ᠤᠨ ᠢᠲᠡᠭᠡᠯ ᠢ ᠶᠡᠬᠡᠪᠡᠷ ᠨᠡᠮᠡᠭᠳᠡᠭᠦᠯᠦᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠴᠢᠬᠤᠯᠠᠴᠢᠯᠠᠵᠤ᠂ ᠪᠡᠯᠡ ᠣᠷᠣᠭᠤᠯᠤᠯᠲᠠ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠣᠯᠭᠤᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠭᠦᠨᠵᠡᠭᠡᠶᠢᠷᠡᠭᠦᠯᠬᠦ᠂ ᠠᠵᠢᠯ ᠲᠥᠷᠥᠯ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠬᠤ᠂ ᠬᠥᠨᠳᠡᠯᠡᠨ ᠢᠶᠠᠷ ᠨᠡᠪᠲᠡᠷᠡᠯᠴᠡᠨ ᠰᠣᠯᠢᠯᠴᠠᠬᠤ ᠶᠢ ᠴᠢᠩᠭᠠᠳᠬᠠᠬᠤ᠂ ᠢᠳᠡᠪᠬᠢᠲᠡᠢ ᠪᠠᠷ ᠳᠡᠭᠡᠭᠰᠢᠯᠡᠨ ᠳᠡᠮᠵᠢᠯᠭᠡ ᠣᠯᠬᠤ ᠵᠡᠷᠭᠡ ᠠᠷᠪᠠᠨ ᠨᠢᠭᠡᠨ ᠠᠵᠢᠯ ᠤᠨ ᠱᠠᠭᠠᠷᠳᠠᠯᠭ᠎ᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠂ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠷᠢᠨ ᠬᠢᠨᠠᠮᠠᠭᠠᠢ ᠰᠤᠳᠤᠯᠤᠨ᠂ ᠨᠠᠷᠢᠨ ᠬᠢᠨᠠᠮᠠᠭᠠᠢ ᠲᠥᠯᠥᠪᠯᠡᠵᠦ᠂ ᠪᠣᠳᠠᠲᠠᠢ ᠳᠤ ᠬᠠᠨᠳᠤᠭᠰᠠᠨ ᠪᠦᠳᠦᠮᠵᠢᠳᠡᠢ ᠴᠢᠩᠭ᠎ᠠ ᠠᠷᠭ᠎ᠠ ᠬᠡᠮᠵᠢᠶ᠎ᠡ ᠠᠪᠴᠤ᠂ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠨ ᠮᠡᠬᠦᠰᠳᠡᠵᠦ ᠪᠠᠶᠢᠭ᠎ᠠ ᠪᠠᠶᠢᠳᠠᠯ ᠢ ᠳᠡᠭᠡᠳᠦ ᠳᠣᠣᠷᠠᠳᠤ ᠱᠠᠲᠤᠨ ᠤ ᠬᠢᠨ ᠬᠦᠴᠦ ᠪᠠᠨ ᠬᠠᠮᠲᠤᠳᠬᠠᠨ ᠲᠦᠷᠭᠡᠨ ᠬᠤᠪᠢᠷᠠᠭᠤᠯᠵᠤ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠪᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
图片2.png
 
图片3.png
 
图片4.png
       ᠲᠠᠷᠠᠭᠠᠴᠢ ᠶᠢᠨ ᠠᠯᠬᠤᠮ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠲᠤᠬᠠᠢ ᠯᠢᠦ ᠶᠦᠩ ᠮᠢᠩ ᠪᠠᠰᠠ ᠲᠠᠷᠢᠮᠠᠯ ᠤᠨ ᠦᠢᠯᠡᠰ᠂ ᠰᠦ ᠶᠢᠨ ᠦᠢᠯᠡᠰ᠂ ᠦᠷ᠎ᠡ ᠶᠢᠨ ᠦᠢᠯᠡᠰ ᠪᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠲᠠᠪᠤᠨ ᠲᠠᠯ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯ ᠡᠭᠦᠷᠭᠡ ᠶᠢ ᠭᠤᠣᠯᠳᠠᠯᠭ᠎ᠠ ᠲᠠᠢ ᠴᠢᠬᠤᠯᠠᠴᠢᠯᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号