ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ⑨ ︱ ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ ︽ᠨᠠᠶᠢᠮᠠᠨ ᠬᠤᠰᠢᠭᠤᠨ ᠤ ᠵᠠᠭᠪᠤᠷ︾
ᠨᠡᠶᠢᠲᠡᠯᠡᠭᠰᠡᠨ ᠴᠠᠭ᠄
2023/9/5
      ᠨᠠᠢᠮᠠᠨ ᠬᠤᠰᠢᠭᠤ ᠡᠷᠳᠡᠨᠢ ᠰᠢᠰᠢ ᠳᠠᠷᠢᠬᠤ ᠰᠢᠵᠢᠷ ᠠᠯᠲᠠᠨ ᠪᠦᠰᠡᠨ ᠳᠤ ᠪᠠᠶᠢᠷᠢᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠨᠢ 327.7 ᠲᠦᠮᠡᠨ ᠮᠦ᠂ ᠤᠨᠠᠯᠲᠠ ᠨᠢ 158.69 ᠲᠦᠮᠡᠨ ᠲᠣᠨ ᠪᠠᠶᠢᠵᠤ᠂ ᠡᠭᠦᠨ ᠳᠤ ᠡᠷᠳᠡᠨᠢ ᠰᠢᠰᠢ ᠳᠠᠷᠢᠬᠤ ᠲᠠᠯᠠᠪᠠᠶ ᠨᠢ 287 ᠲᠦᠮᠡᠨ ᠮᠦ᠂ ᠤᠨᠠᠯᠲᠠ ᠨᠢ 147.5 ᠲᠦᠮᠡᠨ ᠲᠣᠨ ᠪᠠᠶᠢᠵᠤ᠂ ᠪᠥᠬᠦ ᠬᠤᠰᠢᠭᠤᠨ ᠤ ᠠᠮᠤ ᠪᠤᠳᠠᠭᠠᠨ ᠤ 85% ᠶᠢ ᠡᠵᠡᠯᠡᠨ᠎ᠡ ᠃ ᠭᠡᠪᠡᠴᠦ ᠲᠣᠰ ᠭᠠᠵᠠᠷ ᠣᠷᠣᠨ ᠪᠣᠯ ᠤᠰᠤ ᠳᠤᠲᠠᠭᠳᠠᠵᠤ ᠪᠠᠶᠢᠭ᠎ᠠ ᠨᠡᠶᠢᠲᠡᠯᠢᠭ ᠭᠠᠵᠠᠷ ᠣᠷᠣᠨ ᠪᠠᠶᠢᠵᠦ ᠂ ︽ᠠᠮᠤ ᠪᠤᠳᠠᠭ᠎ᠠ ᠲᠠᠷᠢᠬᠤ ᠪᠠ ᠤᠰᠤ ᠲᠤᠳᠠᠭᠳᠠᠬᠤ ︾ ᠶᠢᠨ ᠵᠥᠷᠢᠴᠡᠯ ᠲᠣᠪᠣᠶᠢᠮ᠎ᠠ ᠪᠠᠶᠢᠳᠠᠭ᠂ ᠡᠨᠡ ᠬᠦ ᠬᠢᠵᠠᠭᠠᠷᠯᠠᠯ ᠪᠣᠭᠤᠮᠢ ᠶᠢ ᠰᠢᠢᠳᠪᠦᠷᠢᠯᠡᠬᠦ ᠶᠢᠨ ᠲᠥᠯᠥᠭᠡ᠂ ᠲᠤᠬᠠᠢ ᠶᠢᠨ ᠭᠠᠵᠠᠷ ᠤᠨ ᠬᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠡᠷᠭᠡᠵᠢᠯ ᠤᠨ ᠪᠦᠯᠬᠦᠮ ᠢ ᠳᠠᠬᠢᠨ ᠳᠠᠪᠲᠠᠨ ᠳ᠋ᠦᠩᠨᠡᠵᠦ᠂ ᠣᠷᠣᠭᠤᠯᠤᠨ ᠠᠪᠴᠢᠷᠠᠵᠤ᠂ ᠣᠯᠠᠨ ᠵᠢᠯ ᠤᠨ ᠵᠢᠱᠢᠶ᠎ᠡ ᠦᠵᠡᠭᠦᠯᠦᠭᠰᠡᠨ ᠰᠠᠭᠤᠷᠢᠨ ᠳᠡᠭᠡᠷ᠎ᠡ ︽ᠨᠢᠭᠲᠠ ᠳᠠᠷᠢᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ︾ ᠪᠠᠷ ᠭᠤᠣᠯᠳᠠᠯᠭ᠎ᠠ ᠪᠣᠯᠭᠠᠭᠰᠠᠨ ᠨᠠᠢᠮᠠᠨ ᠬᠤᠰᠢᠭᠤᠨ ᠤ ᠡᠷᠳᠡᠨᠢ ᠰᠢᠰᠢ ᠳᠠᠷᠢᠬᠤ ᠵᠠᠭᠪᠤᠷ ᠢ ᠪᠣᠶ ᠪᠣᠯᠭᠠᠭᠰᠠᠨ ᠪᠠᠶᠢᠨ᠎ᠠ᠃
图片1.png
      ᠭᠤᠣᠯ ᠠᠷᠭ᠎ᠠ ᠪᠠᠷᠢᠯ᠄ ᠨᠢᠭᠡ ᠳᠤ ᠭᠤᠣᠯᠯᠠᠬᠤ ᠡᠭᠦᠯᠳᠡᠷ ᠢ ᠳᠡᠯᠭᠡᠷᠡᠭᠦᠯᠬᠦ ᠶᠢ ᠴᠢᠩᠭᠠᠳᠬᠠᠵᠤ ᠂ ᠴᠤᠬᠤᠶᠢᠯᠲᠠ ᠶᠢᠨ ᠴᠢᠨᠠᠷᠲᠠᠢ ᠡᠭᠦᠯᠳᠡᠷ ᠤᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠪᠡ᠃ ᠭᠤᠣᠯᠯᠠᠬᠤ ᠡᠭᠦᠯᠳᠡᠷ ᠤᠨ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠦᠢᠯᠡᠳᠦᠯ ᠢ ᠳᠣᠪᠤᠶᠢᠯᠭᠠᠵᠤ᠂ ᠳ᠋ᠠᠴᠢᠨᠲᠠᠯ᠎ᠠ ᠪᠠᠯᠭᠠᠰᠤᠨ ᠤ ᠬᠤᠰᠢᠭᠤᠴᠢ ᠲᠣᠰᠬᠤᠨ᠂ ᠢ ᠯᠦᠩ ᠶᠦᠩ ᠪᠠᠯᠭᠠᠰᠤᠨ ᠤ ᠹᠠᠩ ᠵᠢᠶᠠ ᠶᠢᠩᠽᠢ ᠲᠣᠰᠬᠤᠨ ᠳᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠪᠠ ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠤᠶᠠᠯᠳᠤᠭᠤᠯᠤᠭᠰᠠᠨ ᠵᠢᠱᠢᠶ᠎ᠡ ᠦᠵᠡᠭᠦᠯᠦᠨ ᠳᠡᠯᠭᠡᠷᠡᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠲᠣᠰ ᠲᠣᠰ 1000 ᠮᠦ ᠪᠠᠶᠢᠭᠤᠯᠵᠤ ᠂ ᠲᠠᠷᠢᠶ᠎ᠠ ᠦᠵᠡᠵᠦ ᠦᠷ᠎ᠡ ᠰᠣᠩᠭᠤᠬᠤ ᠲᠠᠪᠴᠠᠩ ᠢ 1 ᠪᠠᠶᠢᠭᠤᠯᠵᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠠᠵᠤ ᠦᠶᠢᠯᠡᠰᠵᠢᠭᠰᠡᠨ ᠡᠷᠳᠡᠨᠢ ᠰᠢᠰᠢ ᠶᠢᠨ ᠡᠭᠦᠯᠳᠡᠷ᠂ ᠳᠠᠷᠢᠬᠤ ᠵᠠᠭᠪᠤᠷ᠂ ᠡᠪᠡᠰᠦ ᠠᠷᠢᠯᠭᠠᠭᠴᠢ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠳᠠᠷᠢᠵᠤ ᠪᠣᠶᠢᠵᠢᠭᠤᠯᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠦᠷᠨᠢᠭᠦᠯᠪᠡ ᠃ ᠬᠤᠶᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠶᠡᠭᠡ ᠪᠠᠷ ᠪᠦᠲᠦᠭᠡᠨ ᠪᠠᠶᠢᠭᠤᠯᠵᠤ ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠪᠡ᠃ 2023 ᠣᠨ ᠳᠤ ᠂ ᠲᠠᠷᠢᠶᠠᠨ ᠭᠠᠵᠠᠷ ᠂ ᠰᠢᠷᠣᠢ ᠂ ᠤᠰᠤ ᠂ ᠴᠠᠬᠢᠯᠭᠠᠨ ᠂ ᠵᠠᠮ ᠂ ᠤᠢ ᠰᠢᠭᠤᠢ ᠂ ᠮᠡᠷᠭᠡᠵᠢᠯ ᠂ ᠬᠠᠮᠢᠶᠠᠷᠤᠯᠲᠠ ᠵᠡᠷᠭᠡ ᠨᠠᠢᠮᠠ ᠶᠢ ᠢᠵᠢ ᠪᠦᠷᠢᠳᠦᠭᠦᠯᠦᠭᠰᠡᠨ 16 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ ᠂ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ ᠂ ︽ ᠤᠰᠤ ᠠᠮᠤ ᠪᠤᠳᠠᠭᠠᠨ ᠤ ᠵᠥᠷᠢᠴᠡᠯ ︾  ᠢ ᠪᠦᠲᠦᠮᠵᠢᠲᠡᠢ ᠨᠠᠮᠳᠠᠭᠤᠯᠵᠤ ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠭᠤᠷᠪᠠ ᠳᠤ᠂ ᠭᠤᠣᠯᠳᠠᠯᠭ᠎ᠠ ᠲᠠᠢ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠢ  ᠪᠠᠶᠢᠭᠤᠯᠪᠠ ᠃ 2022 ᠣᠨ ᠳᠤ ᠢ ᠯᠦᠩ ᠶᠦᠩ ᠪᠠᠯᠭᠠᠰᠤ ᠶᠢᠨ ᠹᠠᠩ ᠵᠢᠶᠠ ᠶᠢᠩᠽᠢ ᠲᠣᠰᠬᠤᠨ ᠤ 12500 ᠮᠦ ᠲᠦᠮᠡᠨ ᠮᠦ ᠶᠢᠨ ᠲᠠᠯᠠᠪᠠᠢ ᠨᠢᠭᠡᠴᠢ ᠶᠢᠨ ᠤᠨᠠᠯᠲᠠ 1043.65 ᠺᠢᠯᠣᠭ᠍ᠷᠠᠮ ︵14% ᠤᠨ ᠦᠷ᠎ᠡ ᠶᠢᠨ ᠤᠰᠤᠨ ᠤ ᠠᠭᠤᠯᠤᠭᠳᠠᠴᠠ ᠪᠠᠷ ᠨᠤᠭᠤᠯᠵᠤ ᠪᠤᠳᠤᠨ᠎ᠠ ︶  ᠲᠤ ᠬᠦᠷᠴᠦ ᠂ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠵᠡᠢ ᠃ 2022 ᠣᠨ ᠤ ᠴᠡᠭ ᠳᠡᠭᠡᠷ᠎ᠡ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ 2023 ᠣᠨ ᠪᠣᠯᠬᠤ ᠳᠤ ᠪᠦᠭᠦ ᠬᠤᠰᠢᠭᠤᠨ ᠤ ᠬᠡᠪᠴᠢᠶ᠎ᠡ ᠶᠢ ᠥᠷᠭᠡᠳᠬᠡᠵᠦ᠂ ᠪᠦᠭᠦ ᠬᠤᠰᠢᠭᠤ ᠶᠢ ᠲᠠᠶᠢᠴᠢᠯᠠᠨ 80 ᠲᠦᠮᠡᠨ  ᠮᠦ ᠭᠠᠵᠠᠷ ᠬᠡᠷᠡᠭᠯᠡᠵᠦ ᠂ 15 ᠵᠠᠭᠤᠨ ᠮᠦ ᠲᠠᠷᠢᠶ᠎ᠠ᠂ 14 ᠮᠢᠩᠭᠠᠨ ᠮᠦ ᠳᠥᠷᠪᠡᠯᠵᠢᠨ ᠮᠧᠲᠷ᠂ 5 ᠲᠦᠮᠡᠨ ᠮᠦ ᠵᠢᠱᠢᠶ᠎ᠡ ᠦᠵᠡᠭᠦᠯᠬᠦ ᠬᠡᠰᠡᠭ᠂ 1 ᠥᠨᠳᠥᠷ ᠤᠨᠠᠯᠲᠠ ᠲᠠᠢ ᠪᠠᠯᠭᠠᠰᠤ᠂ 1 ᠪᠦᠭᠦ ᠲᠣᠰᠬᠤᠨ ᠢᠶᠠᠷ ᠢᠶᠠᠨ ᠠᠬᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ ᠂ ᠪᠠᠭ᠎ᠠ ᠲᠠᠯᠠᠪᠠᠢ ᠲᠠᠢ ᠥᠨᠳᠥᠷ ᠤᠨᠠᠯᠲᠠ ᠶᠢᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠥᠰᠦᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠳᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠢᠵᠦ᠂ ᠲᠠᠷᠢᠶᠠᠴᠢᠳ ᠲᠤ ᠨᠢᠳᠦᠨ ᠳᠤ ᠦᠵᠡᠭᠳᠡᠵᠦ ᠭᠠᠷ ᠲᠤ ᠪᠠᠷᠢᠬᠳᠠᠮ᠎ᠠ ᠬᠦᠮᠦᠵᠢᠯ ᠬᠦᠷᠳᠡᠭᠡᠵᠦ ᠂ ᠶᠡᠭᠡ ᠬᠡᠪᠴᠢᠶ᠎ᠡ ᠪᠠᠷ ᠲᠡᠩᠴᠡᠭᠦᠷᠢᠲᠡᠢ ᠬᠤᠷᠢᠶᠠᠯᠲᠠ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠪᠠ᠃ ᠳᠥᠷᠪᠡ ᠳᠤ ᠡᠵᠡᠩᠨᠡᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ ᠂ ᠲᠠᠷᠢᠶᠠᠯᠠᠩ ᠤᠨ ᠣᠳᠣᠬᠢᠴᠢᠯᠠᠭᠰᠠᠨ ᠡᠵᠡᠩᠨᠡᠯᠲᠡ ᠶᠢᠨ ᠰᠢᠰᠲ᠋ᠧᠮ ᠢ ᠪᠠᠶᠢᠭᠤᠯᠪᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠰᠣᠩᠭᠤᠵᠤ᠂ ᠰᠢᠨ᠎ᠡ ᠲᠥᠷᠥᠯ ᠵᠦᠢᠯ ᠰᠢᠨ᠎ᠡ ᠮᠡᠷᠭᠡᠵᠢᠯ ᠰᠢᠨ᠎ᠡ ᠵᠠᠭᠪᠤᠷ ᠤᠨ ᠵᠢᠱᠢᠶ᠎ᠡ ᠦᠵᠡᠭᠦᠯᠬᠦ ᠳᠤ ᠣᠷᠣᠯᠴᠠᠵᠤ᠂ ᠬᠡᠪᠴᠢᠶᠡᠵᠢᠭᠰᠡᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ 2023 ᠣᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠬᠡᠷᠡᠭᠵᠢᠭᠦᠯᠦᠭᠰᠡᠨ ᠲᠠᠯᠠᠪᠠᠢ 25 ᠲᠦᠮᠡᠨ ᠮᠦ ᠳᠤ ᠬᠦᠷᠴᠦ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠪᠦᠬᠦ ᠲᠣᠰᠬᠤᠨ ᠪᠦᠬᠦᠯᠢ ᠳᠤᠭᠤᠶᠢᠯᠠᠩ ᠢᠶᠠᠷ ᠠᠬᠢᠭᠤᠯᠬᠤ ᠂ ᠨᠢᠭᠲᠠ ᠲᠠᠷᠢᠵᠦ ᠥᠨᠳᠥᠷ ᠤᠨᠠᠯᠲᠠ ᠲᠠᠢ ᠲᠦᠷᠦᠯ ᠵᠦᠢᠯ ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠂ ᠪᠦᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠵᠢᠴᠢ ᠦᠢᠯᠡᠳᠪᠦᠷᠢᠯᠡᠬᠦ ᠠᠴᠠ ᠡᠮᠦᠨᠡᠬᠢ ᠪᠠ ᠦᠢᠯᠡᠳᠪᠦᠷᠢᠯᠡᠭᠰᠡᠨ ᠤ ᠳᠠᠷᠠᠭᠠᠬᠢ ᠪᠠᠶᠢᠳᠠᠯ ᠢ ᠤᠷᠲᠤᠳᠬᠠᠬᠤ ᠵᠡᠷᠭᠡ ᠵᠢᠷᠭᠤᠭᠠᠨ ᠲᠠᠯ᠎ᠠ ᠠᠴᠠ ᠨᠡᠶᠢᠲᠡᠯᠢᠭ ᠵᠢᠱᠢᠶ᠎ᠡ ᠶᠢ ᠠᠳᠬᠤᠵᠤ ᠂ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠪᠠ ᠃
图片2.png
      ᠡᠷᠳᠡᠨᠢ ᠰᠢᠰᠢ ᠶᠢ ᠨᠢᠭᠲᠠ ᠲᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠯᠡᠨ ᠮᠦ ᠪᠦᠷᠢ ᠶᠢᠨ ᠤᠨᠠᠯᠲᠠ ᠶᠢ ᠴᠥᠮ 100 ᠺᠢᠯᠣᠭ᠍ᠷᠠᠮ ᠣᠷᠴᠢᠮ ᠨᠡᠮᠡᠭᠳᠡᠭᠦᠯᠪᠡ᠃ ᠮᠦ ᠪᠦᠷᠢ ᠳᠤ 100 ᠪᠣᠰᠤᠭ᠎ᠠ ᠳᠥᠷᠪᠡᠯᠵᠢᠨ ᠮᠧᠲᠷ ᠣᠷᠴᠢᠮ ᠤᠰᠤ ᠠᠷᠪᠢᠯᠠᠵᠤ᠂ ᠤᠰᠤᠯᠠᠯᠲᠠ ᠶᠢᠨ ᠤᠰᠤᠨ ᠤ ᠦᠢᠯᠡᠳᠪᠦᠷᠢᠯᠡᠯ ᠤᠨ ᠦᠷ᠎ᠡ ᠪᠦᠲᠦᠮᠵᠢ ᠶᠢ 32 — 9  ᠪᠠᠷ ᠳᠡᠭᠡᠭᠰᠢᠯᠡᠭᠦᠯᠵᠦ᠂ ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢ33 — 2  ᠢᠶᠠᠷ ᠳᠡᠭᠡᠭᠰᠢᠯᠡᠭᠦᠯᠵᠦ᠂ ᠮᠦ ᠪᠦᠷᠢ ᠳᠤ ᠳᠤᠮᠳᠠᠴᠢ ᠪᠠᠷ 200 — 300 ᠲᠥᠭᠦᠷᠢᠭ ᠨᠡᠮᠡᠭᠳᠡᠭᠦᠯᠪᠡ᠃ ᠲᠣᠰ ᠵᠠᠭᠪᠤᠷ ᠨᠢ ︽ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ︾ ᠪᠠᠷ ︽ᠲᠠᠷᠢᠶᠠᠴᠢᠨ ᠡᠷᠦᠬᠡ ᠶᠢ ᠰᠠᠨᠠᠭᠠᠴᠢᠯᠠᠭ᠎ᠠ  ᠠᠴᠠ ᠪᠠᠨ ᠬᠡᠷᠡᠭᠯᠡᠬᠦ︾ ᠶᠢ ᠬᠥᠲᠥᠯᠥᠨ ᠳᠠᠭᠠᠭᠤᠯᠵᠤ ᠳᠠᠶᠢᠴᠢᠯᠠᠪᠠ᠂ 2 ᠵᠢᠯ ᠤᠨ ᠵᠢᠱᠢᠶ᠎ᠡ ᠦᠵᠡᠭᠦᠯᠬᠦ ᠪᠠᠷ ᠳᠡᠮᠵᠢᠨ᠂ ᠳᠡᠯᠭᠡᠷᠡᠭᠦᠯᠦᠭᠰᠡᠨ ᠲᠠᠯᠠᠪᠠᠶ ᠨᠢ ᠨᠢᠭᠡᠨᠲᠡ 80 ᠲᠦᠮᠡᠨ ᠮᠦ ᠳᠤ ᠬᠦᠷᠴᠦ᠂ ᠨᠢᠭᠡᠨᠲᠡ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠱᠠᠲᠤᠨ ᠳᠤ ᠣᠷᠣᠭᠰᠠᠨ ᠪᠠᠶᠢᠨ᠎ᠠ᠃ ᠲᠣᠰ ᠵᠠᠭᠪᠤᠷ ᠢ ᠮᠠᠨ ᠤ ᠣᠷᠣᠨ ᠤ ᠵᠣᠬᠢᠬᠤ ᠨᠥᠬᠦᠴᠡᠯ ᠲᠠᠢ ᠭᠠᠵᠠᠷ ᠣᠷᠣᠨ ᠳᠤ ᠪᠣᠳᠠᠲᠠᠢ ᠲᠠᠢ ᠪᠠᠨ ᠤᠶᠠᠯᠳᠤᠭᠤᠯᠤᠨ ᠳᠡᠯᠭᠡᠷᠡᠭᠦᠯᠵᠦ ᠪᠣᠯᠣᠨ᠎ᠠ᠃ 
图片3.png
   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号