ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠦᠷᠢᠶ᠎ᠡ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/5
      ᠣᠶᠢᠷ᠎ᠠ ᠳᠤ᠂ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠵᠢᠴᠢ ᠨᠣᠬᠠᠢ ᠶᠢᠨ ᠬᠤᠰᠢᠭᠤ ᠰᠠᠭᠠᠭ ᠤᠨ ᠲᠤᠰᠬᠠᠢ ᠮᠡᠷᠭᠡᠵᠢᠯ ᠤᠨ ᠵᠥᠪᠯᠡᠯ ᠤᠨ ᠭᠤᠷᠪᠠᠳᠤᠭᠠᠷ ᠬᠤᠭᠤᠴᠠᠭᠠᠨ ᠤ ᠭᠡᠰᠢᠭᠦᠳ ᠦᠨ ᠲᠦᠯᠦᠭᠡᠯᠡᠭᠴᠢᠳ ᠦᠨ ᠶᠡᠭᠡ ᠬᠤᠷᠠᠯ ᠲᠦᠩᠯᠢᠶᠣᠣ ᠬᠣᠲᠠ ᠶᠢᠨ ᠬᠦᠷᠢᠶ᠎ᠡ ᠬᠤᠰᠢᠭᠤᠨ ᠳᠤ ᠬᠤᠷᠠᠯᠳᠤᠪᠠ᠃      ᠶᠡᠭᠡ ᠬᠤᠷᠠᠯ ᠨᠢ ︽ᠡᠷᠡᠭᠦᠯ ᠡᠩᠬᠡ ᠳᠤᠮᠳᠠᠳᠤ ᠤᠯᠤᠰ ᠲᠤ ᠬᠦᠴᠦᠨ ᠨᠡᠮᠡᠷᠢᠯᠡᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠮᠠᠨ ᠤ ᠤᠯᠤᠰ  ᠤᠨ ᠨᠣᠬᠠᠢ ᠶᠢᠨ ᠬᠤᠰᠢᠭᠤ ᠰᠠᠭᠠᠭ ᠤᠨ ᠰᠢᠨᠵᠢᠯᠡᠬᠦ  ᠤᠬᠠᠭᠠᠨ ᠤ ᠰᠤᠳᠤᠯᠭᠠᠨ ᠪᠠ ᠠᠵᠤ ᠦᠢᠯᠡᠰ ᠡᠷᠬᠢᠯᠡᠵᠤ ᠪᠠᠶᠢᠭ᠎ᠠ ᠬᠥᠮᠥᠰ ᠤᠨ ᠬᠤᠭᠤᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠨ᠂ ᠮᠠᠨ ᠤ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠮᠠᠨ ᠤ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠠᠵᠤ ᠦᠢᠯᠡᠰ ᠤᠨ ᠬᠦᠭᠵᠢᠯᠲᠡ ᠶᠢ ᠬᠠᠮᠲᠤ ᠪᠠᠷ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃      ᠶᠡᠭᠡ ᠬᠤᠷᠠᠯ ᠢ ᠳᠤᠮᠳᠠᠳᠤ ᠤᠯᠤᠰ ᠤᠨ ᠲᠠᠷᠢᠮᠠᠯ ᠤᠨ ᠰᠢᠨᠵᠢᠯᠡᠭᠡᠨ ᠤ ᠨᠡᠶᠢᠭᠡᠮᠯᠢᠭ ᠦᠨ ᠨᠣᠬᠠᠢ ᠶᠢᠨ ᠬᠤᠰᠢᠭᠤ ᠰᠠᠭᠠᠭ ᠤᠨ ᠲᠤᠰᠬᠠᠢ ᠮᠡᠷᠭᠡᠵᠢᠯ ᠤᠨ ᠵᠥᠪᠯᠡᠯ ᠠᠴᠠ ᠭᠤᠣᠯᠯᠠᠨ ᠡᠷᠭᠢᠯᠡᠵᠦ᠂ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠭᠠᠭᠠᠴᠢᠯᠠᠵᠤ ᠡᠷᠭᠢᠯᠡᠨ᠂ ᠥᠪᠥᠷ ᠮᠣᠩᠭᠤᠯ ᠤᠨ ᠦᠨᠳᠦᠰᠦᠲᠡᠨ ᠦ ᠶᠡᠭᠡ ᠰᠤᠷᠭᠠᠭᠤᠯᠢ᠂ ᠲᠦᠩᠯᠢᠶᠣᠣ ᠬᠣᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠬᠠᠮᠵᠢᠯᠴᠠᠨ ᠡᠷᠭᠢᠯᠡᠪᠡ᠃ ᠤᠯᠤᠰ ᠤᠨ ᠳᠣᠲᠣᠭᠠᠲᠤ ᠶᠢᠨ ᠬᠠᠮᠢᠶ᠎ᠡ ᠪᠥᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠶᠡᠭᠡ ᠳᠡᠭᠡᠳᠦ ᠰᠤᠷᠭᠠᠭᠤᠯᠢ ᠠᠴᠠ ᠬᠥᠷᠥᠯᠴᠡᠨ ᠢᠷᠡᠭᠰᠡᠨ ᠨᠡᠷᠡᠳᠤ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ‌‍ᠪᠠᠭᠰᠢ ᠰᠤᠷᠤᠭᠴᠢ ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠳᠡ 150 ᠭᠠᠷᠤᠢ ᠬᠥᠮᠥᠨ ᠬᠤᠷᠠᠯ ᠳᠤ ᠣᠷᠣᠯᠴᠠᠪᠠ᠃      ᠬᠤᠷᠠᠯ ᠤᠨ ᠬᠤᠭᠤᠴᠠᠭᠠᠨ ᠳᠤ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠶᠠ ᠵᠧᠦ ᠸᠠᠨ ᠲᠤᠷᠰᠢᠯᠲᠡ ᠶᠢᠨ ᠲᠠᠰᠤᠭ ᠤᠨ ᠳᠡᠳ᠋ ᠡᠷᠬᠢᠯᠡᠭᠴᠢ ᠴᠢᠶᠠᠨ ᠴᠢᠶᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ ᠤᠨ ᠳᠠᠷᠤᠭ᠎ᠠ ᠵᠧᠦ ᠸᠧᠨ ᠪᠢᠨ᠂ ᠳᠤᠮᠳᠠᠳᠤ ᠤᠯᠤᠰ ᠤᠨ ᠲᠠᠷᠢᠮᠠᠯ ᠤᠨ ᠰᠢᠨᠵᠢᠯᠡᠭᠡᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠴᠧᠩ ᠸᠧᠢ ᠬᠤᠩ ᠲᠣᠰᠪᠣᠷᠢ ︽ᠤᠳᠤ ᠦᠶ᠎ᠡ ᠶᠢᠨ ᠳᠤᠮᠳᠠᠳᠤ ᠤᠯᠤᠰ ᠤᠨ ᠤᠰᠤᠨ ᠲᠤᠲᠤᠷᠭ᠎ᠠ ᠶᠢᠨ ᠦᠷ᠎ᠡ ᠪᠣᠶᠢᠵᠢᠭᠤᠯᠬᠤ ᠴᠢᠬᠤᠯᠠ ᠠᠮᠵᠢᠯᠲᠠ ᠪᠣᠯᠣᠨ ᠰᠡᠩᠬᠡᠷᠡᠭᠦᠯᠦᠯ︾᠂ ︽ᠲᠠᠷᠢᠮᠠᠯ ᠤᠨ ᠥᠨᠳᠥᠷ ᠤᠨᠠᠯᠲᠠ ᠶᠢᠨ ᠪᠦᠷᠢᠯᠳᠦᠯ ᠤᠨ ᠥᠨᠳᠥᠷ ᠭᠡᠷᠡᠯ ᠤᠨ ᠠᠰᠢᠭᠯᠠᠮᠵᠢ  ᠲᠠᠢ ᠹᠢᠽᠢᠣᠯᠣᠭᠢ ᠪᠣᠯᠣᠨ ᠮᠣᠯᠧᠺᠦ᠋ᠯ ᠤᠨ ᠰᠠᠭᠤᠷᠢ︾᠂ ︽ᠰᠠᠯᠬᠢ ᠪᠣᠷᠣᠭᠠᠨᠳᠥ ᠵᠢᠷᠠᠨ ᠵᠢᠯ᠂ ᠰᠢᠭᠤᠷᠬᠠᠶᠢᠯᠠᠨ ᠲᠠᠪᠰᠢᠬᠰᠠᠨ ᠢᠷᠠᠭᠤ ᠬᠠᠭᠤᠳᠠᠰᠤ — ᠳᠤᠮᠳᠠᠳᠤ ᠤᠯᠤᠰ ᠤᠨ ᠲᠠᠷᠢᠮᠠᠯ ᠤᠨ ᠰᠢᠨᠵᠢᠯᠡᠭᠡᠨ ᠤ ᠨᠡᠶᠢᠭᠡᠮᠯᠢᠭ ᠤᠨ ᠣᠨᠴᠠᠯᠢᠭᠲᠤ ᠲᠦᠷᠦᠯ ᠲᠡᠮᠳᠡᠭ ᠤᠨ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ︾ ᠭᠡᠬᠦ ᠰᠡᠳᠤᠪ ᠢᠶᠠᠷ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠶᠢᠨ ᠬᠡᠯᠪᠡᠷᠢ ᠪᠠᠷ ᠣᠨᠴᠠ ᠤᠷᠢᠭᠰᠠᠨ ᠮᠡᠳᠡᠭᠦᠯᠦᠯᠲᠡ ᠬᠢᠵᠡᠢ᠃      ᠬᠦᠷᠢᠶ᠎ᠡ ᠬᠤᠰᠢᠭᠤ ᠪᠣᠯ ᠨᠡᠷ᠎ᠡ ᠠᠯᠳᠠᠷᠰᠢᠭᠰᠠᠨ ᠳᠤᠮᠳᠠᠳᠤ ᠤᠯᠤᠰ ᠤᠨ ᠰᠠᠭᠠᠭ ᠤᠨ ᠰᠣᠶᠣᠯ ᠤᠨ ᠨᠤᠲᠤᠭ ᠪᠠᠶᠢᠵᠤ ᠂ ᠰᠠᠭᠠᠭ ᠤᠨ ᠲᠠᠷᠢᠮᠠᠯ ᠤᠨ ᠲᠠᠯᠠᠪᠠᠶ 10 ᠲᠦᠮᠡᠨ ᠮᠦ ᠳᠤ ᠲᠣᠭᠲᠠᠪᠤᠷᠢᠵᠢᠨ᠂ ︽ᠬᠦᠷᠢᠶ᠎ᠡ ᠰᠠᠭᠠᠭ︾ ᠤᠨ ᠨᠡᠶᠢᠲᠡ ᠶᠢᠨ ᠬᠡᠷᠡᠭᠯᠡᠨ ᠤ ᠲᠥᠷᠥᠯ ᠲᠡᠮᠳᠡᠭ ᠤᠨ ᠥᠷᠲᠡᠭ ᠨᠢ 20 ᠳ᠋ᠦᠩᠰᠢᠭᠤᠷ ᠲᠦᠭᠦᠷᠢᠭ ᠢ ᠳᠠᠪᠠᠪᠠ᠃ ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ︽ᠬᠦᠷᠢᠶ᠎ᠡ ᠰᠠᠭᠠᠭ︾ ᠤᠨ ᠲᠦᠷᠦᠯ ᠲᠡᠮᠳᠡᠭ ᠤᠨ ᠠᠯᠳᠠᠷᠰᠢᠯ ᠢ ᠢᠳᠡᠪᠬᠢᠲᠡᠢ ᠪᠣᠶᠢᠵᠢᠭᠤᠯᠵᠤ ᠂ ᠲᠦᠷᠦᠯ ᠲᠡᠮᠳᠡᠭ ᠤᠨ ᠠᠮᠢᠵᠢᠷᠠᠯ ᠤᠨ ᠬᠦᠴᠦᠨ ᠢ ᠪᠠᠳᠠᠷᠠᠭᠤᠯᠥᠨ᠂ ᠲᠦᠷᠦᠯ ᠲᠡᠮᠳᠡᠭ ᠤᠨ ᠪᠣᠳᠠᠲᠤ ᠬᠦᠴᠦᠨ ᠢ ᠪᠠᠲᠤᠳᠬᠠᠵᠤ᠂ ᠨᠡᠩ ᠥᠨᠳᠥᠷ ᠶᠠᠰᠤ ᠴᠢᠨᠠᠷ᠂ ᠨᠡᠩ ᠰᠢᠯᠢᠳᠡᠭ ᠦᠢᠯᠡᠴᠢᠯᠡᠭᠡ ᠪᠠᠷ ᠠᠷᠠᠳ ᠢ ᠪᠠᠶᠠᠵᠢᠭᠤᠯᠬᠤ ᠪᠠ ᠠᠵᠤ ᠦᠢᠯᠡᠰ ᠢ ᠬᠦᠭᠵᠢᠭᠦᠯᠬᠦ ᠶᠢ ᠣᠷᠭᠠᠨᠢᠭ ᠢᠶᠠᠷ ᠨᠢᠭᠡᠳᠦᠭᠦᠯᠦᠭᠰᠡᠨ᠂ ᠥᠭᠡᠷᠡᠴᠢᠯᠡᠯᠲᠡ ᠪᠠ ᠬᠦᠭᠵᠢᠯᠲᠡ ᠶᠢ ᠣᠷᠭᠠᠨᠢᠭ ᠢᠶᠠᠷ ᠤᠶᠠᠯᠳᠤᠭᠤᠯᠤᠭᠰᠠᠨ᠂ ᠬᠤᠲᠠ ᠪᠠᠯᠭᠠᠰᠤ ᠪᠠ ᠬᠥᠳᠡᠭᠡ ᠲᠤᠰᠬᠤᠨ ᠢ ᠣᠷᠭᠠᠨᠢᠭ ᠢᠶᠠᠷ ᠨᠡᠪᠲᠡᠷᠡᠭᠦᠯᠦᠭᠰᠡᠨ ᠰᠠᠭᠠᠭ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢᠨ ᠵᠠᠮ ᠢᠶᠠᠷ ᠡᠷᠡᠮᠡᠬᠡᠶᠢᠯᠡᠨ ᠵᠠᠮᠨᠠᠵᠤ ᠪᠠᠶᠢᠨ᠎ᠠ ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号