9 ᠳ᠋ᠦ᠋ᠭᠡᠷ ᠰᠠᠷ᠎ᠠ ᠶᠢᠨ 4 ︱ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ | ᠲᠣᠮᠢᠯᠠᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠣᠴᠢᠭᠤᠯᠵᠤ᠂ | ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠤᠨ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠴᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ | ᠴᠠᠷᠠᠭᠠᠨ ᠳᠤ ᠲᠦᠯᠬᠢᠨ ᠠᠬᠢᠭᠤᠯᠬᠤ ᠳᠠᠶᠢᠴᠢᠯᠠᠯᠲᠠ ᠶᠢᠨ ᠬᠤᠷᠠᠯ ᠢ ᠵᠢᠯᠣᠭᠤᠳᠤᠭᠤᠯᠵᠤ᠂ ᠳᠡᠳ᠋ ᠡᠷᠬᠢᠯᠡᠭᠴᠢ | ᠲᠡᠮᠦᠷᠪᠠᠭᠠᠨ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ | ᠰᠣᠷᠢᠯᠲᠠ ᠶᠢ ᠰᠢᠷᠡᠭᠡᠨ ᠳᠡᠭᠡᠷᠡᠬᠢ ᠰᠣᠷᠢᠯᠲᠠ ᠪᠠ ᠲᠤᠬᠠᠢ ᠶᠢᠨ ᠲᠠᠯᠠᠪᠠᠢ ᠶᠢᠨ ᠰᠣᠷᠢᠯᠲᠠ ᠭᠡᠵᠦ ᠬᠤᠶᠠᠷ | ᠬᠡᠰᠡᠭ ᠲᠤ ᠬᠤᠪᠢᠶᠠᠵᠤ ᠂ ᠤᠷᠢᠳᠴᠢᠯᠠᠨ ᠰᠢᠩᠭᠡᠬᠡᠨ ᠦᠢᠯᠡᠳᠦᠭᠰᠡᠨ ᠠᠬᠤᠢ ᠪᠠᠶᠢᠳᠠᠯ ᠢ ᠲᠠᠬᠢᠨ ᠢᠯᠡᠷᠡᠭᠦᠯᠬᠦ | ᠸᠢᠳᠢᠤ᠋ ᠶᠢ ᠦᠵᠡᠭᠰᠡᠨ ᠰᠠᠭᠤᠷᠢᠨ ᠳᠡᠭᠡᠷ᠎ᠡ ᠂ ᠲᠤᠬᠠᠢ ᠶᠢᠨ ᠲᠠᠯᠠᠪᠠᠢ ᠶᠢᠨ ᠰᠣᠷᠢᠯᠲᠠ ᠶᠢ ᠦᠷᠨᠢᠭᠦᠯᠪᠡ᠂ ᠡᠭᠦᠨ ᠳᠤ | ᠭᠤᠣᠯᠳᠠᠭᠤ ᠲᠤᠰᠠᠭᠠᠷᠯᠠᠨ ᠪᠢᠲᠡᠭᠦᠮᠵᠢᠯᠡᠬᠦ᠂ ᠪᠠᠴᠢᠮ ᠦᠯᠦ ᠬᠠᠯᠳᠠᠭᠠᠬᠤ ᠪᠠ ᠬᠤᠣᠷ ᠦᠭᠡᠶᠢᠵᠢᠬᠦᠯᠦᠨ | ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠪᠠᠭᠲᠠᠭᠠᠨ᠎ᠠ ᠃ | ᠬᠠᠮᠤᠭ ᠰᠡᠭᠦᠯ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠬᠤᠷᠠᠯ ᠵᠢᠴᠢ ᠬᠢᠵᠢᠭ ᠤᠨ | ᠪᠠᠶᠢᠳᠠᠯ ᠤᠨ ᠰᠣᠷᠢᠯᠲᠠ ᠶᠢᠨ ᠦᠷ᠎ᠡ ᠪᠦᠲᠦᠮᠵᠢ ᠳᠤ ᠴᠢᠭᠯᠡᠭᠦᠯᠦᠨ ᠰᠤᠳᠤᠯᠤᠨ ᠶᠠᠷᠢᠯᠴᠠᠪᠠ ᠃ | ᠰᠣᠷᠢᠯᠲᠠ ᠶᠢᠨ ᠠᠭᠤᠯᠭ᠎ᠠ ᠶᠢᠨ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ᠂ ᠲᠤᠬᠠᠢ ᠶᠢᠨ ᠲᠠᠯᠠᠪᠠᠶ | ᠶᠢᠨ ᠪᠠᠶᠢᠷᠢᠯᠠᠭᠤᠯᠤᠯᠲᠠ ᠨᠢ ᠨᠠᠷᠢᠨ ᠨᠢᠭᠲᠠ᠂ ᠣᠷᠣᠯᠴᠠᠭᠰᠠᠨ ᠡᠯ᠎ᠡ ᠨᠢᠭᠡᠴᠢ ᠶᠢᠨ ᠢᠳᠡᠪᠬᠢᠵᠢᠯ ᠨᠢ ᠥᠨᠳᠥᠷ | ᠪᠤᠯᠪᠡ ᠃ ᠲᠤᠰ ᠠᠵᠢᠯᠯᠠᠭ᠎ᠠ ᠶᠢᠨ ᠲᠤᠰᠬᠠᠯ ᠶᠡᠭᠡ᠂ ᠰᠣᠷᠢᠯᠲᠠ ᠳᠤ ᠣᠷᠣᠯᠴᠠᠭᠰᠠᠳ ᠴᠥᠮ | ᠴᠠᠭ ᠲᠠᠭᠠᠨ ᠲᠣᠬᠢᠷᠠᠭᠰᠠᠨ ᠰᠣᠷᠢᠯᠲᠠ ᠪᠤᠯᠵᠦ ᠂ ᠤᠯᠤᠯᠳᠠ ᠶᠡᠬᠡᠳᠡᠢ ᠪᠤᠯᠤᠯ᠎ᠠ ᠭᠡᠵᠦ ᠢᠯᠡᠷᠬᠡᠶᠢᠯᠡᠵᠡᠢ᠃ ᠰᠣᠷᠢᠯᠲᠠ ᠪᠠᠷ | ᠳᠡᠮᠵᠢᠨ᠂ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ | ᠴᠢᠩᠭᠠᠷᠠᠭᠤᠯᠵᠤ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ | ᠠᠷᠭᠠᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ | | | | | | | | | | | | | | | |