9 ᠰᠠᠷ᠎ᠠ ᠶᠢᠨ 3 ᠤ ᠡᠳᠦᠷ ᠬᠦᠬᠡᠬᠤᠳᠠ ᠳᠤ ᠬᠤᠷᠠᠯᠳᠤᠭᠰᠠᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ 12 — 16 ᠤ ᠡᠳᠦᠷ | ᠪᠣᠯᠲᠠᠯ᠎ᠠ ᠪᠠᠶᠠᠨᠨᠠᠭᠤᠷ ᠬᠤᠳᠠ ᠳᠤ ᠶᠠᠪᠤᠭᠳᠠᠬᠤ ᠪᠤᠯᠤᠨ᠎ᠠ᠃ | ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ | ᠦᠷ᠎ᠡ ᠪᠦᠲᠦᠭᠡᠯ ᠤᠨ ᠦᠵᠡᠭᠦᠯᠭᠡ᠂ ᠥᠪᠥᠷ ᠮᠣᠩᠭᠤᠯ ᠤᠨ ᠦᠪᠡᠷᠮᠢᠴᠡ ᠤᠨᠴᠠᠯᠢᠭᠳᠤ ᠮᠠᠯ ᠠᠵᠤ ᠠᠬᠤᠢ ᠶᠢᠨ | ᠦᠵᠡᠭᠦᠯᠭᠡ᠂ ᠣᠳᠣ ᠦᠶ᠎ᠡ ᠶᠢᠨ ᠦᠷ᠎ᠡ ᠶᠢᠨ ᠦᠢᠯᠡᠰ ᠤᠨ ᠦᠵᠡᠭᠦᠯᠭᠡ᠂ ᠣᠳᠣ ᠦᠶ᠎ᠡ ᠶᠢᠨ ᠲᠠᠷᠢᠶᠠᠯᠠᠩ ᠤᠨ | ᠮᠠᠰᠢᠨ ᠲᠥᠬᠦᠭᠡᠷᠦᠮᠵᠢ ᠶᠢᠨ ᠦᠵᠡᠭᠦᠯᠭᠡ᠂ ᠪᠠᠶᠠᠨᠨᠠᠭᠤᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠵᠡᠷᠭᠡ ᠲᠠᠪᠤᠨ ᠶᠡᠭᠡ ᠭᠤᠣᠯ ᠰᠡᠳᠦᠪᠲᠦ ᠦᠵᠡᠭᠦᠯᠭᠡ ᠶᠢ ᠡᠷᠬᠢᠯᠡᠬᠦ | ᠪᠤᠯᠤᠨ᠎ᠠ᠃ ᠡᠭᠦᠨ ᠤ ᠬᠠᠮᠳᠤ ᠪᠠᠰᠠ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠲᠤᠬᠠᠢ ᠶᠠᠷᠢᠯᠴᠠᠭ᠎ᠠ | ᠰᠤᠯᠢᠯᠴᠠᠭ᠎ᠠ᠂ ᠠᠵᠤ ᠠᠬᠤᠢ ᠠᠷᠠᠯᠵᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ | ᠵᠥᠪᠳᠡᠯᠴᠡᠭᠡᠷ᠂ ︽ᠲᠡᠭᠷᠢ ᠶᠢᠨ ᠬᠡᠰᠢᠭᠳᠦ ᠪᠣᠷᠣᠲᠣᠬᠤᠢ︾ ᠲᠦᠷᠦᠯ ᠲᠡᠮᠳᠡᠭ ᠤᠨ ᠲᠠᠪᠤᠨ ᠵᠢᠯ ᠤᠨ ᠣᠢ ᠶᠢ | ᠳᠤᠷᠠᠰᠬᠠᠬᠤ ᠠᠵᠢᠯᠯᠠᠭ᠎ᠠ᠂ ᠲᠤᠬᠠᠢ ᠶᠢᠨ ᠭᠠᠵᠠᠷ ᠲᠤ ᠰᠢᠨᠵᠢᠯᠡᠨ ᠪᠠᠶᠢᠴᠠᠭᠠᠯᠲᠠ ᠬᠢᠭᠦ᠂ ᠪᠣᠷᠣᠲᠣᠬᠤᠢ ᠶᠢᠨ ᠠᠮᠲᠠᠲᠤ | ᠢᠳᠡᠭᠡᠨ ᠤ ᠰᠣᠶᠣᠯ ᠤᠨ ᠨᠠᠶᠢᠷ ᠂ ᠪᠣᠷᠣᠲᠣᠬᠤᠢ ᠶᠢᠨ ᠰᠣᠶᠣᠯ ᠤᠷᠠᠯᠢᠭ ᠤᠨ ᠦᠵᠡᠭᠦᠯᠭᠡ ᠶᠢᠨ ᠲᠣᠭᠯᠠᠯᠲᠠ᠂ ᠴᠢᠨᠠᠷ | ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠳᠡᠯᠭᠡᠨ ᠦᠵᠡᠬᠦᠯᠵᠦ | ᠨᠡᠪᠲᠡᠷᠡᠭᠦᠯᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠦᠨ᠎ᠡ᠃ | ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠪᠦᠬᠦ ᠤᠯᠤᠰ ᠤᠨ ᠬᠠᠮᠢᠶ᠎ᠠ ᠪᠦᠬᠦᠢ | ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠤᠷᠤᠨ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠪᠤᠯᠤᠨ ᠶᠡᠭᠡ ᠳᠡᠭᠡᠳᠦ ᠰᠤᠷᠭᠠᠭᠤᠯᠢ ᠵᠢᠴᠢ ᠳᠠᠭᠠᠭᠤᠯᠤᠭᠴᠢ ᠠᠵᠤ | ᠠᠬᠤᠶᠢᠯᠠᠯ ᠢ ᠤᠷᠢᠵᠤ ᠣᠷᠣᠯᠴᠠᠭᠤᠯᠤᠨ᠎ᠠ︔ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠳᠤᠬᠠᠢ | ᠶᠠᠷᠢᠯᠴᠠᠭ᠎ᠠ ᠰᠣᠯᠢᠯᠴᠠᠭ᠎ᠠ ᠳᠤ ᠤᠯᠤᠰ ᠤᠨ ᠳᠣᠲᠣᠭᠠᠳᠤ ᠶᠢᠨ ᠨᠡᠷᠡᠲᠦ ᠠᠺᠠᠳᠧᠮᠢᠴᠢ ᠲᠤᠰᠬᠠᠢ ᠮᠡᠷᠭᠡᠵᠢᠯᠲᠡᠨ ᠢ | ᠤᠷᠢᠵᠤ ᠭᠤᠣᠯ ᠵᠣᠷᠢᠯᠲᠠᠳᠤ ᠶᠠᠷᠢᠶ᠎ᠠ ᠢᠯᠡᠳᠭᠡᠯ ᠬᠢᠯᠭᠡᠨ᠎ᠡ︔ ᠠᠵᠤ ᠠᠬᠤᠢ ᠠᠷᠠᠯᠵᠢᠶᠠᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠵᠥᠪᠳᠡᠯᠴᠡᠭᠡᠷ ᠲᠤ ᠭᠤᠣᠯᠳᠠᠭᠤ ᠤᠯᠤᠰ ᠤᠨ ᠳᠣᠲᠣᠭᠠᠳᠤ ᠶᠢᠨ | ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠠᠭᠠᠭᠤᠯᠤᠭᠴᠢ ᠠᠵᠤ ᠠᠬᠤᠶᠢᠯᠠᠯ ᠢ ᠤᠷᠢᠵᠤ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠵᠦᠪᠳᠡᠯᠴᠡᠭᠡᠷ ᠲᠣᠭᠲᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠦᠷ᠎ᠡ ᠪᠦᠲᠦᠭᠡᠯ ᠢ ᠲᠠᠨᠢᠯᠴᠠᠭᠤᠯᠬᠤ ᠵᠡᠷᠭᠡ ᠠᠵᠢᠯᠯᠠᠭ᠎ᠠ ᠥᠷᠨᠢᠭᠦᠯᠦᠨ᠎ᠡ᠃ | |