ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ⑩ — ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ︽ᠳᠤᠰᠤᠯᠭᠠᠨ ᠤᠰᠤᠯᠠᠬᠤ + ᠨᠢᠭᠲᠠ ᠲᠠᠷᠢᠬᠤ︾ ᠪᠦᠬᠦ ᠪᠠᠶᠢᠭᠤᠯᠤᠮᠵᠢ ᠪᠠᠷ ᠬᠠᠮᠵᠢᠯᠴᠠᠨ ᠤᠨᠠᠯᠲᠠ ᠶᠢ ᠨᠡᠮᠡᠭᠳᠡᠭᠦᠯᠬᠦ ᠵᠠᠭᠪᠤᠷ
ᠨᠡᠶᠢᠲᠡᠯᠡᠭᠰᠡᠨ ᠴᠠᠭ᠄
2023/9/7
      ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠡᠷᠳᠡᠨᠢ ᠰᠢᠰᠢ ᠲᠠᠷᠢᠬᠤ ᠰᠢᠵᠢᠷ ᠠᠯᠲᠠᠨ ᠪᠦᠰᠡ ᠳᠤ ᠪᠠᠶᠢᠷᠢᠯᠠᠵᠤ᠂ ᠡᠷᠳᠡᠨᠢ ᠰᠢᠰᠢ ᠶᠢ ᠵᠢᠯ ᠲᠤᠷᠰᠢ 400 ᠲᠦᠮᠡᠨ ᠮᠦ ᠠᠴᠠ ᠳᠡᠭᠡᠭᠰᠢ ᠳᠠᠷᠢᠵᠤ᠂ ᠭᠦᠢᠬᠡᠨ ᠲᠠᠷᠢᠵᠤ ᠳᠤᠰᠤᠯᠭᠠᠨ ᠤᠰᠤᠯᠠᠬᠤ ᠲᠠᠯᠠᠪᠠᠢ ᠨᠢ 230 ᠲᠦᠮᠡᠨ ᠮᠦ ᠠᠴᠠ ᠳᠡᠭᠡᠭᠰᠢ ᠪᠤᠯᠤᠭᠰᠠᠨ ᠪᠣᠯᠪᠠᠴᠤ ᠲᠠᠷᠢᠶᠠᠨ ᠭᠠᠵᠠᠷ ᠤᠨ ᠡᠵᠡᠩᠨᠡᠯᠲᠡ ᠨᠢ ᠬᠠᠷᠢᠴᠠᠩᠭᠤᠢ ᠪᠠᠷ ᠲᠠᠷᠠᠬᠠᠢ ᠪᠤᠲᠠᠷᠬᠠᠢ ᠂ ᠮᠦ ᠪᠦᠷᠢ ᠶᠢᠨ ᠳᠤᠮᠳᠠᠴᠢ ᠤᠨᠠᠯᠲᠠ ᠨᠢ ᠥᠨᠳᠥᠷ ᠪᠢᠰᠢ ᠪᠠᠶᠢᠵᠤ᠂ 680 ᠺᠢᠯᠣᠭ᠍ᠷᠠᠮ ᠣᠷᠴᠢᠮ ᠪᠠᠶᠢᠳᠠᠭ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠬᠢᠵᠠᠭᠠᠷᠯᠠᠬᠤ ᠪᠣᠭᠤᠮᠢ ᠶᠢ ᠡᠪᠳᠡᠵᠦ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ 2020 ᠣᠨ ᠠᠴᠠ ᠡᠬᠢᠯᠡᠨ ᠬᠤᠷᠰᠢᠶ᠎ᠠ ᠪᠠᠷ ᠲᠦᠰᠢᠭ ᠪᠣᠯᠭᠠᠵᠤ ᠂ ᠲᠤᠬᠠᠢ ᠶᠢᠨ ᠭᠠᠵᠠᠷ ᠲᠠᠭᠠᠨ ᠤᠯᠠᠨ ᠵᠢᠯ ᠤᠨ ᠲᠤᠷᠰᠢ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠳᠠ ᠤᠯᠬᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ ᠂ ᠵᠢᠱᠢᠶ᠎ᠡ ᠦᠵᠡᠭᠦᠯᠬᠦ ᠰᠠᠭᠤᠷᠢᠨ ᠳᠡᠭᠡᠷ᠎ᠡ ᠂ 2023 ᠣᠨ ᠳᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 20 ᠲᠦᠮᠡᠨ ᠮᠦ ᠬᠡᠷᠡᠭᠵᠢᠭᠦᠯᠵᠦ ᠂ ︽ ᠳᠤᠰᠤᠯᠭᠠᠨ ᠤᠰᠤᠯᠠᠬᠤ + ᠨᠢᠭᠲᠠ ᠲᠠᠷᠢᠬᠤ ︾ ᠪᠦᠬᠦ ᠪᠠᠶᠢᠭᠤᠯᠤᠮᠵᠢ ᠪᠠᠷ ᠬᠠᠮᠵᠢᠯᠴᠠᠨ ᠤᠨᠠᠯᠲᠠ ᠨᠡᠮᠡᠭᠳᠡᠭᠦᠯᠬᠦ ᠵᠠᠭᠪᠤᠷ ᠢ ᠰᠦᠪᠡᠭᠴᠢᠯᠡᠨ ᠭᠠᠷᠭᠠᠵᠠᠢ ᠃
图片1.png
      ᠭᠤᠣᠯ ᠠᠷᠭ᠎ᠠ ᠪᠠᠷᠢᠯ᠄ ᠨᠢᠭᠡ ᠳᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠷᠴᠢᠮᠵᠢᠭᠦᠯᠪᠡ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠵᠢᠯ ᠢ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠯᠠᠨ ᠲᠠᠯ᠎ᠠ ᠪᠠᠷ ᠬᠢᠨᠠᠨ ᠰᠢᠯᠭᠠᠪᠠ᠃ ᠬᠤᠶᠠᠷ ᠲᠤ ᠮᠡᠷᠭᠡᠵᠢᠯ ᠤᠨ ᠦᠢᠯᠡᠴᠢᠯᠡᠭᠡ ᠶᠢ ᠪᠠᠲᠤᠯᠭᠠᠵᠢᠭᠤᠯᠪᠠ᠃ ︽ᠨᠡᠪᠴᠢᠯᠲᠡ ᠶᠢᠨ ᠮᠠᠶ᠋ᠢᠭ︾ ᠤᠨ ᠮᠡᠷᠭᠡᠵᠢᠯ ᠤᠨ ᠵᠢᠯᠣᠭᠤᠳᠤᠯᠭ᠎ᠠ ᠶᠢ ᠥᠷᠨᠢᠭᠦᠯᠵᠦ᠂ ᠬᠤᠰᠢᠭᠤᠨ  ᠠᠴᠠ ᠪᠠᠯᠭᠠᠰᠤ ᠶᠢ ᠳᠠᠭᠠᠭᠠᠴᠢᠯᠠᠬᠤ᠂ ᠪᠠᠯᠭᠠᠰᠤᠨ ᠠᠴᠠ ᠲᠣᠰᠬᠤᠨ ᠢ ᠳᠠᠭᠠᠭᠠᠴᠢᠯᠠᠬᠤ᠂ ᠲᠣᠰᠬᠤᠨ  ᠠᠴᠠ ᠲᠠᠷᠢᠶᠠᠴᠢᠨ ᠡᠷᠦᠬᠡ  ᠶᠢ ᠵᠢᠯᠤᠭᠤᠳᠬᠤ ︽ᠫᠢᠷᠠᠮᠢᠳ᠋ ᠰᠤᠪᠤᠷᠭ᠎ᠠ ᠮᠠᠶ᠋ᠢᠭ︾ ᠤᠨ ᠮᠡᠷᠭᠡᠵᠢᠯ ᠤᠨ  ᠪᠣᠯᠪᠠᠰᠤᠷᠠᠯ ᠤᠨ ᠵᠢᠯᠤᠭᠤᠳᠬᠤ ᠰᠢᠰᠲ᠋ᠧᠮᠵᠢ ᠶᠢ ᠲᠣᠭᠲᠠᠭᠠᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠰᠦᠷᠦᠭᠵᠢᠯ ᠢ ᠪᠠᠶᠢᠭᠤᠯᠤᠨ᠂ ᠮᠡᠷᠭᠡᠵᠢᠯ ᠤᠨ ᠵᠢᠯᠣᠭᠤᠳᠤᠯᠭ᠎ᠠ ᠶᠢ ᠨᠠᠷᠢᠯᠢᠭ ᠣᠨᠣᠴᠠᠲᠠᠢ ᠪᠠᠷ ᠡᠷᠦᠬᠡ ᠳᠤ ᠬᠦᠷᠭᠡᠬᠦ︾ ᠶᠢ ᠪᠡᠶᠡᠯᠡᠭᠦᠯᠪᠡ ︔ ᠬᠠᠷᠮᠠᠨ ᠪᠢᠴᠢᠭ ᠵᠣᠬᠢᠶᠠᠬᠤ ᠶᠢᠨ ᠬᠠᠮᠲᠤ ᠲᠠᠷᠢᠶᠠᠴᠢᠨ ᠡᠷᠦᠭᠡ ᠨᠢᠭᠡᠪᠦᠷᠢ ᠶᠢᠨ ᠭᠠᠷ ᠲᠤ ᠲᠠᠷᠬᠠᠭᠠᠨ ᠥᠭᠴᠦ᠂ ︽ ᠨᠣᠮ ᠪᠢᠴᠢᠭ ᠢ ᠭᠠᠷ ᠲᠠᠭᠠᠨ ᠡᠵᠡᠮᠰᠢᠵᠦ ᠂ ᠲᠤᠰᠬᠠᠢ ᠮᠡᠷᠭᠡᠵᠢᠯᠲᠡᠨ  ᠢ ᠬᠠᠷᠮᠠᠨ ᠳᠠᠭᠠᠨ ᠠᠪᠴᠤ ᠶᠠᠪᠤᠬᠤ ︾ ᠶᠢ ᠪᠡᠶᠡᠯᠡᠭᠦᠯᠪᠡ ︔ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠭᠡᠷ ᠳᠣᠲᠣᠷᠠᠬᠢ ᠣᠨᠣᠯ ᠬᠢᠭᠡᠳ ᠭᠡᠷ ᠤᠨ ᠭᠠᠳᠠᠨᠠᠬᠢ ᠦᠢᠯᠡᠳᠦᠯᠭᠡ ᠶᠢᠨ ᠲᠤᠬᠠᠢ ᠶᠢᠨ ᠲᠠᠯᠠᠪᠤᠷ ᠤᠨ ᠪᠣᠯᠪᠠᠰᠤᠷᠠᠯ ᠤᠨ ᠬᠤᠷᠠᠯ ᠢ ᠲᠥᠪᠯᠡᠷᠡᠭᠦᠯᠦᠨ ᠬᠤᠷᠠᠯᠳᠤᠭᠤᠯᠵᠤ᠂ ︽ᠨᠢᠭᠤᠷᠲᠠᠨ ᠠᠭᠤᠯᠵᠠᠬᠤ ᠂  ᠬᠦᠳᠦᠯᠦᠨ ᠬᠢᠬᠦ︾ ᠵᠢᠭᠠᠨ ᠰᠤᠷᠭᠠᠯᠲᠠ ᠬᠢᠵᠦ ᠂ ᠲᠠᠷᠢᠮᠠᠯ ᠤᠨ ᠮᠡᠷᠭᠡᠵᠢᠯ ᠢ 100% ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠭᠤᠷᠪᠠ ᠳᠤ ᠦᠢᠯᠡᠴᠢᠯᠡᠭᠡᠨ ᠤ ᠪᠠᠲᠤᠯᠠᠭ᠎ᠠ ᠶᠢᠨ ᠪᠠᠷᠢᠮᠵᠢᠶ᠎ᠠ ᠶᠢᠨ ᠬᠤᠷᠰᠢᠶ᠎ᠠ ᠪᠠ ᠲᠠᠷᠢᠮᠠᠯ ᠤᠨ ᠲᠣᠮᠣ ᠡᠷᠦᠬᠡ ᠪᠠᠷ ᠲᠦᠰᠢᠭ ᠪᠣᠯᠭᠠᠵᠤ᠂ ᠲᠥᠪᠯᠡᠷᠡᠨ ᠵᠠᠯᠭᠠᠯᠳᠤᠭᠰᠠᠨ ᠪᠦᠬᠦᠯᠢ ᠰᠢᠶᠠᠩ ᠪᠠᠯᠭᠠᠰᠤ ︵ᠭᠠᠴᠠᠭ᠎ᠠ ᠲᠣᠰᠬᠤᠨ︶ ᠪᠠᠷ ᠲᠦᠯᠬᠢᠨ ᠠᠬᠢᠭᠤᠯᠬᠤ ᠶᠢ ᠬᠡᠷᠡᠭᠵᠢᠭᠦᠯᠦᠨ᠂ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢ ᠡᠷᠭᠢᠯᠳᠦᠭᠦᠯᠬᠦ ᠪᠤᠶᠤ ᠪᠦᠬᠦᠨ ᠢ ᠨᠠᠶᠢᠳᠠᠨ ᠬᠠᠮᠢᠶᠠᠷᠤᠭᠤᠯᠬᠤ ︵ᠬᠠᠭᠠᠰ ᠨᠠᠶᠢᠳᠠᠨ ᠬᠠᠮᠢᠶᠠᠷᠤᠭᠤᠯᠬᠤ︶ ᠬᠡᠯᠪᠡᠷᠢ ᠪᠠᠷ ᠡᠵᠡᠩᠨᠡᠭᠦᠯᠵᠦ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠪᠠ 12 ᠵᠦᠢᠯ ᠤᠨ ᠢᠵᠢ ᠪᠦᠷᠢᠳᠦᠭᠦᠯᠬᠦ ᠮᠡᠷᠭᠡᠵᠢᠯ ᠢ ᠬᠡᠷᠡᠭᠯᠡᠨ᠂ ᠬᠡᠪᠴᠢᠶᠡᠵᠢᠭᠦᠯᠦᠨ ᠡᠵᠡᠩᠨᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠪᠡᠶᠡᠯᠡᠭᠦᠯᠪᠡ ᠃ ᠳᠥᠷᠪᠡ ᠳᠤ ︽ ᠠᠳᠠᠯᠢ ᠲᠠᠯ᠎ᠠ ᠪᠠᠨ ᠨᠢᠭᠡᠳᠬᠡᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠵᠦ ︾ ᠬᠡᠪ ᠵᠠᠭᠪᠤᠷ ᠢ ᠪᠤᠢ ᠪᠤᠯᠭᠠᠪᠠ᠃ ᠳᠥᠷᠪᠡᠨ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠰᠢᠶᠠᠩ ᠪᠠᠯᠭᠠᠰᠤ ᠳᠤ ᠲᠥᠷᠥᠯ ᠵᠦᠢᠯ ᠢᠶᠠᠷ ᠨᠢ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠣᠪᠣᠭᠠᠨ ᠰᠤᠮᠤ ᠶᠢ ︽1+1+1︾ ᠣᠶᠤᠨᠲᠤ ᠲᠠᠷᠢᠶᠠᠯᠠᠩ ᠤᠨ ᠨᠡᠶᠢᠲᠡᠯᠢᠭ ᠵᠢᠱᠢᠶ᠎ᠡ ᠪᠣᠯᠭᠠᠨ ᠪᠠᠶᠢᠭᠤᠯᠵᠤ᠂  ᠰᠢᠭᠡᠪᠦᠷᠳᠦ ᠪᠠᠯᠭᠠᠰᠤ ᠶᠢ ︽ ᠲᠠᠷᠠᠬᠠᠢ ᠲᠠᠷᠢᠶ᠎ᠠ ᠶᠢ ᠴᠡᠭᠴᠡᠯᠡᠨ ᠪᠠᠶᠢᠭᠤᠯᠤᠭᠰᠠᠨ︾ ᠨᠡᠶᠢᠲᠡᠯᠢᠭ ᠵᠢᠱᠢᠶ᠎ᠡ ᠪᠣᠯᠭᠠᠨ ᠪᠠᠶᠢᠭᠤᠯᠵᠤ᠂ ᠬᠤᠸᠠ ᠬᠤᠰᠢᠭᠤ ᠰᠤᠮᠤ ᠶᠢ ︽ᠳᠤᠮᠳᠠ ᠳᠣᠣᠷ᠎ᠠ ᠤᠨᠠᠯᠲᠠ ᠲᠠᠢ ᠡᠯᠡᠰᠦᠷᠬᠡᠭ ᠭᠠᠵᠠᠷ ᠤᠨ ᠥᠨᠳᠥᠷ ᠤᠨᠠᠯᠲᠠ ᠲᠠᠢ︾ ᠨᠡᠶᠢᠲᠡᠯᠢᠭ ᠵᠢᠱᠢᠶ᠎ᠡ ᠪᠣᠯᠭᠠᠨ᠂ ᠶᠣᠯᠤ ᠶᠢᠨ ᠮᠣᠳᠤ ᠪᠠᠯᠭᠠᠰᠤ ᠶᠢ ︽ᠨᠡᠶᠢᠭᠡᠮᠴᠢᠯᠡᠭᠰᠡᠨ ᠦᠢᠯᠡᠴᠢᠯᠡᠭᠡ︾ ᠶᠢᠨ ᠨᠡᠶᠢᠲᠡᠯᠢᠭ ᠵᠢᠱᠢᠶ᠎ᠡ ᠪᠣᠯᠭᠠᠨ ᠪᠠᠶᠢᠭᠤᠯᠵᠤ᠂ ᠨᠢᠭᠡ ᠪᠠᠯᠭᠠᠰᠤ ᠨᠢᠭᠡ ᠣᠨᠴᠠᠯᠢᠭ ᠲᠠᠢ᠂ ᠨᠢᠭᠡ ᠲᠣᠭᠤᠷᠢᠭ ᠲᠤ ᠨᠢᠭᠡ ᠬᠢᠯᠠᠰ ᠴᠡᠭ ᠲᠠᠢ ᠪᠤᠯᠭᠠᠪᠠ᠃ ᠲᠠᠪᠤ ᠳᠤ᠂ ︽ᠲᠦᠷᠪᠡᠨ ᠰᠠᠶᠢᠨ ᠨᠢᠭᠡ ᠤᠬᠠᠭᠠᠨ ︾ ᠢᠶᠠᠷ ᠭᠠᠷᠳᠠᠴᠠ ᠪᠤᠯᠭᠠᠪᠠ᠃ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠪᠠᠷ ᠰᠠᠭᠤᠷᠢ ᠪᠣᠯᠭᠠᠵᠤ᠂ ᠲᠣᠬᠢᠷᠠᠮᠵᠢᠲᠠᠢ ᠨᠢᠭᠲᠠ ᠳᠠᠭᠠᠭᠠᠮᠠᠭᠠᠢ ᠥᠨᠳᠥᠷ ᠤᠨᠠᠯᠲᠠ ᠲᠠᠢ ᠡᠷᠳᠡᠨᠢ ᠰᠢᠰᠢ ᠶᠢᠨ ᠡᠭᠦᠯᠳᠡᠷ ᠢ ᠨᠢᠭᠡᠳᠦᠯᠲᠡᠢ ᠳᠠᠷᠢᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠳᠠᠷᠢᠬᠤ᠂ ᠬᠢᠮᠢ ᠶᠢᠨ ᠡᠵᠡᠮᠳᠡᠯ ᠪᠠ ᠬᠤᠷᠣᠬᠠᠢ ᠶᠢᠨ ᠬᠥᠨᠥᠭᠡᠯ ᠢ ᠨᠢᠭᠡᠳᠦᠯᠲᠡᠢ ᠰᠡᠷᠭᠡᠶᠢᠯᠡᠨ ᠡᠵᠡᠮᠳᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠭᠤᠭᠴᠤᠭ᠎ᠠ ᠶᠢᠨ ᠨᠢᠭᠡᠳᠦᠯᠲᠡᠢ ᠠᠵᠢᠯ ᠢ ᠥᠷᠨᠢᠭᠦᠯᠵᠦ᠂ 1+1+1 ᠶᠢᠨ ᠣᠶᠤᠨᠴᠢᠯᠠᠭᠰᠠᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠲᠠᠪᠴᠠᠩ ᠢ ᠲᠥᠪᠯᠡᠷᠡᠭᠦᠯᠦᠨ ᠪᠠᠶᠢᠭᠤᠯᠪᠠ᠃ ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠠᠷᠭ᠎ᠠ᠂ ᠰᠠᠶᠢᠨ ᠲᠣᠬᠢᠶᠠᠯ᠂ ᠰᠠᠶᠢᠨ ᠤᠬᠠᠭᠠᠨ ᠵᠡᠷᠭᠡ ︽ᠲᠦᠷᠪᠡᠨ ᠰᠠᠶᠢᠨ ᠨᠢᠭᠡ ᠤᠶᠤᠨ ︾ ᠤ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠤᠳᠤ ᠦᠶ᠎ᠡ ᠶᠢᠨ ᠲᠠᠷᠢᠶᠠᠯᠠᠩ ᠂ ᠥᠨᠳᠥᠷ ᠦᠷ᠎ᠡ ᠠᠰᠢᠭ ᠲᠠᠢ ᠲᠠᠷᠢᠶᠠᠯᠠᠩ ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ᠂ ᠵᠢᠱᠢᠶ᠎ᠡ ᠦᠵᠡᠭᠦᠯᠬᠦ ᠲᠠᠷᠢᠶᠠᠯᠠᠩ ᠂ ᠣᠨᠴᠠᠯᠢᠭᠲᠤ ᠲᠠᠷᠢᠶᠠᠯᠠᠩ ᠢᠶᠠᠷ ᠨᠢᠭᠡ ᠴᠣᠭᠴᠠ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠳᠠᠭᠤᠷᠢᠶᠠᠯ ᠪᠣᠯᠬᠤ ︽ ᠦᠯᠢᠭᠡᠷ ᠳᠠᠭᠤᠷᠢᠶᠠᠯ ᠲᠠᠷᠢᠶ᠎ᠠ ︾ ᠶᠢ ᠪᠤᠢ ᠪᠤᠯᠭᠠᠪᠠ᠃ ᠵᠢᠷᠭᠤᠭ᠎ᠠ ᠳᠤ ᠂ ︽ ᠲᠠᠪᠤᠨ ᠨᠠᠷᠢᠯᠢᠭ ᠣᠨᠣᠴᠠᠲᠠᠢ ︾  ᠪᠠᠷ ᠦᠢᠯᠡᠳᠪᠦᠷᠢᠯᠡᠯ ᠤᠨ ᠨᠡᠮᠡᠭᠳᠡᠯ ᠢ ᠪᠠᠲᠤᠯᠠᠪᠠ᠃ ᠭᠠᠵᠠᠷ ᠰᠢᠷᠣᠢ ᠶᠢ ︽ᠨᠠᠷᠢᠯᠢᠭ ᠣᠨᠣᠴᠠᠲᠠᠢ ᠪᠠᠷ︾ ᠲᠡᠭᠰᠢᠯᠡᠨ ᠳᠠᠷᠢᠵᠤ᠂ ᠲᠠᠷᠢᠶᠠᠨ ᠭᠠᠵᠠᠷ ᠢ ᠪᠦᠬᠦᠨ ᠢ ︽ᠵᠢᠭᠳᠡ᠂ ᠲᠡᠭᠰᠢ᠂ ᠰᠤᠯᠠ᠂ ᠲᠠᠷᠠᠬᠠᠢ᠂ ᠴᠡᠪᠡᠷ᠂ ᠴᠢᠭᠢᠭ︾ ᠤᠨ ᠴᠢᠨᠠᠷ ᠰᠠᠶᠢᠲᠠᠢ ᠪᠠᠷᠢᠮᠵᠢᠶ᠎ᠠ ᠳᠤ ᠬᠦᠷᠦᠭᠦᠯᠪᠡ︔ ᠳᠣᠬᠢᠭᠤᠷ ᠲᠤᠯᠤᠭᠠᠨ ᠣᠲᠣ ᠵᠠᠮᠴᠢᠯᠠᠭᠴᠢ  ᠪᠠᠷ ᠵᠠᠮᠴᠢᠯᠠᠭᠤᠯᠤᠨ ︽ᠨᠠᠷᠢᠯᠢᠭ︾ ᠳᠠᠷᠢᠵᠤ᠂ ᠮᠦ ᠪᠦᠷᠢ ᠳᠠᠷᠢᠬᠤ ᠨᠢᠭᠲᠠᠴᠠ ᠶᠢ ᠴᠥᠮ 5500 ᠰᠠᠭᠤᠷᠢ / ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠴᠢᠨᠠᠷ ᠰᠠᠶᠢᠲᠠᠢ ᠳᠠᠷᠢᠬᠤ ᠶᠢ  ᠪᠡᠶᠡᠯᠡᠭᠦᠯᠪᠡ ︔ ᠪᠦᠷᠢᠨ ᠦᠰᠦᠯᠳᠡ ᠶᠢᠨ ᠬᠤᠭᠤᠴᠠᠭᠠᠨ ᠳᠤ ︽ᠨᠠᠷᠢᠯᠢᠭ ᠣᠨᠣᠴᠠᠲᠠᠢ︾ ᠪᠣᠷᠳᠣᠭᠤᠷ ᠤᠰᠤ ᠶᠢ ᠬᠤᠷᠠᠮᠳᠤᠭᠤᠯᠵᠤ᠂ ᠤᠰᠤ ᠪᠣᠷᠳᠣᠭᠤᠷ ᠢ ᠬᠡᠷᠡᠭᠴᠡᠭᠡ ᠪᠠᠷ ᠨᠢ ᠬᠠᠩᠭᠠᠵᠤ᠂ ᠪᠦᠷᠢᠨ  ᠦᠰᠦᠯᠳᠡ ᠶᠢᠨ ᠬᠤᠭᠤᠴᠠᠭᠠᠨ ᠳᠤ ᠳᠤᠰᠤᠯᠭᠠᠨ ᠤᠰᠤᠯᠠᠵᠤ ᠪᠣᠷᠳᠣᠭᠤᠷ ᠨᠡᠮᠡᠵᠦ᠂ ᠨᠢᠭᠡᠳᠦᠯᠲᠡᠢ ᠡᠵᠡᠮᠳᠡᠪᠡ︔ ᠡᠪᠡᠳᠴᠢᠨ ᠬᠤᠷᠣᠬᠠᠢ ᠶᠢᠨ ᠬᠥᠨᠥᠭᠡᠯ ᠢ ︽ᠨᠠᠷᠢᠯᠢᠭ ᠣᠨᠣᠴᠠᠲᠠᠢ ᠪᠠᠷ︾ ᠰᠡᠷᠭᠡᠶᠢᠯᠡᠨ ᠡᠵᠡᠮᠳᠡᠵᠦ᠂  ᠡᠪᠡᠳᠴᠢᠨ ᠬᠤᠷᠣᠬᠠᠢ ᠶᠢ ᠣᠶᠤᠨᠴᠢᠯᠠᠭᠰᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠢ ᠪᠡᠶᠡᠯᠡᠭᠦᠯᠵᠦ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢ ᠬᠡᠷᠡᠭᠯᠡᠨ᠂ ᠪᠦᠬᠦᠨ ᠢ ᠬᠠᠮᠤᠷᠤᠨ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠶᠢ ᠬᠡᠷᠡᠭᠵᠢᠭᠦᠯᠪᠡ ︔ ᠪᠣᠯᠪᠠᠰᠤᠷᠠᠭᠰᠠᠨ ᠤ ᠳᠠᠷᠠᠭ᠎ᠠ ︽ᠨᠠᠷᠢᠯᠢᠭ ᠣᠨᠣᠴᠠᠲᠠᠢ ᠪᠠᠷ︾ ᠮᠠᠰᠢᠨ ᠢᠶᠠᠷ ᠬᠤᠷᠢᠶᠠᠵᠤ ᠂ ᠬᠤᠷᠢᠶᠠᠭᠰᠠᠨ ᠮᠥᠬᠦᠯᠢᠭ ᠤᠨ ᠬᠤᠬᠢᠷᠠᠯ ᠢ ᠪᠠᠭᠠᠰᠬᠠᠨ᠂ ᠪᠣᠳᠠᠲᠠᠢ ᠬᠤᠷᠢᠶᠠᠭᠰᠠᠨ ᠲᠠᠯᠠᠪᠠᠶ ᠨᠢᠭᠡᠴᠢ ᠶᠢᠨ ᠤᠨᠠᠯᠲᠠ ᠶᠢ ᠦᠨᠡᠨ ᠬᠦ ᠳᠡᠭᠡᠭᠰᠢᠯᠡᠭᠦᠯᠪᠡ᠃
444545.jpg
      ︽ᠳᠤᠰᠤᠯᠭᠠᠨ ᠤᠰᠤᠯᠠᠬᠤ + ᠨᠢᠭᠲᠠ ᠳᠠᠷᠢᠬᠤ︾ ᠪᠦᠬᠦ ᠪᠠᠶᠢᠭᠤᠯᠤᠮᠵᠢ ᠪᠠᠷ ᠬᠠᠮᠵᠢᠯᠴᠠᠨ ᠤᠨᠠᠯᠲᠠ ᠶᠢ ᠨᠡᠮᠡᠭᠳᠡᠭᠦᠯᠬᠦ ᠵᠠᠭᠪᠤᠷ ᠢ ᠬᠡᠷᠡᠭᠯᠡᠪᠡᠯ᠂ ᠮᠦ ᠪᠦᠷᠢ ᠶᠢᠨ ᠳᠤᠮᠳᠠᠴᠢ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠵᠦ᠂ 850 ᠺᠢᠯᠣᠭ᠍ᠷᠠᠮ / ᠮᠦ ᠳᠤ ᠬᠦᠷᠦᠭᠦᠯᠵᠦ᠂ ᠮᠦ ᠪᠦᠷᠢ ᠳᠤ ᠳᠤᠮᠳᠠᠴᠢ ᠪᠠᠷ 2 ︱ 3 ᠺᠢᠯᠣᠭ᠍ᠷᠠᠮ ᠪᠣᠷᠳᠣᠭᠤᠷ ᠠᠷᠪᠢᠯᠠᠵᠤ᠂ 150 ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠲᠠᠷᠢᠶᠠᠴᠢᠨ ᠡᠷᠦᠬᠡ ᠶᠢᠨ ︽ᠲᠠᠷᠠᠬᠠᠢ ᠲᠠᠷᠢᠶᠠᠨ ᠭᠠᠵᠠᠷ︾ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠬᠡᠮᠵᠢᠶ᠎ᠡ ᠳᠣᠣᠷ᠎ᠠ᠂ ᠦᠢᠯᠡᠳᠪᠦᠷᠢᠯᠡᠯ ᠤᠨ ᠥᠪᠡᠷ ᠤᠨ ᠥᠷᠲᠡᠭ ᠥᠨᠳᠥᠷ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠦ ᠪᠦᠷᠢ ᠳᠤ ᠳᠤᠮᠳᠠᠴᠢ ᠪᠠᠷ ᠥᠪᠡᠷ ᠤᠨ ᠥᠷᠲᠡᠭ ᠢ ᠠᠷᠪᠢᠯᠠᠵᠤ ᠦᠷ᠎ᠡ ᠠᠰᠢᠭ ᠢ 10%  ᠠᠴᠠ ᠳᠡᠭᠡᠭᠰᠢ ᠨᠡᠮᠡᠭᠳᠡᠭᠦᠯᠪᠡ᠃ ᠲᠣᠰ ᠵᠦᠢᠯ ᠤᠨ ᠵᠠᠭᠪᠤᠷ ᠢ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠤ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠨᠥᠬᠦᠴᠡᠯ ᠲᠠᠢ ᠭᠠᠵᠠᠷ ᠣᠷᠣᠨ ᠳᠤ ᠳᠡᠯᠭᠡᠷᠡᠭᠦᠯᠦᠨ ᠬᠡᠷᠡᠭᠯᠡᠵᠦ ᠪᠣᠯᠣᠨ᠎ᠠ᠃
5555.jpg
    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号