ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ | ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ | ᠴᠢᠳᠠᠪᠤᠷᠢᠳᠠᠨ ᠤ ᠠᠩᠬᠠᠨ ᠤ ᠰᠢᠯᠭᠠᠷᠠᠭᠤᠯᠤᠯᠲᠠ ᠳᠠᠭᠤᠰᠴᠤ᠂ 12 ᠠᠶᠢᠮᠠᠭ ᠬᠤᠲᠠ ᠶᠢᠨ 60 ᠬᠦᠮᠦᠨ | ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠤᠯᠪᠠ᠃ | ᠣᠶᠢᠯᠠᠭᠠᠭᠰᠠᠨ ᠢᠶᠠᠷ᠂ ᠪᠦᠬᠦ ᠣᠷᠣᠨ ᠠᠴᠠ ᠨᠡᠶᠢᠲᠡ 219 ᠬᠦᠮᠦᠨ ᠰᠢᠯᠭᠠᠷᠠᠭᠤᠯᠤᠯᠳᠠ ᠳᠤ ᠣᠷᠣᠯᠴᠠᠬᠤ ᠪᠠᠷ | ᠨᠡᠷ᠎ᠡ ᠮᠡᠳᠡᠭᠦᠯᠵᠦ᠂ ᠡᠴᠦᠰ ᠲᠡᠭᠡᠨ 161 ᠬᠦᠮᠦᠨ ᠤᠷᠤᠯᠳᠤᠭᠠᠨ ᠳᠤ ᠣᠷᠣᠯᠴᠠᠬᠤ ᠬᠢᠷᠢ ᠭᠡᠮ ᠳᠤ ᠨᠡᠶᠢᠴᠡᠭᠰᠡᠨ | ᠪᠥᠭᠡᠳ ᠵᠣᠬᠢᠶᠠᠨ ᠪᠠᠶᠢᠭᠤᠯᠬᠤ ᠺᠣᠮᠢᠰ ᠲᠤ ᠨᠤᠲᠤᠭ ᠤᠨ ᠢᠶᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠳᠠᠷᠢᠶᠠᠯᠠᠩ ᠤᠨ ᠪᠦᠳᠦᠭᠡᠭᠳᠡᠭᠦᠨ ᠢ ᠤᠬᠠᠭᠤᠯᠤᠨ ᠲᠠᠨᠢᠯᠴᠠᠭᠤᠯᠤᠭᠰᠠᠨ ᠸᠢᠳᠢᠣ᠋ ᠪᠦᠲᠦᠭᠡᠯ ᠢ ᠮᠡᠳᠡᠭᠦᠯᠦᠨ ᠬᠦᠷᠭᠡᠭᠰᠡᠨ | ᠪᠠᠶᠢᠨ᠎ᠠ᠃ ᠲᠤᠰᠬᠠᠢ ᠮᠡᠷᠭᠡᠵᠢᠯᠲᠡᠳ ᠠᠳᠠᠯᠢ ᠪᠤᠰᠤ ᠲᠤᠰᠬᠠᠢ ᠮᠡᠷᠭᠡᠵᠢᠯ ᠤᠨ ᠲᠠᠯ᠎ᠠ ᠠᠴᠠ ᠰᠢᠯᠭᠠᠷᠠᠭᠤᠯᠬᠤ ᠪᠠᠷ | ᠳᠠᠮᠵᠢᠨ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠰᠦᠯᠵᠢᠶᠡᠨ ᠤ | ᠨᠡᠷᠡᠳᠤ ᠬᠥᠮᠦᠰ ᠢ ᠨᠡᠶᠢᠲᠡ 60 ᠨᠡᠷᠡᠰ ᠰᠢᠯᠭᠠᠷᠠᠭᠤᠯᠤᠨ ᠭᠠᠷᠭᠠᠵᠤ ᠰᠢᠢᠳᠪᠦᠷᠢᠲᠦ ᠤᠷᠤᠯᠳᠤᠭᠠᠨ ᠳᠤ | ᠣᠷᠣᠯᠴᠠᠭᠤᠯᠬᠤ ᠪᠠᠷ ᠳᠤᠭᠳᠠᠵᠠᠢ᠃ | ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ | ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ ᠴᠢᠳᠠᠪᠤᠷᠢᠳᠠᠨ ᠢ ᠰᠢᠯᠭᠠᠷᠠᠭᠤᠯᠬᠤ ᠤᠷᠤᠯᠳᠤᠭᠠᠨ 7 ᠰᠠᠷ᠎ᠠ ᠶᠢᠨ | 24 ᠤ ᠡᠳᠦᠷ ᠲᠤ ᠡᠬᠢᠯᠡᠭᠰᠡᠨ ᠠᠴᠠ ᠨᠠᠭᠠᠰᠢ 12 ᠠᠶᠢᠮᠠᠭ ᠬᠤᠲᠠ ᠶᠢᠨ ᠮᠠᠯᠴᠢᠨ ᠲᠠᠷᠢᠶᠠᠴᠢᠨ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠵᠢᠴᠢ ︽ᠰᠦᠯᠵᠢᠶᠡᠨ ᠤ ᠤᠷ᠎ᠠ ᠠᠪᠢᠶᠠᠰᠳᠠᠨ︾ ᠢᠳᠡᠪᠬᠢᠲᠡᠢ ᠪᠠᠷ ᠨᠡᠷ᠎ᠡ ᠮᠡᠳᠡᠭᠦᠯᠵᠦ᠂ | ᠠᠯᠢ ᠣᠯᠠᠨ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠢᠶᠠᠷ ᠴᠢᠩᠭ᠎ᠠ ᠸᠢᠳᠢᠣ᠋ ᠪᠦᠳᠦᠭᠡᠯ ᠢ ᠰᠡᠭᠦᠳᠡᠷᠯᠡᠨ ᠦᠢᠯᠡᠳᠴᠦ᠂ | ᠡᠯ᠎ᠡ ᠠᠶᠢᠮᠠᠭ ᠬᠤᠲᠠ ᠶᠢᠨ ᠥᠪᠡᠷᠮᠢᠴᠡ ᠣᠨᠴᠠᠯᠢᠭᠳᠤ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ | ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠳᠠᠷᠢᠶᠠᠯᠠᠩ ᠤᠨ ᠪᠦᠳᠦᠭᠡᠭᠳᠡᠭᠦᠨ ᠤ ᠰᠦᠯᠵᠢᠶᠡᠨ ᠳᠠᠬᠢ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ | ᠲᠢᠩᠬᠢᠮ ᠳᠠᠷᠠᠭᠠᠴᠢ ᠪᠠᠷ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠢ ᠳᠠᠨᠢᠯᠴᠠᠭᠤᠯᠬᠤ ᠳᠤᠰᠬᠠᠢ | ᠴᠢᠳᠠᠪᠤᠷᠢᠳᠠᠨ ᠤ ᠪᠣᠯᠪᠠᠰᠣᠷᠠᠯ᠂ ᠰᠢᠭᠤᠳ ᠨᠡᠪᠲᠡᠷᠡᠭᠦᠯᠬᠡ ᠬᠢᠵᠤ ᠲᠠᠨᠢᠯᠴᠠᠭᠤᠯᠬᠤ᠂ ᠸᠢᠳᠢᠣ᠋ ᠦᠢᠯᠡᠳᠬᠦ ᠵᠡᠷᠭᠡ ᠶᠢ | ᠵᠤᠬᠢᠶᠠᠨ ᠪᠠᠶᠢᠭᠤᠯᠤᠨ ᠥᠷᠨᠢᠭᠦᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠢᠴᠢ ᠸᠢᠳᠢᠣ᠋ | ᠰᠡᠭᠦᠳᠡᠷᠯᠡᠨ ᠦᠢᠯᠡᠳᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠮᠠᠨ ᠤ ᠣᠷᠣᠨ ᠤ ᠮᠠᠯ ᠤᠨ ᠠᠰᠢᠭ ᠰᠢᠮ᠎ᠡ | ᠳᠠᠷᠢᠶᠠᠯᠠᠩ ᠤᠨ ᠪᠦᠳᠦᠭᠡᠭᠳᠡᠭᠦᠨ ᠢ ᠨᠡᠩ ᠰᠠᠶᠢᠳᠤᠷ ᠤᠬᠠᠭᠤᠯᠤᠨ ᠲᠠᠨᠢᠯᠴᠠᠭᠤᠯᠬᠤ ᠪᠠᠷ ᠪᠤᠢ᠃ |