ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠤᠨ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠦᠪᠳᠡᠯᠴᠡᠭᠡᠷ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/9/8
      9 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠤᠨ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠦᠪᠳᠡᠯᠴᠡᠭᠡᠷ ᠤᠨ ᠬᠤᠷᠠᠯ ︵ᠳᠣᠷᠣᠭᠰᠢ ︽ᠲᠠᠷᠢᠶᠠᠯᠠᠩ ᠤᠨ ᠪᠦᠳᠦᠭᠡᠭᠳᠡᠭᠦᠨ ᠪᠣᠯᠪᠠᠰᠤᠷᠠᠭᠤᠯᠬᠤ ᠣᠷᠣᠭᠤᠯᠤᠯᠲᠠ ᠶᠢᠨ ᠵᠦᠪᠳᠡᠯᠴᠡᠭᠡᠷ ᠤᠨ ᠬᠤᠷᠠᠯ︾ ᠭᠡᠵᠦ ᠲᠣᠪᠴᠢᠯᠠᠨ᠎ᠠ︶ ᠾᠧᠨᠠᠨ ᠮᠤᠵᠢ ᠶᠢᠨ ᠵᠦ ᠮᠠ ᠳ᠋ᠢᠶᠠᠨ ᠤ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠪᠦᠯᠬᠦᠮ ᠳᠠᠭᠠᠭᠤᠯᠤᠨ ᠲᠣᠰ ᠤᠳᠠᠭᠠᠨ ᠤ ᠲᠠᠷᠢᠶᠠᠯᠠᠩ  ᠤᠨ ᠪᠦᠳᠦᠭᠡᠭᠳᠡᠭᠦᠨ ᠪᠣᠯᠪᠠᠰᠤᠷᠠᠭᠤᠯᠬᠤ ᠣᠷᠣᠭᠤᠯᠤᠯᠲᠠ ᠶᠢᠨ ᠵᠦᠪᠳᠡᠯᠴᠡᠭᠡᠷ ᠤᠨ ᠬᠤᠷᠠᠯ ᠳᠤ ᠣᠷᠣᠯᠴᠠᠪᠠ᠃
1.png
       ᠲᠤᠰ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ  ᠤᠨ ᠪᠦᠳᠦᠭᠡᠭᠳᠡᠭᠦᠨ ᠪᠣᠯᠪᠠᠰᠤᠷᠠᠭᠤᠯᠬᠤ ᠣᠷᠣᠭᠤᠯᠤᠯᠲᠠ ᠶᠢᠨ ᠵᠦᠪᠳᠡᠯᠴᠡᠭᠡᠷ ᠤᠨ ᠬᠤᠷᠠᠯ ᠤᠨ ᠵᠣᠷᠢᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ︽︿ᠨᠤᠲᠤᠭ ᠤᠨ ᠣᠨᠴᠠ ᠭᠠᠷᠤᠯᠲᠠ﹀ ᠶᠢ ᠰᠠᠶᠢᠲᠤᠷ ᠬᠢᠬᠦ ᠲᠤᠬᠠᠢ ᠵᠣᠬᠢᠶᠠᠯ︾ ᠤᠨ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠂ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ  ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠤᠯᠠᠨ ᠤᠯᠤᠰ ᠤᠨ ᠦᠪᠡᠳᠡᠭᠰᠢ ᠴᠤᠭᠯᠠᠭᠠᠨ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ  ᠪᠣᠯᠪᠠᠰᠤᠷᠠᠭᠤᠯᠬᠤ ᠮᠡᠷᠭᠡᠵᠢᠯ ᠪᠠ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ  ᠪᠣᠯᠪᠠᠰᠤᠷᠠᠭᠤᠯᠬᠤ ᠬᠠᠩᠭᠠᠯᠭ᠎ᠠ ᠪᠠ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ  ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠬᠦᠭᠵᠢᠯ ᠮᠠᠨᠳᠤᠯ ᠢ ᠪᠦᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠤᠨ᠎ᠠ᠃ ᠪᠥᠬᠦ ᠤᠯᠤᠰ ᠤᠨ 31 ᠮᠤᠵᠢ ︵ᠣᠷᠣᠨ᠂ ᠬᠤᠲᠠ︶ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ 4000 ᠭᠠᠷᠤᠢ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ ᠬᠤᠳᠠᠯᠳᠤᠭᠠᠴᠢᠨ᠂ ᠲᠤᠰᠬᠠᠢ ᠦᠵᠡᠭᠴᠢᠳ 3 ᠲᠦᠮᠡ ᠶᠢ ᠳᠠᠪᠠᠵᠤ᠂ ᠮᠡᠷᠭᠡᠵᠢᠯ᠂ ᠲᠣᠨᠤᠭ ᠲᠥᠬᠦᠭᠡᠷᠦᠮᠵᠢ ᠶᠢᠨ ᠦᠵᠡᠭᠦᠯᠭᠡ 255 ᠵᠦᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠷᠥᠯ ᠵᠦᠢᠯ 62 ᠪᠣᠶ᠃
2.png
3.png
       ᠥᠪᠥᠷ ᠮᠣᠩᠭᠤᠯ ᠤᠨ ᠰᠦ ᠶᠢᠨ ᠠᠵᠤ ᠦᠢᠯᠡᠰ ᠤᠨ ᠰᠦᠷᠦᠭᠵᠢᠯ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠥᠬᠦ ᠤᠯᠤᠰ ᠤᠨ ᠬᠡᠪᠴᠢᠶᠡᠨ ᠠᠴᠠ ᠨᠠᠷᠢᠨ ᠰᠣᠩᠭᠤᠵᠤ ᠭᠠᠷᠭᠠᠭᠰᠠᠨ ᠲᠠᠪᠤᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠨᠢᠭᠡ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠲᠠᠷᠢᠶᠠᠯᠠᠩ ᠤᠨ ᠪᠦᠳᠦᠭᠡᠭᠳᠡᠭᠦᠨ ᠪᠣᠯᠪᠠᠰᠤᠷᠠᠭᠤᠯᠬᠤ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ ᠳᠠᠬᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠤᠰᠬᠠᠢ ᠣᠷᠣᠨ ᠤ ᠦᠵᠡᠭᠦᠯᠭᠡ ᠳᠤ ᠣᠷᠤᠯᠴᠠᠭᠰᠠᠨ ᠪᠠᠶᠢᠨ᠎ᠠ᠃ ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ︽ᠨᠢᠭᠡ ᠮᠦᠬᠦᠯᠢᠩ ᠦᠷ᠎ᠡ᠂ ᠨᠢᠭᠡ ᠰᠠᠭᠤᠷᠢ ᠡᠪᠡᠰᠦ᠂ ᠨᠢᠭᠡ ᠲᠣᠯᠤᠭᠠᠢ ᠦᠬᠡᠷ᠂ ᠨᠢᠭᠡ ᠴᠣᠮᠣ ᠰᠦ︾ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠪᠠᠷ ᠪᠦᠬᠦᠯᠢ ᠴᠣᠭᠴᠠ ᠶᠢᠨ ᠰᠡᠳᠬᠢᠮᠵᠢ ᠪᠣᠯᠭᠠᠵᠤ᠂ ︽ᠳᠠᠷᠢᠵᠤ ᠲᠡᠵᠢᠭᠡᠬᠦ ᠪᠣᠯᠪᠠᠰᠤᠷᠠᠭᠤᠯᠵᠤ ᠪᠣᠷᠣᠯᠠᠭᠤᠯᠬᠤ︾ ᠶᠢ ᠳᠡᠮᠵᠢᠬᠦ ᠪᠥᠬᠦ ᠶᠠᠪᠤᠴᠠ ᠶᠢᠨ ᠬᠥᠭᠵᠢᠯᠲᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠵᠢᠱᠢᠯᠲᠡ ᠪᠠᠷ ᠭᠤᠷᠪᠠᠨ ᠵᠢᠯ ᠤᠨ ᠲᠥᠷᠥᠯ ᠵᠦᠢᠯ ᠳᠤ ᠨᠡᠶᠢᠲᠡ 22 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠤᠨᠠᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠬᠠᠷᠠᠯᠲᠠ ᠶᠢ ᠪᠡᠶᠡᠯᠡᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 3000 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠵᠢᠩ ᠬᠤᠢ ᠣᠷᠳᠣᠨ ᠲᠣᠭᠤᠷᠢᠨ ᠪᠠᠶᠢᠴᠠᠭᠠᠬᠤ ᠳᠠᠭᠠᠨ ᠮᠠᠨ ᠤ ᠣᠷᠣᠨ ᠤ ᠰᠦ ᠶᠢᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃
4.png
5.jpg
6.jpg
       ᠲᠠᠷᠢᠶᠠᠯᠠᠩ ᠤᠨ ᠪᠦᠳᠦᠭᠡᠭᠳᠡᠭᠦᠨ ᠪᠣᠯᠪᠠᠰᠤᠷᠠᠭᠤᠯᠬᠤ ᠣᠷᠣᠭᠤᠯᠤᠯᠲᠠ ᠶᠢᠨ ᠵᠦᠪᠳᠡᠯᠴᠡᠭᠡᠷ ᠤᠨ ᠬᠤᠷᠠᠯ ᠤᠨ ᠪᠠᠶᠢᠩᠭᠤ ᠶᠢᠨ ᠦᠵᠡᠭᠦᠯᠭᠡ ᠶᠢᠨ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠡᠯ᠎ᠡ ᠠᠶᠢᠮᠠᠭ ᠬᠤᠲᠠ ᠶᠢᠨ 40 ᠭᠠᠷᠤᠢ ᠲᠥᠯᠥᠭᠡᠯᠡᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠴᠠᠭᠠᠨ ᠢᠳᠡᠭᠡ᠂ ᠬᠠᠲᠠᠭᠠᠭᠰᠠᠨ ᠦᠬᠡᠷ ᠤᠨ ᠮᠢᠬ᠎ᠠ᠂ ᠢᠮᠠᠭᠠᠨ ᠨᠤᠤᠯᠤᠭᠤᠷ ᠂ ᠡᠯᠳᠡᠪ ᠠᠮᠤ᠂ ᠨᠡᠷᠡᠨ ᠬᠤᠸᠠᠷ ᠤᠨ ᠦᠷ᠎ᠡ ᠵᠡᠷᠭᠡ ᠲᠠᠪᠤᠨ ᠶᠡᠭᠡ ᠲᠥᠷᠥᠯ ᠢ ᠪᠠᠭᠲᠠᠭᠠᠭᠰᠠᠨ ᠨᠡᠶᠢᠲᠡ 300 ᠭᠠᠷᠤᠢ ᠲᠥᠷᠥᠯ ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠪᠠ ᠦᠵᠡᠭᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
7.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ ᠤᠨ ᠬᠤᠷᠠᠯ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠬᠦᠷᠲᠡᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠥᠳᠡᠭᠡ ᠲᠣᠰᠬᠤᠨ ᠤ ᠠᠵᠤ ᠦᠢᠯᠡᠰ ᠤᠨ ᠬᠦᠭᠵᠢᠭᠦᠯᠬᠦ ᠭᠠᠵᠠᠷ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠤᠨ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠨ ᠤ ᠬᠤᠷᠠᠯ ᠤᠨ ᠰᠢᠯᠢᠳᠡᠭ ᠣᠨᠴᠠ ᠲᠣᠨᠣᠭᠯᠠᠯ ᠤᠨ ᠵᠢᠷᠤᠭ ᠲᠥᠯᠥᠪᠯᠡᠭᠡᠨ ᠤ ᠱᠠᠩᠨᠠᠯ ᠢ ᠬᠦᠷᠲᠡᠪᠡ᠃
8.png
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号