2023 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠲᠥᠷᠥᠯ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/8
      ᠣᠳᠣᠬᠠᠨ ᠳᠤ ᠨᠠᠢᠮᠠᠨ ᠬᠤᠰᠢᠭᠤᠨ ᠤ ᠡᠷᠳᠡᠨᠢ ᠰᠢᠰᠢ ᠨᠢ ᠢᠳᠡᠭᠡ ᠬᠤᠷᠠᠬᠤ ᠬᠤᠭᠤᠴᠠᠭᠠᠨ ᠳᠤ ᠣᠷᠣᠰᠢᠵᠤ᠂ ᠰᠢᠷ᠎ᠠ ᠪᠤᠷᠴᠠᠭ ᠨᠢ ᠬᠤᠩᠭᠤᠷᠴᠤᠭ ᠤᠨ ᠮᠥᠬᠦᠯᠢᠭᠵᠢᠬᠦ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠨᠡ ᠨᠢ ᠶᠠᠭ ᠤᠨᠠᠯᠲᠠ ᠪᠣᠶ ᠪᠣᠯᠬᠤ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠣᠶᠢᠷ᠎ᠠ ᠶᠢᠨ ᠡᠳᠦᠷ ᠤᠳ ᠲᠤ᠂ ᠪᠥᠬᠦ ᠬᠤᠰᠢᠭᠤᠨ ᠤ ᠶᠡᠬᠡᠩᠬᠢ ᠭᠠᠵᠠᠷ ᠣᠷᠣᠨ ᠳᠤ ᠥᠨᠳᠥᠷ ᠳᠤᠯᠠᠭᠠᠨ ᠭᠠᠩ ᠬᠠᠭᠰᠠᠷᠠᠭᠠᠨ ᠦᠷᠭᠦᠯᠵᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠬᠦᠨᠳᠦ ᠬᠡᠴᠡᠭᠦᠦ ᠪᠠᠶᠢᠭ᠎ᠠ ᠤᠴᠢᠷ ᠠᠴᠠ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ ᠨᠠᠢᠮᠠᠨ ᠬᠤᠰᠢᠭᠤ ᠵᠢᠭᠠᠪᠤᠷᠢ ᠶᠤᠰᠤᠭᠠᠷ ᠬᠥᠳᠡᠯᠦᠯᠴᠡᠵᠦ᠂ ᠨᠠᠮᠤᠷ ᠤᠨ ᠠᠮᠤ ᠪᠤᠳᠠᠭᠠᠨ ᠤ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠠᠵᠢᠯ ᠢ ᠪᠠᠶᠢᠷᠢᠯᠠᠭᠤᠯᠤᠨ᠂ ᠭᠠᠮᠰᠢᠭ ᠤᠨ ᠳᠠᠷᠠᠭᠠᠬᠢ ᠰᠡᠷᠭᠦᠭᠡᠯᠲᠡ ᠶᠢ ᠠᠬᠢᠭᠤᠯᠵᠤ᠂ ᠢᠳᠡᠭᠡ ᠬᠤᠷᠠᠬᠤ ᠪᠣᠯᠪᠠᠰᠤᠷᠠᠯᠲᠠ ᠶᠢ ᠠᠬᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠵᠤ᠂ ᠨᠠᠮᠤᠷ ᠤᠨ ᠠᠮᠤ ᠪᠤᠳᠠᠭ᠎ᠠ ᠪᠠ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ ᠪᠠᠶᠢᠨ᠎ᠠ᠃      ᠨᠢᠭᠡ ᠳᠤ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠶᠢ ᠴᠢᠩᠭᠠᠳᠬᠠᠪᠠ᠃ ᠤᠳᠤᠷᠢᠳᠬᠤ ᠳᠤᠭᠤᠶᠢᠯᠠᠩ ᠪᠠᠶᠢᠭᠤᠯᠵᠤ᠂ ︽ᠨᠠᠢᠮᠠᠨ ᠬᠤᠰᠢᠭᠤᠨ ᠤ 2023 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ︿ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ﹀ ᠠᠵᠢᠯ ᠤᠨ ᠬᠡᠷᠡᠭᠵᠢᠭᠦᠯᠬᠦ ᠲᠥᠰᠥᠯ︾ ︽ᠨᠠᠢᠮᠠᠨ ᠬᠤᠰᠢᠭᠤᠨ ᠤ 2023 ᠣᠨ ᠤ ︿ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ﹀ ᠠᠵᠢᠯ ᠤᠨ ᠮᠡᠷᠭᠡᠵᠢᠯ ᠤᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠭᠦᠷᠭᠡ ᠶᠢᠨ ᠬᠠᠷᠠᠯᠲᠠ᠂ ᠪᠡᠶᠡᠯᠡᠭᠦᠯᠬᠦ ᠴᠠᠭ ᠤᠨ ᠬᠢᠵᠠᠭᠠᠷ᠂ ᠳᠡᠮᠵᠢᠬᠦ ᠡᠲᠡᠭᠡᠳ ᠢᠶᠠᠨ ᠲᠣᠳᠣᠷᠬᠠᠶᠢᠯᠠᠬᠤ ᠶᠢᠨ ᠬᠠᠮᠲᠤ ᠡᠳᠦᠷ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ 8 ᠰᠠᠷ᠎ᠠ ᠶᠢᠨ 29 ᠤ ᠡᠳᠦᠷ ᠠᠴᠠ 9 ᠰᠠᠷ᠎ᠠ ᠶᠢᠨ 3 ᠤ ᠡᠳᠦᠷ ᠪᠣᠯᠲᠠᠯ᠎ᠠ᠂ ᠦᠷᠭᠦᠯᠵᠢᠯᠡᠨ ᠠᠵᠢᠯᠯᠠᠵᠤ ᠲᠠᠷᠢᠶᠠᠨ ᠴᠠᠭ ᠢ ᠠᠮᠵᠢᠨ ᠠᠳᠬᠤᠵᠤ᠂ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠳᠤᠯᠠᠪᠠ᠃
图片1.png
       ᠬᠤᠶᠠᠷ ᠲᠤ ᠥᠷᠭᠡᠨ ᠢᠶᠠᠷ ᠤᠬᠠᠭᠤᠯᠤᠨ ᠲᠠᠶᠢᠴᠢᠯᠠᠪᠠ᠃ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠢᠶᠠᠷ ᠳᠠᠮᠵᠢᠭᠤᠯᠤᠨ ᠮᠡᠷᠭᠡᠵᠢᠯ ᠤᠨ ᠭᠤᠣᠯᠳᠠᠯᠭ᠎ᠠ ᠶᠢ ᠨᠡᠶᠢᠲᠡᠯᠡᠵᠦ᠂ ᠤᠯᠤᠰ ᠤᠨ ᠬᠡᠷᠡᠭᠵᠢᠭᠦᠯᠵᠦ ᠪᠠᠶᠢᠭ᠎ᠠ ᠰᠢᠷ᠎ᠠ ᠪᠤᠷᠴᠠᠭ ᠡᠷᠳᠡᠨᠢ ᠰᠢᠰᠢ ᠶᠢᠨ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠠᠵᠢᠯ ᠤᠨ ᠵᠣᠷᠢᠯᠭ᠎ᠠ᠂ ᠠᠴᠢ ᠬᠤᠯᠪᠣᠭᠳᠠᠯ ᠵᠢᠴᠢ ᠲᠡᠭᠦᠨ ᠤ ᠴᠢᠬᠤᠯᠠ ᠴᠢᠨᠠᠷ ᠢ ᠶᠡᠭᠡ ᠪᠠᠷ ᠤᠬᠠᠭᠤᠯᠤᠨ ᠲᠠᠶᠢᠯᠪᠤᠷᠢᠯᠠᠵᠤ᠂ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ ᠢᠳᠡᠪᠬᠢᠲᠡᠢ ᠳᠣᠬᠢᠶ᠎ᠠ ᠶᠢ ᠲᠠᠯᠪᠢᠵᠤ᠂ ᠲᠠᠷᠢᠶᠠᠴᠢᠨ ᠡᠷᠦᠬᠡ ᠶᠢᠨ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠦᠯᠵᠢᠶᠡᠨ ᠭᠠᠳᠠᠨ᠎ᠠ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠲᠣᠳᠤᠷᠬᠠᠢ ᠬᠠᠭᠤᠳᠠᠰᠤ ᠶᠢ ᠨᠠᠶᠢᠷᠠᠭᠤᠯᠤᠨ ᠬᠡᠪᠯᠡᠭᠦᠯᠵᠦ᠂ ᠲᠠᠷᠢᠶᠠᠯᠠᠩ ᠤᠨ ᠮᠡᠷᠭᠡᠵᠢᠯᠲᠡᠨ ᠬᠥᠳᠡᠭᠡ ᠪᠠᠭᠤᠬᠤ ᠳᠠᠭᠠᠨ ᠲᠣᠰᠬᠤᠨ ᠤ ᠠᠷᠠᠳ ᠲᠤ ᠨᠢᠭᠡᠳᠦᠯᠲᠡᠢ ᠲᠠᠷᠬᠠᠭᠠᠬᠤ ᠶᠢᠨ ᠬᠠᠮᠲᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠲᠠᠷᠢᠶᠠᠴᠢᠳ ᠤᠨ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠲᠤᠬᠠᠢ ᠡᠷᠡᠭᠡᠯᠵᠡᠭᠡ ᠶᠢ ᠠᠷᠢᠯᠭᠠᠵᠤ᠂ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠳᠤᠯᠠᠵᠦ ᠪᠠᠶᠢᠨ᠎ᠠ᠃ ᠣᠳᠣᠬᠠᠨ ᠳᠤ᠂ ᠨᠡᠶᠢᠲᠡ 7 ᠵᠤᠷᠪᠤᠰ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ 20000 ᠭᠠᠷᠤᠢ ᠬᠤᠪᠢ ᠲᠣᠳᠣᠷᠬᠠᠢ ᠬᠠᠭᠤᠳᠠᠰᠤ ᠲᠠᠷᠬᠠᠭᠠᠵᠠᠢ᠃
图片2.png
       ᠭᠤᠷᠪᠠ ᠳᠤ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠪᠠ᠃ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠬᠡᠰᠡᠭ ᠢ ᠳᠠᠭᠠᠭᠠᠴᠢᠯᠠᠬᠤ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠵᠤ᠂ 5 ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ ᠳᠤᠭᠤᠶᠢᠯᠠᠩ ᠢ ᠪᠠᠶᠢᠭᠤᠯᠵᠤ᠂ ᠤᠷᠭᠤᠮᠠᠯ ᠤᠨ ᠬᠠᠮᠠᠭᠠᠯᠠᠯᠲᠠ᠂ ᠲᠠᠷᠢᠶᠠᠯᠠᠩ ᠤᠨ ᠮᠡᠷᠭᠡᠵᠢᠯ ᠵᠡᠷᠭᠡ ᠬᠤᠷᠴᠠ ᠴᠢᠳᠠᠮᠠᠭᠠᠢ ᠮᠡᠷᠭᠡᠵᠢᠯ ᠤᠨ ᠬᠦᠴᠦᠨ ᠢ ᠲᠣᠮᠢᠯᠠᠨ ᠲᠠᠷᠢᠶᠠᠨ ᠭᠠᠵᠠᠷ ᠲᠤ ᠣᠴᠢᠭᠤᠯᠵᠤ ᠴᠡᠭ ᠲᠤ ᠰᠠᠭᠤᠯᠭᠠᠨ ᠦᠢᠯᠡᠴᠢᠯᠡᠭᠦᠯᠦᠨ ᠵᠢᠯᠤᠭᠤᠳᠴᠤ᠂ ᠵᠠᠩᠭᠢᠯᠠᠭ᠎ᠠ ᠶᠢᠨ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠵᠦ ᠪᠤᠢ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ ᠲᠠᠯᠠᠪᠤᠷ ᠲᠤ 1-2 ᠬᠡᠰᠡᠭ ᠭᠠᠵᠠᠷ ᠢ ᠰᠣᠩᠭᠤᠨ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠲᠠᠷᠢᠶᠠᠨ ᠭᠠᠵᠠᠷ ᠤᠨ ᠬᠠᠷᠢᠴᠠᠭᠤᠯᠤᠭᠰᠠᠨ ᠲᠤᠷᠰᠢᠯᠲᠠ ᠪᠣᠯᠭᠠᠵᠤ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠤᠨᠠᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠤᠯᠭᠠᠵᠦ ᠪᠠᠶᠢᠨ᠎ᠠ᠃
图片3.png
       ᠳᠥᠷᠪᠡ ᠳᠤ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠠᠰᠢᠭ ᠬᠦᠷᠳᠡᠬᠦ ᠲᠠᠯᠠᠪᠠᠢ ᠶᠢ ᠦᠷᠭᠡᠳᠭᠡᠪᠡ᠃ ᠬᠤᠲᠠ ᠶᠢᠨ ᠱᠠᠲᠤᠨ ᠠᠴᠠ ᠨᠠᠢᠮᠠᠨ ᠬᠤᠰᠢᠭᠤᠨ ᠳᠤ 123.9 ᠲᠦᠮᠡᠨ ᠮᠦ ᠶᠢᠨ ᠠᠵᠢᠯ ᠤᠨ ᠲᠠᠯᠠᠪᠠᠶ ᠶᠢ ᠪᠠᠭᠤᠯᠭᠠᠪᠠ᠂ ᠢᠳᠡᠪᠬᠢᠲᠡᠢ ᠨᠡᠪᠲᠡᠷᠡᠯᠴᠡᠨ ᠵᠥᠪᠳᠡᠯᠴᠡᠬᠦ ᠪᠠᠷ ᠳᠡᠮᠵᠢᠨ᠂ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠦᠷ᠎ᠡ ᠪᠦᠲᠦᠮᠵᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠮᠦ ᠪᠦᠷᠢ ᠶᠢᠨ ᠥᠪᠡᠷ ᠤᠨ ᠥᠷᠲᠡᠭ ᠢ 2.1 ᠲᠥᠭᠦᠷᠢᠭ ᠠᠷᠪᠢᠯᠠᠵᠤ᠂ 260 ᠲᠦᠮᠡᠨ ᠲᠥᠭᠦᠷᠢᠭ ᠤᠨ ᠦᠯᠡᠳᠡᠪᠦᠷᠢ ᠲᠠᠢ᠃ ᠦᠯᠡᠳᠡᠪᠦᠷᠢ ᠪᠡᠯᠡ ᠮᠥᠩᠭᠦ ᠶᠢ ᠠᠰᠢᠭᠯᠠᠨ ︽ᠨᠢᠭᠡ ᠰᠦᠷᠴᠢᠯᠲᠡ ᠪᠠᠷ ᠣᠯᠠᠨ ᠲᠠᠯ᠎ᠠ ᠶᠢ ᠠᠬᠢᠭᠤᠯᠬᠤ︾ ᠲᠠᠯᠠᠪᠠᠶ ᠶᠢ 32.8 ᠲᠦᠮᠡᠨ ᠮᠦ ᠠᠴᠠ ᠳᠠᠪᠠᠭᠤᠯᠤᠨ ᠪᠡᠶᠡᠯᠡᠭᠦᠯᠵᠦ᠂ ᠨᠡᠶᠢᠲᠡ 156.7 ᠲᠦᠮᠡᠨ ᠮᠦ ᠶᠢ ᠪᠡᠶᠡᠯᠡᠭᠦᠯᠵᠦ᠂ 26.47% ᠶᠢ ᠳᠠᠪᠠᠭᠤᠯᠤᠨ ᠪᠡᠶᠡᠯᠡᠭᠦᠯᠪᠡ᠃
图片4.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号