ᠣᠩᠨᠢᠭᠤᠳ ᠬᠤᠰᠢᠭᠤ ᠪᠣᠯ ᠤᠯᠠᠭᠠᠨᠬᠠᠳᠠ ᠬᠤᠲᠠ ᠶᠢᠨ ᠴᠢᠬᠤᠯᠠ ᠴᠢᠨᠠᠷ ᠰᠠᠶᠢᠲᠠᠢ ᠠᠮᠤ ᠪᠤᠳᠠᠭᠠᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠮᠥᠨ᠂ ᠡᠷᠳᠡᠨᠢ ᠰᠢᠰᠢ ᠪᠣᠯ ᠣᠩᠨᠢᠭᠤᠳ ᠬᠤᠰᠢᠭᠤᠨ ᠤ ᠬᠠᠮᠤᠭ ᠤᠨ | ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠠᠶᠢᠵᠦ᠂ ᠲᠠᠷᠢᠮᠠᠯ ᠤᠨ ᠲᠠᠯᠠᠪᠠᠶ ᠨᠢ 130 ᠲᠦᠮᠡᠨ ᠮᠦ ᠠᠴᠠ | ᠳᠡᠭᠡᠭᠰᠢ ᠪᠠᠶᠢᠳᠠᠭ᠂ ᠭᠡᠪᠡᠴᠦ ᠬᠠᠪᠤᠷ ᠤᠨ ᠭᠠᠩ ᠬᠠᠭᠰᠠᠷᠠᠭᠠᠨ ᠨᠢ ᠣᠩᠨᠢᠭᠤᠳ ᠬᠤᠰᠢᠭᠤᠨ ᠤ ᠡᠷᠳᠡᠨᠢ ᠰᠢᠰᠢ ᠶᠢᠨ | ᠤᠨᠠᠯᠲᠠ ᠶᠢᠨ ᠳᠡᠭᠡᠭᠰᠢᠯᠡᠯᠲᠡ ᠶᠢ ᠢᠮᠠᠭᠲᠠ ᠬᠢᠵᠠᠭᠠᠷᠯᠠᠵᠤ ᠪᠠᠶᠢᠳᠠᠭ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ ᠂ ᠣᠩᠨᠢᠭᠤᠳ ᠬᠤᠰᠢᠭᠤᠨ ᠤ ᠬᠢᠨ ᠡᠷᠳᠡᠨᠢ ᠰᠢᠰᠢ ᠶᠢᠨ ᠪᠦᠷᠭᠦᠭᠦᠯ | ᠳᠠᠷᠤᠵᠤ ᠳᠤᠰᠤᠯᠭᠠᠨ ᠤᠰᠤᠯᠠᠬᠤ ᠥᠨᠳᠥᠷ ᠤᠨᠠᠯᠲᠠ ᠶᠢ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ | ᠮᠡᠷᠭᠡᠵᠢᠯ ᠤᠨ ᠵᠠᠭᠪᠤᠷ ᠢ ᠶᠡᠭᠡ ᠪᠠᠷ ᠳᠡᠯᠭᠡᠷᠡᠭᠦᠯᠵᠦ ᠂ 2.9 ᠲᠦᠮᠡᠨ ᠮᠦ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢ | ᠪᠡᠶᠡᠯᠡᠭᠦᠯᠵᠡᠢ ᠃ | | | | | | ᠭᠤᠣᠯ ᠠᠷᠭ᠎ᠠ ᠪᠠᠷᠢᠯ ᠄ ᠨᠢᠭᠡ ᠳᠤ ᠭᠠᠵᠠᠷ ᠢ ᠨᠠᠷᠢᠯᠢᠭ ᠲᠡᠭᠰᠢᠯᠡᠵᠦ ᠂ ᠪᠦᠷᠭᠦᠭᠦᠯ ᠳᠠᠷᠤᠵᠤ ᠲᠠᠷᠢᠪᠠ᠃ | ᠳᠠᠷᠢᠬᠤ ᠠᠴᠠ ᠡᠮᠦᠨ᠎ᠡ ᠡᠰᠢ ᠰᠦᠷᠡᠯ ᠢ ᠲᠠᠷᠢᠶᠠᠨ ᠳᠤ ᠪᠣᠴᠠᠭᠠᠬᠤ ᠳᠤ 30 ᠰᠠᠨᠲ᠋ᠢᠮᠧᠲᠷ ᠠᠴᠠ ᠳᠡᠭᠡᠭᠰᠢ ᠭᠦᠨ | ᠰᠤᠯᠠᠷᠠᠭᠤᠯᠵᠤ ᠭᠦᠨ ᠤᠷᠪᠠᠭᠤᠯᠬᠤ ᠬᠥᠷᠥᠰᠥ ᠰᠢᠷᠣᠢ ᠶᠢ ᠢᠵᠢ ᠪᠦᠷᠢᠳᠦᠭᠦᠯᠵᠦ᠂ ᠭᠠᠵᠠᠷ ᠲᠡᠭᠰᠢᠯᠡᠬᠦ ᠨᠢᠭᠡ | ᠴᠣᠭᠴᠠᠲᠤ ᠮᠠᠰᠢᠨ ᠢᠶᠠᠷ ᠬᠥᠷᠥᠰᠥ ᠰᠢᠷᠣᠢ ᠶᠢ ᠳᠠᠷᠤᠵᠤ ᠮᠠᠯᠲᠠᠨ ᠲᠡᠭᠰᠢᠯᠡᠵᠦ᠂ ᠬᠠᠭᠠᠰ ᠪᠦᠷᠭᠦᠭᠦᠯ ᠳᠠᠷᠤᠵᠤ | ᠳᠠᠷᠢᠬᠤ ᠠᠷᠭ᠎ᠠ ᠮᠠᠶ᠋ᠢᠭ ᠢ ᠬᠡᠷᠡᠭᠯᠡᠨ᠂ ᠡᠷᠳᠡᠨᠢ ᠰᠢᠰᠢ ᠶᠢᠨ ᠦᠰᠦᠯᠲᠡ ᠶᠢᠨ ᠬᠤᠭᠤᠴᠠᠭ᠎ᠠ ᠶᠢ 7 ᠡᠳᠦᠷ ᠠᠴᠠ | ᠳᠡᠭᠡᠭᠰᠢ ᠤᠷᠢᠳᠴᠢᠯᠠᠭᠤᠯᠬᠤ ᠶᠢᠨ ᠬᠠᠮᠲᠤ ᠳᠣᠬᠢᠭᠤᠷ ᠲᠤᠯᠤᠭᠠᠨ ᠣᠲᠣ ᠠᠶᠠᠯᠠᠯ ᠵᠢᠯᠤᠭᠤᠳᠬᠤ ᠰᠢᠰᠲ᠋ᠧᠮ ᠢ | ᠬᠡᠷᠡᠭᠯᠡᠨ ᠨᠠᠷᠢᠯᠢᠭ ᠳᠠᠷᠢᠬᠤ ᠠᠷᠭ᠎ᠠ ᠶᠢ ᠬᠡᠷᠡᠭᠵᠢᠭᠦᠯᠪᠡ ᠃ ᠬᠤᠶᠠᠷ ᠲᠤ ᠰᠢᠯᠢᠳᠡᠭ ᠡᠭᠦᠯᠳᠡᠷ ᠢ ᠰᠣᠩᠭᠤᠵᠤ᠂ | ᠨᠢᠭᠲᠠᠴᠠ ᠶᠢ ᠨᠢ ᠳᠡᠭᠡᠭᠰᠢᠯᠡᠭᠦᠯᠪᠡ ᠃ ᠰᠢᠶᠠᠨ ᠢᠦᠢ 1483᠂ ᠺᠧ ᠾᠧ ᠭᠤᠣᠯ ᠤᠨ 699 ᠵᠡᠷᠭᠡ ᠨᠢᠭᠲᠠ | ᠳᠠᠷᠢᠬᠤ ᠳᠤ ᠲᠡᠰᠪᠦᠷᠢᠲᠡᠢ ᠥᠨᠳᠥᠷ ᠤᠨᠠᠯᠲᠠ ᠲᠠᠢ ᠴᠢᠨᠠᠷ ᠰᠠᠶᠢᠲᠠᠢ ᠡᠭᠦᠯᠳᠡᠷ ᠢ ᠰᠣᠩᠭᠤᠨ ᠳᠠᠷᠢᠵᠤ᠂ ᠪᠣᠳᠠᠲᠠᠢ ᠮᠦ | ᠪᠦᠷᠢ ᠳᠤ 5500 ᠰᠠᠭᠤᠷᠢ ᠠᠴᠠ ᠳᠡᠭᠡᠭᠰᠢ ᠴᠢᠬᠢ ᠶᠢ ᠬᠠᠮᠠᠭᠠᠯᠠᠵᠤ᠂ ᠡᠩ ᠤᠨ ᠳᠠᠷᠢᠬᠤ ᠠᠴᠠ 500 ︱ | 1000 ᠰᠠᠭᠤᠷᠢ \ ᠮᠦ ᠨᠡᠮᠡᠭᠳᠡᠭᠦᠯᠦᠨ᠂ ᠡᠷᠳᠡᠨᠢ ᠰᠢᠰᠢ ᠶᠢ ᠨᠢᠭᠲᠠ ᠳᠠᠷᠢᠬᠤ ᠶᠢ ᠪᠡᠶᠡᠯᠡᠭᠦᠯᠪᠡ᠃ ᠭᠤᠷᠪᠠ ᠳᠤ | ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠤᠰᠤ ᠪᠣᠷᠳᠣᠭᠤᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠳᠡᠯᠭᠡᠷᠡᠭᠦᠯᠪᠡ᠃ ᠡᠷᠳᠡᠨᠢ ᠰᠢᠰᠢ ᠶᠢᠨ ᠪᠣᠷᠳᠣᠭᠤᠷ ᠬᠡᠷᠡᠭᠰᠡᠬᠦ ᠵᠢᠮ᠎ᠡ ᠬᠠᠤᠯᠢ ᠶᠢ ᠦᠨᠳᠦᠰᠦᠯᠡᠨ ᠪᠦᠬᠦ | ᠦᠰᠦᠯᠲᠡ ᠶᠢᠨ ᠬᠤᠭᠤᠴᠠᠭᠠᠨ ᠳᠤ 6 ᠤᠳᠠᠭ᠎ᠠ ᠠᠴᠠ ᠳᠡᠭᠡᠭᠰᠢ ᠨᠡᠮᠡᠯᠲᠡ ᠪᠣᠷᠳᠣᠭᠤᠷ ᠨᠡᠮᠡᠵᠦ ᠂ 6 — 8 | ᠳᠡᠯᠭᠡᠮᠡᠯ ᠨᠠᠪᠴᠢᠨ ᠤ ᠢᠯᠲᠠᠰᠤ ᠪᠠᠷ ᠰᠢᠪᠲᠦᠷᠲᠦ ᠠᠰᠢᠯᠲᠤ ᠡᠰᠲ᠋ᠧᠷ ᠤᠨ ᠡᠲ᠋ᠧᠨ ᠢ ᠰᠦᠷᠴᠢᠵᠦ ᠂ ᠤᠷᠭᠤᠮᠠᠯ ᠤᠨ | ᠰᠥᠷᠬᠦ ᠶᠢ ᠲᠡᠰᠪᠦᠷᠢᠯᠡᠬᠦ ᠪᠠ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ ᠂ ᠪᠦᠬᠦ ᠦᠰᠦᠯᠲᠡ ᠶᠢᠨ | ᠬᠤᠭᠤᠴᠠᠭᠠᠨ ᠳᠤ ᠬᠡᠷᠡᠭᠯᠡᠬᠦ ᠪᠣᠷᠳᠣᠭᠤᠷ ᠤᠨ ᠬᠡᠮᠵᠢᠶ᠎ᠡ ᠶᠢ ᠮᠦ ᠪᠦᠷᠢ ᠳᠤ 65 ᠺᠢᠯᠣᠭ᠍ᠷᠠᠮ ᠠᠴᠠ ᠳᠣᠷᠣᠭᠰᠢ | ᠬᠢᠵᠠᠭᠠᠷᠯᠠᠪᠠ᠃ ᠳᠥᠷᠪᠡ ᠳᠤ ᠂ ᠨᠠᠪᠴᠢᠨ ᠤ ᠭᠠᠳᠠᠷᠭᠤ ᠳᠤ ᠪᠣᠷᠳᠣᠭᠤᠷ ᠰᠦᠷᠴᠢᠵᠦ ᠂ ᠨᠠᠷᠢᠯᠢᠭ ᠣᠨᠣᠴᠠᠲᠠᠢ ᠪᠠᠷ | ᠬᠤᠷᠢᠶᠠᠯᠲᠠ ᠶᠢ ᠨᠡᠮᠡᠭᠳᠡᠭᠦᠯᠪᠡ᠃ ᠴᠠᠭ ᠲᠤᠬᠠᠢ ᠳᠤ ᠨᠢ ᠲᠠᠷᠢᠶᠠᠨ ᠭᠠᠵᠠᠷ ᠤᠨ ᠨᠠᠪᠴᠢᠨ ᠤ ᠭᠠᠳᠠᠷᠭᠤ ᠳᠤ | ᠰᠢᠪᠲᠦᠷᠲᠦ ᠬᠦᠴᠢᠯ ᠤᠨ ᠨᠡᠶᠢᠯᠡᠮᠡᠯ ᠪᠣᠷᠳᠣᠭᠤᠷ ᠰᠦᠷᠴᠢᠨ ᠣᠷᠣᠭᠤᠯᠵᠤ ᠂ ᠰᠦᠯᠢᠶᠥᠦ ᠶᠢᠨ ᠬᠥᠪᠳᠥ ᠶᠢᠨ ᠡᠳ᠋ ᠤᠨ | ᠳᠣᠲᠣᠭᠠᠳᠤ ᠡᠰᠲ᠋ᠧᠷ ᠪᠣᠯᠣᠨ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢᠨ ᠡᠷᠲᠡ | ᠪᠣᠯᠪᠠᠰᠤᠷᠠᠬᠤ ᠶᠢ ᠠᠬᠢᠭᠤᠯᠤᠨ ᠂ ᠴᠠᠭ ᠠᠭᠤᠷ ᠤᠨ ᠪᠠᠶᠢᠳᠠᠯ ᠢ ᠦᠨᠳᠦᠰᠦᠯᠡᠨ ᠲᠠᠷᠢᠶᠠᠨ ᠭᠠᠵᠠᠷ ᠤᠨ ᠡᠷᠲᠡ ᠶᠢᠨ | ᠬᠢᠷᠠᠭᠤ ᠶᠢ ᠤᠷᠢᠳᠴᠢᠯᠠᠨ ᠰᠡᠷᠭᠡᠶᠢᠯᠡᠵᠦ ᠂ ᠡᠷᠳᠡᠨᠢ ᠰᠢᠰᠢ ᠶᠢᠨ ᠪᠣᠯᠪᠠᠰᠤᠷᠠᠯᠲᠠ ᠶᠢᠨ ᠰᠡᠭᠦᠯᠴᠢ ᠶᠢᠨ | ᠬᠤᠭᠤᠴᠠᠭᠠᠨ ᠳᠤ ᠮᠧᠬᠠᠨᠢᠭ ᠢᠶᠠᠷ ᠬᠤᠷᠢᠶᠠᠪᠠ᠃ ᠲᠠᠪᠤ ᠳᠤ ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠵᠦ ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠪᠠ᠃ ᠤᠯᠤᠰ ᠤᠨ ᠲᠠᠰ ᠤᠨ ᠮᠡᠷᠭᠡᠵᠢᠯ ᠤᠨ ᠲᠤᠰᠬᠠᠢ | ᠮᠡᠷᠭᠡᠵᠢᠯᠲᠡᠨ ᠪᠠ ᠬᠤᠰᠢᠭᠤᠨ ᠲᠠᠰ ᠤᠨ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠳᠤ ᠲᠦᠰᠢᠭᠯᠡᠨ᠂ ᠭᠡᠷ | ᠳᠣᠲᠣᠷᠠᠬᠢ ᠪᠤᠯᠪᠠᠰᠤᠷᠠᠯ ᠂ ᠲᠤᠬᠠᠢ ᠶᠢᠨ ᠲᠠᠯᠠᠪᠤᠷ ᠤᠨ ᠦᠵᠡᠭᠦᠯᠦᠯᠭᠡ᠂ ᠷᠠᠳᠢᠣ᠋ ᠲᠠᠶᠢᠯᠤᠮᠵᠢ ᠵᠡᠷᠭᠡ ᠬᠡᠯᠪᠡᠷᠢ ᠪᠠᠷ | ᠲᠠᠷᠢᠶᠠᠴᠢᠳ ᠲᠤ ᠮᠡᠷᠭᠡᠵᠢᠯ ᠤᠨ ᠵᠠᠭᠪᠤᠷ ᠢ ᠲᠠᠶᠢᠯᠪᠤᠷᠢᠯᠠᠵᠤ ᠦᠭᠪᠡ ᠃ ᠡᠭᠦᠨ ᠤ ᠬᠠᠮᠲᠤ ᠂ ᠰᠢᠨ᠎ᠡ ᠰᠦᠮ᠎ᠡ ᠰᠤᠮᠤ ᠂ | ᠭᠡᠷᠰᠡᠩ ᠰᠤᠮᠤ ᠂ ᠽᠢ ᠴᠧᠩ ᠵᠡᠭᠡᠯᠢ ᠭᠤᠳᠤᠮᠵᠢ ᠵᠡᠷᠭᠡ ᠰᠢᠶᠠᠩ ᠪᠠᠯᠭᠠᠰᠤᠨ ᠳᠤ ᠭᠤᠣᠯ ᠲᠤᠷᠰᠢᠯᠲᠠ ᠶᠢᠨ ᠵᠢᠱᠢᠶ᠎ᠡ | ᠦᠵᠡᠭᠦᠯᠬᠦ ᠲᠣᠭᠤᠷᠢᠭ ᠢ ᠪᠠᠶᠢᠭᠤᠯᠵᠤ ᠂ ᠰᠢᠯᠢᠳᠡᠭ ᠡᠭᠦᠯᠳᠡᠷ ᠢ ᠰᠢᠯᠭᠠᠨ ᠰᠣᠩᠭᠤᠬᠤ ᠂ ᠨᠢᠭᠲᠠᠴᠠ ᠶᠢᠨ | ᠳᠠᠷᠤᠯᠲᠠ ᠶᠢᠨ ᠲᠤᠷᠰᠢᠯᠲᠠ ᠂ ᠤᠰᠤ ᠪᠣᠷᠳᠣᠭᠤᠷ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠮᠡᠷᠭᠡᠵᠢᠯ ᠤᠨ | ᠲᠤᠷᠰᠢᠯᠲᠠ ᠶᠢ ᠥᠷᠨᠢᠭᠦᠯᠵᠦ ᠂ ︽ ᠲᠠᠷᠢᠶᠠᠴᠢᠳ ᠲᠤ ᠬᠢᠵᠦ ᠦᠵᠡᠭᠦᠯᠬᠦ ᠂ ᠲᠠᠷᠢᠶᠠᠴᠢᠳ ᠢ ᠬᠥᠲᠥᠯᠥᠨ | ᠵᠢᠯᠤᠭᠤᠳᠴᠤ ᠠᠵᠢᠯᠯᠠᠭᠤᠯᠬᠤ ︾ ᠵᠠᠭᠪᠤᠷ ᠢᠶᠠᠷ ᠳᠠᠮᠵᠢᠭᠤᠯᠵᠤ ᠂ ᠡᠷᠳᠡᠨᠢ ᠰᠢᠰᠢ ᠶᠢ ᠨᠢᠭᠲᠠ ᠲᠠᠷᠢᠬᠤ ᠶᠢ ᠨᠠᠷᠢᠯᠢᠭ | ᠣᠨᠤᠴᠠᠲᠠᠢ ᠲᠣᠬᠢᠷᠠᠭᠤᠯᠤᠨ ᠡᠵᠡᠮᠳᠡᠬᠦ ᠳᠠᠪᠠᠭᠤᠯᠢᠭ ᠢ ᠭᠦᠢᠴᠡᠳ ᠢᠯᠡᠷᠡᠭᠦᠯᠪᠡ ᠃ | | | | | | ᠲᠣᠰ ᠵᠠᠭᠪᠤᠷ ᠨᠢ 50% ᠶᠢᠨ ᠤᠰᠤ ᠠᠷᠪᠢᠯᠠᠬᠤ ᠳᠤ ᠬᠦᠷᠴᠦ᠂ ᠪᠥᠬᠦ ᠦᠰᠦᠯᠲᠡ ᠶᠢᠨ | ᠬᠤᠭᠤᠴᠠᠭᠠᠨ ᠳᠤ 14.2% ᠣᠷᠴᠢᠮ ᠪᠣᠷᠳᠣᠭᠤᠷ ᠠᠷᠪᠢᠯᠠᠬᠤ ᠶᠢᠨ ᠬᠠᠮᠲᠤ ᠡᠷᠳᠡᠨᠢ ᠰᠢᠰᠢ ᠶᠢᠨ ᠲᠠᠯᠠᠪᠠᠶ | ᠨᠢᠭᠡᠴᠢ ᠶᠢᠨ ᠤᠨᠠᠯᠲᠠ ᠶᠢ 100 ᠺᠢᠯᠣᠭ᠍ᠷᠠᠮ ᠠᠴᠠ ᠳᠡᠭᠡᠭᠰᠢ ᠳᠡᠭᠡᠭᠰᠢᠯᠡᠭᠦᠯᠵᠦ᠂ ᠪᠥᠬᠦ ᠬᠤᠰᠢᠭᠤᠨ ᠤ | ᠤᠰᠤᠯᠠᠯᠲᠠ ᠶᠢᠨ ᠲᠠᠷᠢᠶᠠᠨ ᠤ ᠡᠷᠳᠡᠨᠢ ᠰᠢᠰᠢ ᠶᠢᠨ ᠤᠨᠠᠯᠲᠠ ᠶᠢ 2.4 ᠳ᠋ᠦᠩᠰᠢᠭᠤᠷ ᠵᠢᠩ ᠠᠴᠠ ᠳᠡᠭᠡᠭᠰᠢ | ᠨᠡᠮᠡᠭᠳᠡᠭᠦᠯᠪᠡ᠃ ᠳᠤᠰᠤᠯᠭᠠᠨ ᠤᠰᠤᠯᠠᠬᠤ ᠨᠥᠬᠦᠴᠡᠯ ᠲᠠᠢ ᠭᠠᠵᠠᠷ ᠣᠷᠣᠨ ᠳᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠳᠡᠯᠭᠡᠷᠡᠭᠦᠯᠵᠦ ᠪᠣᠯᠣᠨ᠎ᠠ ᠃ | | | | |