ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ⑫ — ᠠᠤᠬᠠᠨ ᠬᠤᠰᠢᠭᠤᠨ ᠤ ᠨᠠᠷᠢᠮᠤ ᠶᠢᠨ ︽ᠬᠦᠩᠭᠡᠪᠲᠦᠷ ᠲᠠᠷᠢᠵᠤ ᠪᠣᠶᠢᠵᠢᠭᠤᠯᠬᠤ︾ ᠥᠨᠳᠥᠷ ᠤᠨᠠᠯᠲᠠ ᠶᠢᠨ ᠬᠡᠪ ᠵᠠᠭᠪᠤᠷ
ᠨᠡᠶᠢᠲᠡᠯᠡᠭᠰᠡᠨ ᠴᠠᠭ᠄
2023/9/8
      ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠨᠠᠷᠢᠮᠤ ᠳᠠᠷᠢᠬᠤ ᠲᠠᠯᠠᠪᠠᠶ ᠨᠢ ᠵᠢᠯ ᠲᠤᠷᠰᠢ 100 ᠲᠦᠮᠡᠨ ᠮᠦ ᠠᠴᠠ ᠳᠡᠭᠡᠭᠰᠢ ᠲᠣᠭᠲᠠᠪᠤᠷᠢᠵᠢᠵᠤ᠂ ︽ᠪᠥᠬᠦ ᠤᠯᠤᠰ ᠤᠨ ᠬᠠᠮᠤᠭ ᠤᠨ ᠲᠣᠮᠣ ᠴᠢᠨᠠᠷ ᠰᠠᠶᠢᠲᠠᠢ ᠨᠠᠷᠢᠮᠤ ᠶᠢᠨ ᠰᠠᠭᠤᠷᠢᠨ︾ ᠪᠣᠯᠤᠭᠰᠠᠨ ᠪᠠᠶᠢᠨ᠎ᠠ᠃ ᠭᠡᠪᠡᠴᠦ ᠨᠠᠷᠢᠮᠤ ᠶᠢᠨ ᠴᠢᠬᠢ ᠪᠣᠶᠢᠵᠢᠭᠤᠯᠬᠤ᠂ ᠡᠪᠡᠰᠦ ᠠᠷᠢᠯᠭᠠᠬᠤ᠂ ᠮᠥᠯᠢᠬᠦ ᠵᠡᠷᠭᠡ ᠭᠤᠷᠪᠠᠨ ᠵᠠᠩᠭᠢᠯᠠᠭ᠎ᠠ ᠶᠢᠨ ᠬᠦᠨᠳᠦ ᠨᠦᠰᠡᠷ ᠬᠥᠮᠥᠨ ᠤ ᠬᠦᠴᠦᠨ ᠤ ᠣᠷᠣᠭᠤᠯᠤᠯᠲᠠ  ᠨᠢ ᠨᠠᠷᠢᠮᠤ ᠶᠢᠨ ᠠᠵᠤ ᠦᠢᠯᠡᠰ ᠤᠨ ᠬᠡᠪᠴᠢᠶᠡᠵᠢᠨ ᠬᠥᠭᠵᠢᠬᠦ ᠶᠢ ᠬᠢᠵᠠᠭᠠᠷᠯᠠᠵᠤ ᠪᠠᠶᠢᠳᠠᠭ ᠂ ᠡᠨᠡ ᠬᠦ ᠬᠢᠵᠠᠭᠠᠷᠯᠠᠯ ᠤᠨ ᠪᠣᠭᠤᠮᠢ ᠶᠢ ᠰᠢᠢᠳᠪᠦᠷᠢᠯᠡᠬᠦ ᠶᠢᠨ ᠲᠥᠯᠥᠭᠡ᠂ ᠤᠯᠤᠰ ᠤᠨ ᠨᠠᠷᠢᠮᠤ ᠰᠢᠰᠢ ᠶᠢᠨ ᠠᠵᠤ ᠦᠢᠯᠡᠰ ᠤᠨ ᠰᠢᠰᠲ᠋ᠧᠮ ᠤᠨ ᠵᠢᠯᠣᠭᠤᠳᠤᠯᠭ᠎ᠠ ᠳᠣᠣᠷ᠎ᠠ᠂ ᠠᠤᠬᠠᠨ ᠬᠤᠰᠢᠭᠤᠨ ᠤ ᠬᠢᠨ ᠨᠠᠷᠢᠮᠤ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠰᠢᠨ᠎ᠡ ᠶᠢ ᠡᠭᠦᠳᠬᠦ᠂ ᠳᠡᠯᠭᠡᠷᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠪᠡᠰᠦ ᠠᠷᠢᠯᠭᠠᠭᠴᠢ ᠶᠢ ᠡᠰᠡᠷᠭᠦᠴᠡᠬᠦ ᠨᠠᠷᠢᠮᠤ ᠶᠢᠨ ᠲᠥᠷᠥᠯ ᠵᠦᠢᠯ᠂ ᠨᠠᠷᠢᠮᠤ ᠶᠢ ᠨᠠᠷᠢᠯᠢᠭ ᠨᠦᠬᠡᠯᠡᠵᠦ ᠳᠠᠷᠢᠬᠤ᠂ ᠮᠠᠰᠢᠨ ᠢᠶᠠᠷ ᠬᠤᠷᠢᠶᠠᠬᠤ ᠪᠠᠷ ᠭᠤᠣᠯ ᠪᠣᠯᠭᠠᠭᠰᠠᠨ ᠬᠥᠩᠭᠡᠨ ᠬᠢᠯᠪᠠᠷ ᠳᠠᠷᠢᠬᠤ ᠮᠡᠷᠭᠡᠵᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠣᠶᠢᠷ᠎ᠠ ᠶᠢᠨ ᠬᠡᠳᠦᠨ ᠵᠢᠯ ᠳᠤ᠂ ᠵᠢᠯ ᠤᠨ ᠬᠡᠷᠡᠭᠯᠡᠭᠡᠨ ᠤ ᠲᠠᠯᠠᠪᠠᠶ 85 ᠲᠦᠮᠡᠨ ᠮᠦ ᠳᠤ ᠬᠦᠷᠴᠦ᠂ ᠮᠡᠷᠭᠡᠵᠢᠯ ᠤᠨ ᠳᠡᠯᠭᠡᠷᠡᠭᠦᠯᠦᠯᠲᠡ ᠶᠢᠨ ᠨᠣᠷᠮ᠎ᠠ 85% ᠳᠤ ᠬᠦᠷᠴᠡᠢ᠃
图片1.png
      ᠭᠤᠤᠯ ᠠᠷᠭ᠎ᠠ ᠪᠠᠷᠢᠯ ᠄ ᠨᠢᠭᠡ ᠳᠤ ᠮᠡᠷᠭᠡᠵᠢᠯ ᠤᠨ ᠰᠠᠶᠢᠵᠢᠷᠠᠭᠤᠯᠤᠯᠲᠠ ᠶᠢ ᠴᠢᠩᠭᠠᠳᠬᠠᠪᠠ᠃ ᠡᠭᠦᠯᠳᠡᠷ ᠤᠨ ᠲᠠᠯ᠎ᠠ ᠪᠠᠷ ᠂ ᠠᠮᠤ ᠪᠤᠳᠠᠭᠠᠨ ᠤ ᠡᠩ ᠤᠨ ᠡᠭᠦᠯᠳᠡᠷ ᠢ ᠡᠪᠡᠰᠦ ᠠᠷᠢᠯᠭᠠᠭᠴᠢ ᠶᠢ ᠡᠰᠡᠷᠭᠦᠴᠡᠬᠦ ᠡᠭᠦᠯᠳᠡᠷ ᠢᠶᠠᠷ ᠥᠭᠡᠷᠡᠴᠢᠯᠡᠨ ᠰᠠᠶᠢᠵᠢᠷᠠᠭᠤᠯᠵᠤ ᠂ ᠬᠥᠮᠥᠨ ᠤ ᠬᠦᠴᠦ ᠪᠠᠷ ᠡᠪᠡᠰᠦ ᠠᠷᠢᠯᠭᠠᠬᠤ ᠠᠰᠠᠭᠤᠳᠠᠯ ᠢ ᠰᠢᠢᠳᠪᠦᠷᠢᠯᠡᠪᠡ ︔ ᠨᠠᠷᠢᠮᠤ ᠶᠢᠨ ᠵᠤᠷᠪᠤᠰᠯᠠᠨ ᠳᠠᠷᠢᠬᠤ ᠶᠢ ᠨᠠᠷᠢᠯᠢᠭ ᠬᠡᠮᠵᠢᠶᠡᠨ ᠤ ᠨᠦᠬᠡᠯᠡᠨ ᠳᠠᠷᠢᠬᠤ ︵ ᠮᠦ ᠪᠦᠷᠢ ᠳᠤ ᠬᠡᠷᠡᠭᠯᠡᠬᠦ ᠠᠮᠤ ᠶᠢᠨ ᠦᠷ᠎ᠡ ᠶᠢ ᠤᠤᠯ ᠤᠨ 0.5 ᠺᠢᠯᠣᠭ᠍ᠷᠠᠮ ᠪᠠᠶᠢᠭᠰᠠᠨ ᠠᠴᠠ 0.15 ᠺᠢᠯᠣᠭ᠍ᠷᠠᠮ ᠣᠷᠴᠢᠮ ᠪᠣᠯᠭᠠᠨ ᠪᠠᠭᠠᠰᠬᠠᠪᠠ ︶ ᠪᠣᠯᠭᠠᠨ ᠰᠠᠶᠢᠵᠢᠷᠠᠭᠤᠯᠵᠤ ᠂ ᠬᠥᠮᠥᠨ ᠤ ᠬᠦᠴᠦ ᠪᠠᠷ ᠴᠢᠬᠢ ᠵᠠᠪᠰᠠᠷᠯᠠᠬᠤ ᠠᠰᠠᠭᠤᠳᠠᠯ ᠢ ᠰᠢᠢᠳᠪᠦᠷᠢᠯᠡᠪᠡ ︔ ᠠᠮᠤ ᠪᠤᠳᠠᠭ᠎ᠠ ᠶᠢ ᠬᠥᠮᠥᠨ ᠤ ᠬᠦᠴᠦ ᠪᠠᠷ ᠬᠤᠷᠢᠶᠠᠬᠤ ᠶᠢ ᠮᠧᠬᠠᠨᠢᠭ ᠢᠶᠠᠷ ᠬᠤᠷᠢᠶᠠᠬᠤ  ᠪᠤᠯᠭᠠᠨ ᠥᠭᠡᠷᠡᠴᠢᠯᠡᠨ ᠰᠠᠶᠢᠵᠢᠷᠠᠭᠤᠯᠵᠤ ᠂ ᠬᠥᠮᠥᠨ ᠤ ᠬᠦᠴᠦ ᠪᠠᠷ ᠬᠠᠳᠤᠬᠤ ᠂ ᠡᠭᠡᠭᠡᠬᠦ ᠂ ᠮᠥᠯᠢᠬᠦ ᠠᠰᠠᠭᠤᠳᠠᠯ ᠢ ᠰᠢᠢᠳᠪᠦᠷᠢᠯᠡᠪᠡ ᠃ ᠤᠰᠤ ᠪᠣᠷᠳᠣᠭᠤᠷ ᠤᠨ ᠬᠠᠮᠢᠶᠠᠷᠤᠯᠲᠠ ᠶᠢᠨ ᠲᠠᠯ᠎ᠠ ᠪᠠᠷ ᠂ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠬᠡᠷᠡᠭᠯᠡᠵᠦ ᠂ ᠮᠦ ᠪᠦᠷᠢ ᠳᠤ ᠴᠥᠮ 15 ᠳᠥᠷᠪᠡᠯᠵᠢᠨ ᠮᠧᠲᠷ ᠤᠰᠤ ᠠᠷᠪᠢᠯᠠᠵᠤ ᠂ 3 ᠺᠢᠯᠣᠭ᠍ᠷᠠᠮ ᠪᠣᠷᠳᠣᠭᠤᠷ ᠠᠷᠪᠢᠯᠠᠵᠤ ᠂  ᠤᠰᠤ ᠪᠣᠷᠳᠣᠭᠤᠷ ᠤᠨ ᠨᠠᠷᠢᠯᠢᠭ ᠣᠨᠣᠴᠠᠲᠠᠢ ᠬᠠᠮᠢᠶᠠᠷᠤᠯᠲᠠ ᠶᠢ ᠪᠡᠶᠡᠯᠡᠭᠦᠯᠪᠡ᠃ ᠬᠤᠶᠠᠷ ᠲᠤ ᠵᠢᠱᠢᠶ᠎ᠡ ᠦᠵᠡᠭᠦᠯᠬᠦ ᠭᠤᠣᠯ ᠴᠣᠭᠴᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃ ᠨᠢᠭᠡ ᠭᠤᠣᠯᠳᠠᠯᠭ᠎ᠠ ᠲᠠᠢ ᠣᠯᠠᠨ ᠡᠰᠢᠲᠦ ᠳᠡᠯᠭᠡᠷᠡᠭᠦᠯᠬᠦ ᠰᠢᠰᠲ᠋ᠧᠮᠵᠢ ᠶᠢ ᠬᠡᠷᠡᠭᠵᠢᠭᠦᠯᠵᠦ᠂ ︽ᠲᠤᠰᠬᠠᠢ ᠮᠡᠷᠭᠡᠵᠢᠯᠲᠡᠨ + ᠲᠠᠷᠢᠶᠠᠯᠠᠩ ᠤᠨ ᠮᠡᠷᠭᠡᠵᠢᠯ ᠤᠨ ᠠᠵᠢᠯᠲᠠᠨ + ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠭᠤᠣᠯ ᠴᠣᠭᠴᠠ + ᠨᠥᠯᠥᠭᠡᠯᠡᠨ ᠳᠠᠶᠢᠴᠢᠯᠠᠬᠤ ᠡᠷᠦᠬᠡ︾ ᠶᠢᠨ ᠮᠡᠷᠭᠡᠵᠢᠯ ᠤᠨ ᠦᠢᠯᠡᠴᠢᠯᠡᠭᠡᠨ ᠤ ᠵᠠᠭᠪᠤᠷ ᠤᠨ ᠦᠢᠯᠡᠳᠦᠯ ᠢ ᠭᠦᠨᠵᠡᠭᠡᠢ ᠠᠭᠤᠳᠠᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠭᠤᠣᠯ ᠴᠣᠭᠴᠠ ᠶᠢᠨ ᠨᠥᠯᠥᠭᠡᠯᠡᠨ ᠳᠠᠶᠢᠴᠢᠯᠠᠬᠤ ᠭᠤᠣᠯ ᠦᠢᠯᠡᠳᠦᠯ ᠢ ᠭᠦᠢᠴᠡᠳ ᠪᠠᠳᠠᠷᠠᠭᠤᠯᠪᠠ᠃ ᠭᠤᠷᠪᠠ ᠳᠤ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠪᠠ᠃ ᠷᠠᠳᠢᠣ᠋ ᠲᠧᠯᠸᠢᠰ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠣᠨ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠲᠤᠷᠰᠢᠯᠭ᠎ᠠ ᠰᠣᠯᠢᠯᠴᠠᠬᠤ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠷᠢᠮᠤ ᠳᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠬᠥᠩᠭᠡᠪᠲᠦᠷ ᠳᠥᠭᠦᠮᠴᠢᠯᠡᠬᠦ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠤᠬᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ  ᠃ ᠲᠠᠷᠢᠶᠠᠯᠠᠩ ᠤᠨ ᠵᠠᠩᠭᠢᠯᠠᠭ᠎ᠠ ᠶᠢᠨ ᠴᠠᠭ ᠤᠯᠠᠷᠢᠯ ᠪᠠ ᠴᠢᠬᠤᠯᠠ ᠶᠡᠭᠡ ᠠᠵᠢᠯᠯᠠᠭ᠎ᠠ ᠶᠢᠨ ᠦᠶ᠎ᠡ ᠳᠤ ᠂ ᠭᠤᠣᠯ ᠤᠷᠤᠰᠬᠠᠯ ᠤᠨ ᠵᠠᠭᠤᠴᠢᠯᠠᠭᠤᠷ ᠢ ᠤᠷᠢᠵᠤ ᠰᠢᠷᠢᠰ ᠤᠬᠠᠭᠤᠯᠭ᠎ᠠ ᠮᠡᠳᠡᠭᠡᠯᠡᠯ ᠦᠷᠨᠢᠭᠦᠯᠪᠡ᠃
图片2.png
      ᠲᠣᠰ ᠮᠡᠷᠭᠡᠵᠢᠯ ᠢ ᠬᠡᠷᠡᠭᠯᠡᠪᠡᠯ ᠮᠦ ᠪᠦᠷᠢ ᠶᠢᠨ ᠤᠨᠠᠯᠲᠠ ᠶᠢ 400 ᠺᠢᠯᠣᠭ᠍ᠷᠠᠮ  ᠠᠴᠠ ᠳᠡᠭᠡᠭᠰᠢ ᠪᠠᠶᠢᠯᠭᠠᠵᠤ᠂ ᠮᠦ ᠪᠦᠷᠢ ᠶᠢᠨ ᠥᠪᠡᠷ ᠤᠨ ᠥᠷᠲᠡᠭ ᠢ ᠠᠷᠪᠢᠯᠠᠵᠤ ᠦᠷ᠎ᠡ ᠠᠰᠢᠭ ᠢ 15%  ᠠᠴᠠ ᠳᠡᠭᠡᠭᠰᠢ ᠨᠡᠮᠡᠭᠳᠡᠭᠦᠯᠵᠦ ᠪᠣᠯᠤᠨ᠎ᠠ᠃ ᠡᠭᠦᠨ ᠤ ᠬᠠᠮᠲᠤ᠂ ︽ᠳᠥᠷᠪᠡ ᠶᠢ ᠬᠢᠵᠠᠭᠠᠷᠯᠠᠬᠤ︾ ᠪᠣᠬᠢᠷᠲᠤᠯ ᠦᠭᠡᠢ ᠠᠵᠢᠯᠯᠠᠭ᠎ᠠ ᠪᠠ ᠪᠠᠷᠢᠮᠵᠢᠶᠠᠵᠢᠭᠤᠯᠬᠤ ᠠᠵᠢᠯᠯᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠰᠤ ᠬᠡᠷᠡᠭᠯᠡᠬᠦ ᠬᠡᠮᠵᠢᠶ᠎ᠡ ᠶᠢ 15% ᠪᠠᠷ ᠪᠠᠭᠠᠰᠬᠠᠨ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ 12% ᠢᠶᠠᠷ ᠪᠠᠭᠤᠷᠠᠭᠤᠯᠵᠤ᠂ ᠰᠦᠯᠢᠶᠥᠦ ᠪᠦᠷᠬᠦᠪᠴᠢ ᠶᠢᠨ ᠦᠯᠡᠳᠡᠭᠳᠡᠯ ᠢ 20% ᠪᠠᠷ ᠪᠠᠭᠠᠰᠬᠠᠨ᠂ ᠰᠦᠯᠢᠶᠥᠦ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ 10% ᠪᠠᠷ ᠳᠡᠭᠡᠭᠰᠢᠯᠡᠭᠦᠯᠵᠦ᠂ ᠬᠢᠮᠢ ᠶᠢᠨ ᠲᠠᠷᠢᠶᠠᠨ ᠡᠮ ᠢ 8% ᠪᠠᠷ ᠪᠠᠭᠠᠰᠬᠠᠵᠤ ᠪᠣᠯᠤᠨ᠎ᠠ ᠃ ᠲᠣᠰ ᠵᠠᠭᠪᠤᠷ ᠢ ᠣᠶᠢᠷᠠᠯᠴᠠᠭ᠎ᠠ ᠨᠥᠬᠦᠴᠡᠯ ᠲᠠᠢ ᠭᠠᠵᠠᠷ ᠣᠷᠣᠨ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠳᠡᠯᠭᠡᠷᠡᠭᠦᠯᠵᠦ ᠪᠣᠯᠣᠨ᠎ᠠ᠃
  图片3.png
    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号