ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠰᠢᠭᠦᠯᠲᠡ ᠶᠢᠨ ᠸᠢᠳᠢᠣ᠋ ᠶᠢ ᠲᠦᠪᠯᠡᠷᠡᠭᠦᠯᠦᠨ ᠦᠵᠡᠪᠡ
ᠨᠡᠶᠢᠲᠡᠯᠡᠭᠰᠡᠨ ᠴᠠᠭ᠄
2023/9/8
      ︽ ᠲᠥᠷᠥ ᠶᠢᠨ ᠠᠵᠢᠯᠲᠠᠨ ᠤ ᠲᠢᠩᠬᠢᠮ ᠤᠨ ᠰᠢᠭᠦᠯᠲᠡ ᠶᠢ ᠬᠠᠵᠠᠭᠤ ᠠᠴᠠ ᠰᠣᠨᠣᠰᠬᠤ ᠠᠵᠢᠯᠯᠠᠭ᠎ᠠ ᠶᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠠᠬᠢᠭᠤᠯᠬᠤ ᠲᠤᠬᠠᠢ ᠰᠠᠨᠠᠯ︾ ᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ ᠂ ᠺᠠᠳ᠋ᠷ ᠤᠨ ᠬᠠᠤᠯᠢᠵᠢᠯ ᠤᠨ ᠣᠶᠢᠯᠠᠭᠠᠭᠳᠠᠬᠤᠨ ᠂ ᠬᠠᠤᠯᠢᠵᠢᠯ ᠤᠨ ᠰᠡᠳᠬᠢᠬᠦᠢ ᠂ ᠬᠠᠤᠯᠢᠵᠢᠯ ᠤᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ ᠂ ᠬᠠᠤᠯᠢ ᠶᠢ ᠰᠤᠷᠤᠯᠴᠠᠵᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ ᠂ ︽ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ ︾ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ  ᠨᠠᠶᠢᠳᠠᠪᠤᠷᠢᠵᠢᠭᠤᠯᠬᠤ ᠶᠢᠨ ᠲᠦᠯᠦᠭᠡ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠲᠢᠩᠬᠢᠮ ᠤᠨ ᠪᠠᠶᠢᠭᠤᠯᠤᠯᠭ᠎ᠠ ᠶᠢᠨ ᠪᠦᠬᠦ ᠠᠯᠪᠠᠳᠠᠨ ᠪᠣᠯᠣᠨ ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠲᠢᠩᠬᠢᠮ ᠤᠨ ᠰᠢᠭᠦᠯᠲᠡ ᠶᠢᠨ ᠸᠢᠳᠢᠤ᠋ ᠶᠢ ᠲᠥᠪᠯᠡᠷᠡᠭᠦᠯᠦᠨ ᠦᠵᠡᠪᠡ ᠃      ᠲᠣᠰ ᠤᠳᠠᠭᠠᠨ ᠤ ᠠᠵᠢᠯᠯᠠᠭ᠎ᠠ ᠳᠤ ᠵᠠᠰᠠᠭ ᠵᠠᠬᠢᠷᠭᠠᠨ ᠤ ᠵᠠᠷᠭᠤ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠠᠪᠴᠤ᠂ ᠭᠡᠷᠡᠴᠢ ᠳᠤᠷᠠᠳᠬᠤ᠂ ᠲᠤᠯᠭᠠᠨ ᠭᠡᠷᠡᠴᠢᠯᠡᠬᠦ᠂ ᠮᠠᠷᠭᠤᠯᠳᠤᠬᠤ ᠵᠡᠷᠭᠡ ᠲᠢᠩᠬᠢᠮ ᠤᠨ ᠰᠢᠭᠦᠯᠲᠡ ᠶᠢᠨ ᠵᠢᠷᠤᠮ ᠨᠢ ᠪᠦᠷᠢᠨ ᠪᠦᠲᠦᠨ᠂ ᠵᠢᠷᠤᠮᠵᠢᠯ ᠲᠠᠢ᠂ ᠢᠯᠭᠤᠮ ᠤᠷᠤᠭᠰᠢᠲᠠᠢ  ᠶᠠᠪᠤᠭᠳᠠᠪᠠ ᠃ ︽ᠨᠢᠳᠦᠨ ᠳᠤ ᠦᠵᠡᠭᠳᠡᠵᠦ᠂  ᠴᠢᠬᠢᠨ ᠳᠤ ᠰᠣᠨᠣᠰᠳᠠᠬᠤ︾ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ︽ᠲᠢᠩᠬᠢᠮ ᠤᠨ ᠰᠢᠭᠦᠯᠲᠡ ᠶᠢᠨ ᠠᠬᠤᠢ ᠲᠠᠯᠠᠪᠠᠶ︾ ᠶᠢ ︽ᠰᠡᠷᠡᠮᠵᠢᠯᠡᠭᠦᠯᠬᠦ ᠬᠢᠴᠢᠶᠡᠯ ᠤᠨ ᠲᠠᠩᠬᠢᠮ︾ ᠪᠣᠯᠭᠠᠨ ᠬᠤᠪᠢᠷᠠᠭᠤᠯᠵᠤ᠂ ᠨᠡᠩ ᠰᠢᠭᠤᠳ ᠪᠥᠭᠡᠳ ᠠᠮᠢᠳᠤᠯᠢᠭ ᠬᠡᠯᠪᠡᠷᠢ ᠪᠠᠷ ᠺᠠᠳ᠋ᠷᠴᠤᠳ ᠲᠤ ᠰᠢᠭᠦᠬᠦ ᠲᠢᠩᠬᠢᠮ ᠤᠨ ᠲᠢᠩᠬᠢᠮ ᠤᠨ ᠰᠢᠭᠦᠯᠲᠡ ᠶᠢᠨ ᠠᠵᠢᠯᠯᠠᠭ᠎ᠠ ᠶᠢ ᠲᠠᠨᠢᠭᠤᠯᠵᠤ ᠂ ᠲᠢᠩᠬᠢᠮ ᠤᠨ ᠰᠢᠭᠦᠯᠲᠡ ᠶᠢᠨ ᠵᠠᠩᠭᠢᠯᠠᠭ᠎ᠠ ᠶᠢ ᠨᠡᠩ ᠭᠦᠨᠵᠡᠭᠡᠢ ᠣᠶᠢᠯᠠᠭᠠᠭᠤᠯᠵᠤ ᠂ ᠡᠭᠦᠨ ᠤ ᠤᠯᠠᠮ ᠠᠴᠠ ᠺᠠᠳ᠋ᠷᠴᠤᠳ ᠤᠨ ᠬᠠᠤᠯᠢ ᠶᠢ ᠬᠦᠨᠳᠦᠳᠬᠡᠬᠦ ᠂ ᠬᠠᠤᠯᠢ ᠶᠢ ᠰᠤᠷᠤᠯᠴᠠᠬᠤ ᠂ ᠬᠠᠤᠯᠢ ᠶᠢ ᠰᠠᠬᠢᠬᠤ ᠂ ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ ᠢ ᠬᠥᠭᠵᠢᠭᠡᠵᠦ ᠂ ᠬᠡᠷᠡᠭ ᠢᠶᠠᠷ ᠲᠣᠯᠢ ᠪᠣᠯᠭᠠᠬᠤ ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠂ ᠰᠤᠷᠤᠯᠴᠠᠬᠤ ᠪᠠᠷ ᠬᠡᠷᠡᠭᠯᠡᠬᠦ ᠶᠢ ᠠᠬᠢᠭᠤᠯᠬᠤ ᠰᠤᠷᠤᠯᠴᠠᠯᠭ᠎ᠠ ᠶᠢᠨ ᠦᠷ᠎ᠡ ᠪᠦᠲᠦᠮᠵᠢ  ᠳᠤ ᠦᠨᠡᠨ ᠬᠦ ᠬᠦᠷᠴᠦ ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃
图片1.png
 
图片2.png
     
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号