ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ – ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠪᠠ ᠳᠠᠶᠢᠴᠢᠨ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/9/8
      9 ᠰᠠᠷ᠎ᠠ ᠶᠢᠨ 7 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ – ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃      ᠳᠠᠶᠢᠴᠢᠨ᠂ ᠳᠤᠮᠳᠠᠳᠤ ᠮᠣᠩᠭᠤᠯ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ ᠮᠥᠨ᠂ ᠪᠠᠰᠠ ᠴᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠰᠠᠶᠢᠨ ᠬᠠᠨᠢᠲᠠᠨ ᠮᠥᠨ᠃ ᠥᠪᠥᠷ ᠮᠣᠩᠭᠤᠯ ᠳᠤᠮᠳᠠᠳᠤ ᠮᠣᠩᠭᠤᠯ ᠤᠨ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠬᠠᠮᠤᠭ ᠤᠨ ᠡᠮᠦᠨ᠎ᠡ ᠡᠩᠨᠡᠭᠡᠨ ᠳᠤ ᠪᠠᠶᠢᠵᠤ᠂ ᠣᠶᠢᠷ᠎ᠠ ᠶᠢᠨ ᠵᠢᠯ ᠳᠤ ᠮᠣᠩᠭᠤᠯ ᠤᠯᠤᠰ ᠯᠤᠭ᠎ᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠪᠠᠨ ᠲᠠᠰᠤᠷᠠᠯᠲᠠ ᠦᠭᠡᠢ ᠥᠷᠭᠡᠳᠬᠡᠨ᠂ ᠮᠠᠯ ᠠᠵᠤ ᠠᠬᠤᠢ ᠲᠠᠷᠢᠶᠠᠯᠠᠩ ᠤᠨ ᠪᠡᠯᠡ ᠣᠷᠤᠭᠤᠯᠤᠯᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠤᠨ ᠰᠣᠯᠢᠯᠴᠠᠭ᠎ᠠ ᠪᠠᠨ ᠴᠢᠩᠭᠠᠳᠬᠠᠨ᠂ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ ᠪᠦᠲᠦᠭᠡᠯ ᠣᠯᠪᠠ᠃ ᠬᠤᠶᠠᠷ ᠲᠠᠯ᠎ᠠ ᠶᠢᠨ ᠬᠥᠷᠰᠢ ᠵᠡᠷᠭᠡᠯᠡᠳᠡᠭᠡ ᠭᠠᠵᠠᠷ ᠣᠷᠣᠨ᠂ ᠠᠵᠢᠯ ᠨᠢᠭᠡᠲᠡᠨ ᠠᠵᠤ ᠠᠬᠤᠶᠢᠯᠠᠯ ᠡᠨᠡ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠷᠠᠯ ᠪᠣᠯᠭᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠭᠦᠢᠴᠡᠳ ᠵᠣᠯᠭᠠᠭᠤᠯᠵᠤ᠂ ᠭᠦᠨᠵᠡᠭᠡᠢ ᠵᠥᠪᠳᠡᠯᠴᠡᠵᠦ᠂ ᠨᠥᠬᠦᠷᠯᠡᠯ ᠤᠨ ᠦᠷ᠎ᠡ ᠶᠢ ᠬᠠᠮᠲᠤ ᠪᠠᠷ ᠦᠨᠳᠦᠰᠦᠯᠡᠭᠦᠯᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠪᠡ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号