ᠦᠬᠡᠷ ᠢ ᠰᠣᠩᠭᠤᠨ ᠬᠡᠭᠡᠯᠲᠦᠭᠦᠯᠬᠦ - ᠶᠠᠭᠤ ᠶᠢ ᠲᠦᠷᠦᠯ ᠰᠠᠳᠤᠨ ᠤ ᠬᠠᠷᠢᠴᠠᠭ᠎ᠠ ᠶᠢ ᠰᠣᠩᠭᠤᠨ ᠬᠡᠭᠡᠯᠲᠦᠭᠦᠯᠬᠦ ᠭᠡᠬᠦ ᠪᠤᠢ︖
ᠨᠡᠶᠢᠲᠡᠯᠡᠭᠰᠡᠨ ᠴᠠᠭ᠄
2024/1/1
      ᠲᠥᠷᠥᠯ ᠰᠠᠳᠤᠨ ᠤ ᠬᠠᠷᠢᠴᠠᠭ᠎ᠠ ᠶᠢ ᠰᠣᠩᠭᠤᠨ ᠬᠡᠭᠡᠯᠲᠦᠭᠦᠯᠬᠦ ᠭᠡᠳᠡᠭ ᠨᠢ ᠪᠤᠬ᠎ᠠ ᠪᠠ ᠦᠨᠢᠶᠡᠨ ᠤ ᠬᠤᠭᠤᠷᠣᠨᠳᠣᠬᠢ ᠲᠥᠷᠥᠯ ᠰᠠᠳᠤᠨ ᠤ ᠬᠠᠷᠢᠴᠠᠭᠠᠨ ᠤ ᠬᠤᠯᠠ ᠣᠶᠢᠷ᠎ᠠ ᠶᠢ ᠦᠨᠳᠦᠰᠦᠯᠡᠨ ᠬᠡᠭᠡᠯᠲᠦᠭᠦᠯᠭᠡ ᠶᠢ ᠲᠣᠬᠢᠷᠠᠭᠤᠯᠵᠤ᠂ ᠰᠠᠨᠠᠭᠠᠴᠢᠯᠠᠭ᠎ᠠ   ᠠᠴᠠ ᠪᠠᠨ ᠣᠶᠢᠷ᠎ᠠ ᠲᠥᠷᠥᠯ ᠤᠨ ᠦᠷᠡᠵᠢᠯ ᠪᠤᠶᠤ ᠲᠥᠷᠥᠯ ᠤᠨ ᠪᠤᠰᠤ ᠦᠷᠡᠵᠢᠯ  ᠢ ᠶᠠᠪᠤᠭᠳᠠᠭᠤᠯᠬᠤ ᠶᠢ ᠬᠡᠯᠡᠨ᠎ᠡ᠃ ᠣᠶᠢᠷ᠎ᠠ ᠲᠥᠷᠥᠯ ᠤᠨ ᠬᠡᠭᠡᠯᠲᠦᠭᠦᠯᠭᠡ ᠨᠢ ᠨᠢᠭᠤᠭᠳᠠᠮᠠᠯ ᠬᠥᠨᠥᠭᠡᠯᠳᠦ ᠭᠧᠨ ᠢ ᠪᠣᠢ ᠪᠣᠯᠭᠠᠵᠤ᠂ ᠬᠠᠶᠠ ᠬᠥᠨᠥᠭᠡᠯᠳᠦ ᠭᠧᠨ ᠡᠭᠦᠰᠭᠡᠬᠦ ᠶᠢ ᠤᠰᠠᠳᠬᠠᠬᠤ ᠳᠤ ᠳᠥᠭᠦᠮ ᠪᠣᠯᠭᠠᠳᠠᠭ᠂ ᠤᠷᠢᠳ ᠢᠶᠠᠷ ᠡᠴᠢᠭᠡ ᠡᠬᠡ ᠶᠢ ᠨᠢ ᠭᠡᠭᠡᠭᠳᠡᠭᠦᠯᠬᠦ ᠶᠢᠨ ᠬᠠᠮᠲᠤ ᠳᠡᠭᠡᠳᠦᠰ ᠤᠨ ᠦᠶ᠎ᠡ ᠶᠢ ᠨᠢ ᠦᠷᠡᠵᠢᠭᠦᠯᠦᠨ ᠪᠣᠶᠢᠵᠢᠭᠤᠯᠬᠤ ᠶᠢ ᠵᠣᠭᠰᠣᠭᠠᠨ᠎ᠠ᠂ ᠬᠠᠷᠢᠨ ᠳᠡᠳ᠋ ᠪᠣᠳᠠᠭᠠᠯᠢ ᠪᠡᠶ᠎ᠡ ᠪᠠᠷ ᠳᠡᠭᠡᠳᠦᠰ ᠤᠨ ᠦᠶ᠎ᠡ ᠶᠢᠨ ᠡᠴᠢᠭᠡ ᠡᠬᠡ ᠪᠡᠶ᠎ᠡ ᠲᠠᠢ ᠨᠢ ᠬᠡᠭᠡᠯᠲᠦᠭᠦᠯᠪᠡᠯ ᠬᠡᠭᠡᠯᠲᠦᠭᠦᠯᠭᠡ ᠶᠢᠨ ᠬᠤᠶᠢᠴᠢ ᠦᠶ᠎ᠡ ᠳᠤ ᠡᠶᠢᠮᠦ ᠭᠧᠨ ᠪᠠᠶᠢᠬᠤ ᠡᠰᠡᠬᠦ ᠶᠢ ᠮᠡᠳᠡᠵᠦ ᠪᠣᠯᠣᠨ᠎ᠠ᠂ ᠡᠶᠢᠮᠦ ᠦᠵᠡᠭᠳᠡᠯ ᠢᠯᠡᠷᠡᠭᠰᠡᠭᠡᠷ ᠲᠡᠷᠡ ᠳᠠᠷᠤᠢ ᠳᠤᠨᠢ ᠡᠴᠢᠭᠡ ᠡᠬᠡ ᠪᠡᠶ᠎ᠡ ᠶᠢ ᠨᠢ ᠭᠡᠭᠡᠭᠳᠡᠭᠦᠯᠬᠦ ᠶᠢᠨ ᠬᠠᠮᠲᠤ ᠨᠡᠯᠢᠶᠡᠳ ᠬᠤᠯᠠ ᠦᠶ᠎ᠡ ᠶᠢᠨ ᠦᠶ᠎ᠡ ᠬᠦᠷᠲᠡᠯ᠎ᠡ ᠨᠡᠬᠡᠮᠵᠢᠯᠡᠬᠦ ᠭᠡᠷᠡᠭᠳᠡᠢ ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号