︽ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ︵2023︱2025︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/10
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠢᠩᠬᠢᠮ ᠤᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠳᠤ᠄      ︽ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ︵2023︱2025︶︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠦᠭᠡᠷᠡᠢ᠃                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                          ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                  2024 ᠣᠨ ᠤ 1 ᠰᠠᠷ᠎ᠠ ᠶᠢᠨ 10 ᠤ ᠡᠳᠦᠷ              ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ            ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ                        ︵2023 ︱ 2025︶      ᠭᠠᠷᠴᠠᠭᠯᠠᠯ       ᠨᠢᠭᠡᠳᠦᠭᠡᠷ ᠪᠦᠯᠦᠭ   ᠬᠥᠭᠵᠢᠯᠲᠡ ᠶᠢᠨ ᠣᠳᠣᠬᠢ ᠪᠠᠶᠢᠳᠠᠯ ᠬᠢᠭᠡᠳ ᠪᠠᠶᠢᠳᠠᠯ      ᠨᠢᠭᠡᠳᠦᠭᠡᠷ ᠬᠡᠰᠡᠭ    ᠬᠥᠭᠵᠢᠯᠲᠡ ᠶᠢᠨ ᠣᠳᠣᠬᠢ ᠪᠠᠶᠢᠳᠠᠯ      ᠬᠤᠶᠠᠳᠤᠭᠠᠷ ᠬᠡᠰᠡᠭ    ᠲᠤᠯᠭᠠᠷᠠᠵᠤ ᠪᠠᠶᠢᠭ᠎ᠠ ᠪᠠᠶᠢᠳᠠᠯ      ᠬᠤᠶᠠᠳᠤᠭᠠᠷ ᠪᠦᠯᠦᠭ    ᠶᠡᠷᠦᠩᠬᠡᠢ ᠰᠡᠳᠬᠢᠴᠡ      ᠨᠢᠭᠡᠳᠦᠭᠡᠷ ᠬᠡᠰᠡᠭ    ᠵᠢᠯᠤᠭᠤᠳᠬᠤ ᠦᠵᠡᠯ ᠰᠠᠨᠠᠭ᠎ᠠ      ᠬᠤᠶᠠᠳᠤᠭᠠᠷ ᠬᠡᠰᠡᠭ    ᠦᠨᠳᠦᠰᠦᠨ ᠵᠠᠷᠴᠢᠮ      ᠭᠤᠷᠪᠠᠳᠤᠭᠠᠷ ᠬᠡᠰᠡᠭ    ᠬᠥᠭᠵᠢᠯᠲᠡ ᠶᠢᠨ ᠬᠠᠷᠠᠯᠲᠠ      ᠭᠤᠷᠪᠠᠳᠤᠭᠠᠷ ᠪᠦᠯᠦᠭ    ᠭᠤᠣᠯ ᠡᠭᠦᠷᠭᠡ ᠬᠢᠭᠡᠳ ᠭᠤᠣᠯᠳᠠᠯᠭ᠎ᠠ ᠲᠠᠢ ᠢᠨᠵᠧᠨᠧᠷᠢᠩ       ᠨᠢᠭᠡᠳᠦᠭᠡᠷ ᠬᠡᠰᠡᠭ    ᠣᠶᠤᠨᠴᠢ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ      ᠬᠤᠶᠠᠳᠤᠭᠠᠷ ᠬᠡᠰᠡᠭ    ᠪᠥᠬᠦ ᠠᠵᠤ ᠦᠢᠯᠡᠰ ᠤᠨ ᠬᠡᠯᠬᠢᠶᠡᠨ ᠤ ᠲᠣᠭᠠᠴᠢᠯᠠᠯᠲᠠ ᠶᠢ ᠠᠬᠢᠭᠤᠯᠵᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠬᠦᠯᠬᠦ      ᠭᠤᠷᠪᠠᠳᠤᠭᠠᠷ ᠬᠡᠰᠡᠭ    ᠲᠣᠮᠣ ᠳ᠋ᠠᠶᠢᠲ᠋ᠠ ᠶᠢᠨ ᠰᠠᠭᠤᠷᠢ ᠶᠢ ᠪᠠᠬᠢᠵᠢᠭᠦᠯᠵᠦ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠬᠦᠯᠬᠦ       ᠳᠥᠷᠪᠡᠳᠦᠭᠡᠷ ᠬᠡᠰᠡᠭ    ᠲᠣᠭᠠᠴᠢᠯᠠᠭᠰᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠬᠤᠳᠠ ᠬᠥᠳᠡᠭᠡ ᠶᠢᠨ ᠲᠤᠭᠠᠴᠢᠯᠠᠯᠳᠠ ᠶᠢᠨ ᠵᠠᠢ ᠶᠢ ᠪᠠᠭᠠᠰᠬᠠᠬᠤ       ᠲᠠᠪᠤᠳᠤᠭᠠᠷ ᠬᠡᠰᠡᠭ    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠬᠦᠯᠬᠦ      ᠳᠥᠷᠪᠡᠳᠦᠭᠡᠷ ᠪᠦᠯᠦᠭ    ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡᠳᠦᠭᠡᠷ ᠬᠡᠰᠡᠭ    ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ       ᠬᠤᠶᠠᠳᠤᠭᠠᠷ ᠬᠡᠰᠡᠭ    ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ       ᠭᠤᠷᠪᠠᠳᠤᠭᠠᠷ ᠬᠡᠰᠡᠭ    ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ       ᠳᠥᠷᠪᠡᠳᠦᠭᠡᠷ ᠬᠡᠰᠡᠭ    ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ       ᠲᠠᠪᠤᠳᠤᠭᠠᠷ ᠬᠡᠰᠡᠭ    ᠬᠢᠨᠠᠨ ᠬᠡᠮᠵᠢᠵᠦ ᠦᠨᠡᠯᠡᠨ ᠵᠢᠱᠢᠬᠦ ᠶᠢ ᠳᠡᠭᠦᠯᠳᠡᠷᠵᠢᠭᠦᠯᠬᠦ       ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠳᠠᠲᠠᠢ ᠠᠵᠢᠯᠯᠠᠭ᠎ᠠ ᠮᠥᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠠᠰᠢᠭᠲᠠᠢ ᠭᠠᠷᠳᠠᠴᠠ ᠮᠥᠨ᠃ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠢᠴᠢ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠥᠬᠦ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠮᠡᠳᠡᠭᠡ ᠵᠠᠩᠭᠢᠵᠢᠯᠲᠠ ᠶᠢᠨ ᠲᠥᠯᠦᠪᠵᠢᠭᠦᠯᠭᠡ︾᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠵᠡᠷᠭᠡ 10 ᠰᠠᠯᠠᠭ᠎ᠠ ᠮᠥᠴᠢᠷ ᠤᠨ ︽ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ︵2022 ᠣᠨ ︱ 2025 ᠣᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠯᠦᠪᠵᠢᠭᠦᠯᠭᠡ ᠶᠢ ᠲᠣᠭᠲᠠᠭᠠᠪᠠ᠃      ᠨᠢᠭᠡᠳᠦᠭᠡᠷ ᠪᠦᠯᠦᠭ    ᠬᠥᠭᠵᠢᠯᠲᠡ ᠶᠢᠨ ᠣᠳᠣᠬᠢ ᠪᠠᠶᠢᠳᠠᠯ ᠬᠢᠭᠡᠳ ᠪᠠᠶᠢᠳᠠᠯ      ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠣᠭᠠᠴᠢᠯᠠᠭᠰᠠᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠥᠪᠥᠷ ᠮᠣᠩᠭᠤᠯ ᠤᠨ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢ ᠲᠦᠷᠭᠡᠳᠬᠡᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃      ᠨᠢᠭᠡᠳᠦᠭᠡᠷ ᠬᠡᠰᠡᠭ    ᠬᠥᠭᠵᠢᠯᠲᠡ ᠶᠢᠨ ᠣᠳᠣᠬᠢ ᠪᠠᠶᠢᠳᠠᠯ      ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠢ ᠠᠩᠬ᠎ᠠ ᠠᠯᠬᠤᠮ ᠲᠣᠭᠲᠠᠭᠠᠪᠠ᠃ ︽ ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠬᠤᠪᠢᠶᠠᠷᠢᠯᠠᠬᠤ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢᠨ ᠲᠥᠰᠥᠯ ︵ 2021 ᠣᠨ ︱ 2023 ᠣᠨ ︶ ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠥᠯ ︵ 2021 ᠣᠨ ︱ 2023 ᠣᠨ ︶ ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠶᠤᠨᠲᠤ ᠬᠤᠳᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠥᠯ ︵ 2021 ᠣᠨ ︱ 2023 ᠣᠨ ︶ ︾ ︽ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠦᠯᠲᠡ ᠶᠢᠨ ᠲᠥᠰᠥᠯ ︾ ᠵᠡᠷᠭᠡ ᠠᠵᠢᠯᠯᠠᠭ᠎ᠠ ᠶᠢᠨ ᠲᠥᠰᠥᠯ ᠢ ᠨᠡᠶᠢᠲᠡᠯᠡᠵᠤ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮᠵᠢ ᠶᠢ ᠠᠩᠬ᠎ᠠ ᠠᠯᠬᠤᠮ ᠲᠣᠭᠲᠠᠭᠠᠪᠠ᠃      ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠰᠠᠶᠢᠵᠢᠷᠠᠪᠠ ᠃ 2022 ᠣᠨ ᠤ 9 ᠰᠠᠷ᠎ᠠ ᠪᠣᠯᠲᠠᠯ᠎ᠠ᠂ ᠪᠥᠬᠦ ᠣᠷᠣᠨ ᠤ ᠵᠠᠰᠠᠭ ᠵᠠᠬᠢᠷᠭᠠᠨ ᠤ ᠲᠣᠰᠬᠤᠨ ᠤ ᠥᠷᠭᠡᠨ ᠪᠦᠰᠡᠲᠦ ᠰᠦᠯᠵᠢᠶ᠎ᠡ ᠶᠢᠨ ᠨᠡᠪᠲᠡᠷᠡᠭᠰᠡᠨ ᠨᠣᠷᠮ᠎ᠠ 100% ᠳᠤ ᠬᠦᠷᠴᠦ᠂ ᠪᠥᠬᠦ ᠣᠷᠣᠨ ᠤ ᠭᠡᠷᠡᠯᠯᠢᠭ ᠳᠡᠭᠡᠰᠦᠨ ᠤ ᠱᠤᠭᠤᠮ ᠤᠨ ᠪᠥᠬᠦ ᠣᠷᠳᠣ ᠶᠢᠨ ᠬᠡᠮᠵᠢᠶ᠎ᠡ 159.1 ᠲᠦᠮᠡᠨ ᠺᠢᠯᠣᠮᠧᠲᠷ ᠲᠤ ᠬᠥᠷᠪᠡ᠃ 2022 ᠣᠨ ᠳᠤ᠂ 5G ᠶᠢᠨ ᠰᠠᠭᠤᠷᠢ ᠥᠷᠲᠡᠭᠡ 4.1 ᠲᠦᠮᠡ ᠳᠤ ᠬᠦᠷᠴᠦ᠂ ᠲᠦᠮᠡᠨ ᠬᠥᠮᠥᠨ ᠪᠦᠷᠢ ᠳᠤ 16.8 5G ᠶᠢᠨ ᠰᠠᠭᠤᠷᠢ ᠥᠷᠲᠡᠭᠡ ᠲᠠᠢ ᠪᠣᠯᠵᠤ᠂ ᠪᠥᠬᠦ ᠤᠯᠤᠰ ᠤᠨ ᠳᠤᠮᠳᠠᠴᠢ ︵15.7︶ ᠠᠴᠠ ᠥᠨᠳᠥᠷ ᠪᠣᠯᠵᠠᠢ᠃ ᠪᠥᠬᠦ ᠣᠷᠣᠨ ᠤ 5G ᠶᠢᠨ ᠰᠦᠯᠵᠢᠶ᠎ᠡ ᠶᠢ ᠨᠢᠭᠡᠨᠲᠡ 12 ᠠᠶᠢᠮᠠᠭ ᠬᠤᠲᠠ ᠶᠢᠨ ᠬᠤᠲᠠ ᠲᠣᠭᠤᠷᠢᠭ᠂ 103 ᠰᠢᠶᠠᠨ ᠤ ᠱᠠᠲᠤ ᠪᠠ 914 ᠰᠢᠶᠠᠩ ᠪᠠᠯᠭᠠᠰᠤᠨ ᠤ ᠭᠤᠣᠯ ᠪᠣᠯᠬᠤ ᠣᠷᠣᠨ ᠪᠦᠰᠡ ᠳᠤ ᠵᠠᠯᠭᠠᠭᠠᠪᠡᠷ ᠪᠦᠷᠬᠦᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠯ᠎ᠡ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠡᠪ ᠤᠨ ᠠᠵᠢᠯᠯᠠᠭᠠᠨ ᠢ ᠬᠦᠴᠦᠲᠡᠢ ᠲᠤᠯᠭᠠᠭᠤᠷᠢᠯᠠᠭᠰᠠᠨ ᠪᠠᠶᠢᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠸᠢᠳᠢᠤ᠋ ᠬᠤᠷᠠᠯ ᠤᠨ ᠵᠢᠯᠣᠭᠤᠳᠤᠨ ᠲᠣᠬᠢᠷᠠᠭᠤᠯᠬᠤ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠯ᠎ᠡ ᠠᠶᠢᠮᠠᠭ ᠬᠤᠲᠠ ᠪᠣᠯᠣᠨ 60 ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠪᠠᠶᠢᠨ᠎ᠠ ᠃ ᠡᠭᠦᠨ ᠳᠤ᠂ ᠣᠷᠳᠣᠰ ᠬᠤᠳᠠ ᠂ ᠤᠯᠠᠭᠠᠨᠴᠠᠪ ᠬᠤᠳᠠ ᠂ ᠬᠢᠩᠭᠠᠨ ᠠᠶᠢᠮᠠᠭ ᠂ ᠬᠥᠯᠥᠨ ᠪᠤᠶᠢᠷ ᠬᠤᠳᠠ ᠂ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠂ ᠠᠯᠠᠱᠠ ᠠᠶᠢᠮᠠᠭ ᠵᠡᠷᠭᠡ 7 ᠠᠶᠢᠮᠠᠭ ᠬᠤᠳᠠ ᠳᠤ ᠬᠤᠰᠢᠭᠤ ᠰᠢᠶᠠᠨ ᠲᠣᠭᠤᠷᠢᠭ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ ᠂ ᠪᠦᠬᠦ ᠣᠷᠣᠨ ᠤ ᠬᠤᠰᠢᠭᠤ ᠰᠢᠶᠠᠨ ᠲᠣᠭᠤᠷᠢᠭ ᠤᠨ ᠪᠦᠷᠬᠦᠴᠡ ᠶᠢᠨ ᠨᠤᠷᠮ᠎ᠠ 58% ᠳᠤ ᠬᠦᠷᠴᠡᠢ ᠃      ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠴᠢᠩᠭᠠᠷᠠᠪᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠢᠭᠡᠳ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠯᠭᠠᠨ ᠠᠪᠬᠤ ᠶᠣᠰᠣᠲᠠᠢ ᠶᠢ ᠪᠦᠬᠦᠨ ᠢ ᠵᠠᠯᠭᠠᠨ ᠠᠪᠴᠤ ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠷᠢᠮᠵᠢᠶ᠎ᠠ ᠶᠢᠨ ᠵᠢᠷᠤᠮᠵᠢᠯ ᠤᠨ ᠰᠢᠰᠲ᠋ᠧᠮᠵᠢ᠂ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠪᠠ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠪᠥᠬᠦ ᠲᠠᠯ᠎ᠠ ᠪᠠᠷ ᠪᠡᠶᠡᠯᠡᠭᠦᠯᠪᠡ᠃ ︽ᠲᠦᠮᠡᠨ ᠠᠵᠤ ᠠᠬᠤᠶᠢᠯᠠᠯ ᠢ ᠰᠦᠯᠵᠢᠶᠡᠨ ᠳᠤ ᠭᠠᠷᠭᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠰᠦᠯᠵᠢᠶᠡᠨ ᠳᠤ ᠭᠠᠷᠬᠤ ᠠᠵᠤ ᠠᠬᠤᠶᠢᠯᠠᠯ 1.3 ᠲᠦᠮᠡᠨ ᠡᠷᠦᠬᠡ ᠳᠤ ᠬᠥᠷᠪᠡ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠪᠠ ︽12316︾ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠦᠢᠯᠡᠴᠢᠯᠡᠭᠡᠨ ᠤ ᠬᠠᠯᠠᠮᠰᠢᠯ ᠤᠲᠠᠰᠤ ᠭᠤᠷᠪᠠ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠪᠥᠬᠦ ᠣᠷᠣᠨ ᠤ ᠮᠠᠯᠴᠢᠨ ᠲᠠᠷᠢᠶᠠᠴᠢᠨ ᠳᠤ ᠬᠠᠨᠳᠤᠭᠤᠯᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠮᠡᠷᠭᠡᠵᠢᠯ ᠤᠨ ᠯᠠᠪᠯᠠᠭ᠎ᠠ᠂ ᠲᠥᠷᠥ ᠶᠢᠨ ᠪᠣᠳᠣᠯᠭ᠎ᠠ ᠶᠢᠨ ᠬᠠᠷᠢᠭᠤᠯᠲᠠ᠂ ᠦᠢᠯᠡᠳᠪᠦᠷᠢᠯᠡᠯ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠵᠤ ᠵᠠᠭᠠᠯᠳᠤᠬᠤ ᠵᠡᠷᠭᠡ ᠦᠢᠯᠡᠴᠢᠯᠡᠭᠡᠨ ᠢ ᠬᠠᠩᠭᠠᠭᠰᠠᠨ ᠪᠠᠶᠢᠨ᠎ᠠ᠃      ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠣᠷᠳᠣᠰ ᠂ ᠬᠥᠬᠡᠬᠤᠲᠠ ᠂ ᠤᠯᠠᠭᠠᠨᠬᠠᠳᠠ ᠵᠡᠷᠭᠡ ᠠᠶᠢᠮᠠᠭ ᠬᠤᠳᠠ ᠶᠢᠨ ᠲᠠᠷᠢᠶᠠᠯᠠᠩ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠂ ᠤᠳᠤ ᠦᠶ᠎ᠡ ᠶᠢᠨ ᠮᠠᠯ ᠠᠵᠤ ᠠᠬᠤᠢ ᠶᠢᠨ ᠪᠦᠯᠦᠭᠯᠡᠯ ᠂ ᠥᠪᠥᠷ ᠮᠣᠩᠭᠤᠯ ᠤᠨ ᠵᠧᠩ ᠳ᠋ᠡ ᠵᠡᠷᠭᠡ ᠨᠢᠭᠡ ᠪᠦᠯᠦᠭ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠥᠷᠨᠢᠭᠦᠯᠦᠭᠰᠡᠨ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠴᠣᠯᠭᠤᠷᠠᠨ ᠭᠠᠷᠴᠠᠢ ᠃ ᠲᠣᠮᠣ ᠳ᠋ᠠᠶᠢᠲ᠋ᠠ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠬᠠᠢ ᠰᠢᠨ ᠬᠤᠸᠠᠰᠢᠶᠠ ᠪᠥᠬᠦ ᠤᠯᠤᠰ ᠤᠨ ᠲᠦᠭᠦᠭᠡᠷᠦᠮᠵᠢᠲᠦ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠡᠵᠡᠩᠨᠡᠯᠲᠡ ᠶᠢᠨ ᠲᠠᠪᠴᠠᠩ᠂ ᠮᠧᠩ ᠨᠢᠦ ᠰᠦ ᠶᠢᠨ ᠦᠢᠯᠡᠰ ᠤᠨ ᠲᠣᠭᠠᠴᠢᠯᠠᠭᠰᠠᠨ ᠦᠢᠯᠡᠳᠪᠦᠷᠢ᠂ ᠬᠤᠸᠠ ᠰᠥᠩ ᠲᠥᠮᠥᠰᠥ ᠶᠢᠨ ᠲᠠᠩ ᠡᠭᠦᠯᠳᠡᠷ ᠤᠨ ᠲᠣᠮᠣ ᠳ᠋ᠠᠶᠢᠲ᠋ᠠ ᠶᠢᠨ ᠲᠠᠪᠴᠠᠩ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠪᠠ ᠃ ᠲᠣᠭᠠᠴᠢᠯᠠᠭᠰᠠᠨ ᠮᠡᠷᠭᠡᠵᠢᠯ ᠬᠢᠭᠡᠳ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠭᠤᠰᠤᠯᠴᠠᠯ ᠢ ᠲᠦᠷᠭᠡᠳᠬᠡᠵᠦ᠂ 2015 ᠣᠨ  ᠠᠴᠠ ᠨᠠᠭᠠᠰᠢ ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠵᠡᠷᠭᠡ 13 ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠪᠠ᠃ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠲᠣᠭᠠᠴᠢᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ  ᠨᠢ ᠪᠥᠬᠦ ᠣᠷᠣᠨ ᠤ 10 ᠠᠶᠢᠮᠠᠭ ᠬᠤᠲᠠ ᠪᠠ 53 ᠬᠤᠰᠢᠭᠤ ᠰᠢᠶᠠᠨ ᠢ ᠬᠠᠮᠤᠷᠴᠤ᠂ ᠤᠯᠤᠰ ᠤᠨ ᠰᠢᠰᠲ᠋ᠧᠮ ᠲᠠᠢ ᠵᠠᠪᠰᠠᠷ ᠦᠭᠡᠢ ᠵᠣᠯᠭᠠᠭᠤᠯᠪᠠ᠃ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤ ᠵᠡᠷᠭᠡ 2 ᠭᠠᠵᠠᠷ ᠣᠷᠣᠨ ᠨᠢ ᠲᠦᠷᠦᠭᠦᠸ ᠪᠦᠯᠦᠭ ᠤᠨ ᠤᠯᠤᠰ ᠤᠨ ᠲᠣᠭᠠᠴᠢᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠰᠢᠶᠠᠨ ᠪᠣᠯᠪᠠ᠃ ᠡᠭᠦᠯᠡᠨ ᠪᠣᠳᠣᠯᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠲᠤᠷᠰᠢᠨ ᠬᠡᠷᠡᠭᠵᠢᠭᠦᠯᠬᠦ ᠠᠵᠢᠯ ᠢ ᠤᠷᠤᠭᠰᠢᠲᠠᠢ ᠡᠬᠢᠯᠡᠭᠦᠯᠵᠦ᠂ ᠪᠥᠬᠦ ᠤᠯᠤᠰ ᠤᠨ ᠠᠩᠬᠠᠳᠠᠭᠴᠢ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠢ ᠨᠡᠬᠡᠮᠵᠢᠯᠡᠬᠦ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠮᠠᠯ ᠤᠨ ᠮᠢᠬᠠᠨ ᠤ ᠪᠦᠲᠦᠭᠡᠭᠳᠡᠬᠦᠨ ᠢ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠥᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠪᠡ᠃ ᠠᠯᠤᠰ ᠰᠡᠷᠡᠯ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠲᠣᠭᠠᠴᠢᠯᠠᠭᠰᠠᠨ ᠮᠡᠷᠭᠡᠵᠢᠯ ᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠴᠠᠷᠠᠭᠠᠨ ᠳᠤ ᠥᠷᠭᠡᠨ ᠢᠶᠠᠷ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠥᠷᠨᠢᠩᠭᠦᠢ ᠬᠥᠭᠵᠢᠪᠡ᠃      ᠠᠮᠵᠢᠯᠲᠠ ᠪᠦᠲᠦᠮᠵᠢ ᠣᠯᠣᠭᠰᠠᠨ ᠤ ᠬᠠᠮᠲᠤ᠂ ᠮᠠᠨ ᠤ ᠣᠷᠣᠨ ᠤ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠨᠢᠭᠡ ᠳᠤ ᠶᠡᠷᠦᠩᠬᠡᠢ ᠬᠥᠭᠵᠢᠯᠲᠡ ᠬᠤᠴᠤᠷᠤᠩᠭᠤᠢ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠠᠭᠤᠷᠠᠢ᠂ ᠲᠤᠭ᠎ᠠ ᠪᠠᠷᠢᠮᠲᠠ ᠶᠢᠨ ᠡᠬᠢ ᠪᠠᠶᠠᠯᠢᠭ ᠲᠠᠷᠠᠬᠠᠢ ᠪᠤᠲᠠᠷᠬᠠᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶᠡᠵᠢᠭᠰᠡᠨ ᠲᠣᠮᠣ ᠲᠤᠭ᠎ᠠ ᠪᠠᠷᠢᠮᠲᠠ ᠶᠢᠨ ᠰᠢᠰᠲ᠋ᠧᠮᠵᠢ ᠶᠢ ᠬᠠᠷᠠᠬᠠᠨ ᠪᠠᠶᠢᠭᠤᠯᠤᠭᠠᠳᠤᠢ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮᠵᠢ ᠶᠢᠨ ᠪᠠᠶᠢᠭᠤᠯᠤᠯᠲᠠ ᠰᠠᠶ᠋ᠢᠬᠠᠨ ᠡᠬᠢᠯᠡᠵᠦ᠂ ᠮᠠᠯᠴᠢᠨ ᠲᠠᠷᠢᠶᠠᠴᠢᠨ ᠤ ᠲᠤᠭ᠎ᠠ ᠪᠠᠷᠢᠮᠲᠠ ᠣᠯᠬᠤ ᠠᠷᠭ᠎ᠠ ᠵᠠᠮ ᠰᠢᠯᠤᠭᠤᠨ ᠪᠤᠰᠤ ᠪᠠᠶᠢᠨ᠎ᠠ᠃ ᠬᠤᠶᠠᠷ ᠲᠤ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢᠵᠢᠯᠲᠠ ᠶᠡᠷᠦᠩᠬᠡᠢ ᠳᠡᠭᠡᠨ ᠪᠠᠭᠤᠷᠠᠢ ᠪᠠᠶᠢᠵᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠲᠤᠭ᠎ᠠ ᠪᠠᠷᠢᠮᠲᠠ ᠶᠢᠨ ︽ᠥᠨᠥᠴᠢᠨ ᠠᠷᠠᠯ︾ ᠢ ᠡᠪᠳᠡᠬᠦ ᠴᠢᠬᠤᠯᠠᠲᠠᠢ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠬᠤᠷᠸ᠎ᠠ ᠰᠢᠢᠳᠪᠦᠷᠢᠲᠦ ᠪᠣᠳᠣᠯᠭ᠎ᠠ ᠶᠢᠨ ᠵᠠᠳᠠᠯᠤᠯᠲᠠ᠂ ᠪᠢᠴᠢᠯ ᠦᠢᠯᠡᠳᠪᠦᠷᠢᠯᠡᠯ ᠤᠨ ᠵᠢᠯᠣᠭᠤᠳᠤᠯᠭ᠎ᠠ᠂ ᠲᠠᠷᠢᠶᠠᠯᠠᠩ ᠤᠨ ᠵᠠᠬ᠎ᠠ ᠳᠡᠯᠭᠡᠭᠦᠷ ᠤᠨ ᠵᠠᠳᠠᠯᠤᠯᠲᠠ ᠵᠡᠷᠭᠡ ᠬᠡᠷᠡᠭᠯᠡᠭᠡᠨ ᠤ ᠬᠡᠲᠦ ᠶᠢᠨ ᠲᠥᠯᠥᠪ ᠢ ᠪᠦᠲᠦᠮᠵᠢᠲᠡᠶ ᠬᠠᠩᠭᠠᠬᠤ ᠶᠢᠨ ᠠᠷᠭ᠎ᠠ ᠦᠭᠡᠢ ᠪᠠᠶᠢᠨ᠎ᠠ᠃ ᠭᠤᠷᠪᠠ ᠳᠤ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠣᠶᠤᠨᠴᠢᠯᠠᠭᠰᠠᠨ ᠬᠢᠷᠢ ᠬᠡᠮᠵᠢᠶ᠎ᠡ ᠥᠨᠳᠥᠷ ᠪᠢᠰᠢ᠂ ᠲᠡᠷᠢᠭᠦᠨ ᠤ ᠪᠥᠭᠡᠳ ᠬᠡᠷᠡᠭᠯᠡᠭᠡᠨ ᠳᠤ ᠲᠣᠬᠢᠷᠠᠬᠤ ᠮᠡᠳᠡᠭᠡ ᠵᠠᠩᠭᠢᠵᠢᠯᠲᠠ ᠶᠢᠨ ᠦᠢᠯᠡᠳᠬᠦᠨ ᠤ ᠲᠣᠨᠤᠭ ᠲᠥᠬᠦᠭᠡᠷᠦᠮᠵᠢ ᠳᠤᠲᠠᠭᠳᠠᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠪᠣᠭᠤᠮᠢ ᠮᠥᠨ ᠬᠦ ᠣᠷᠣᠰᠢᠵᠤ ᠪᠠᠶᠢᠨ᠎ᠠ᠃ ᠳᠥᠷᠪᠡ ᠳᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠬᠡᠷᠡᠭᠯᠡᠭᠡ ᠬᠤᠴᠣᠷᠴᠤ᠂ ᠲᠣᠭᠠᠴᠢᠯᠠᠭᠰᠠᠨ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠵᠡᠭᠦᠨ ᠬᠡᠰᠡᠭ ᠤᠨ ᠭᠠᠵᠠᠷ ᠣᠷᠣᠨ ᠲᠠᠢ ᠬᠠᠷᠢᠴᠠᠭᠤᠯᠪᠠᠯ ᠢᠯᠡᠳᠲᠡ ᠵᠥᠷᠢᠶ᠎ᠡ ᠲᠠᠢ ᠪᠠᠶᠢᠨ᠎ᠠ᠃ ᠲᠠᠪᠤ ᠳᠤ ᠲᠣᠭᠠᠴᠢᠯᠠᠭᠰᠠᠨ ᠠᠵᠤ ᠠᠬᠤᠢ ᠶᠢᠨ ᠲᠠᠷᠢᠶᠠᠯᠠᠩ ᠮᠠᠯ ᠠᠵᠤ ᠠᠬᠤᠢ ᠳᠠᠬᠢ ᠨᠡᠪᠴᠢᠯᠲᠡ ᠶᠢᠨ ᠨᠣᠷᠮ᠎ᠠ ᠨᠢ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠳᠣᠣᠷ᠎ᠠ ᠪᠠᠶᠢᠨ᠎ᠠ᠃ ᠵᠢᠷᠭᠤᠭ᠎ᠠ ᠳᠤ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ︽ᠡᠴᠦᠰ ᠤᠨ ᠨᠢᠭᠡ ᠺᠢᠯᠣᠮᠧᠲᠷ︾ ᠤᠨ ᠳᠤᠲᠠᠭᠤᠳᠠᠯ ᠢ ᠬᠠᠷᠠᠬᠠᠨ ᠨᠥᠬᠦᠪᠦᠷᠢᠯᠡᠵᠦ ᠳᠡᠶᠢᠯᠦᠭᠡᠳᠦᠢ ᠪᠠᠶᠢᠵᠤ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠲᠠᠢ ᠴᠢᠨᠠᠷ ᠰᠠᠶᠢᠲᠠᠢ ᠴᠠᠬᠢᠯᠭᠠᠨ ᠲᠠᠸᠠᠷ ᠤᠨ ᠫᠠᠶᠢᠰᠠ ᠨᠡᠯᠢᠶᠡᠳ ᠴᠥᠭᠡᠨ ᠪᠠᠶᠢᠨ᠎ᠠ᠃      ᠬᠤᠶᠠᠳᠤᠭᠠᠷ ᠬᠡᠰᠡᠭ    ᠲᠤᠯᠭᠠᠷᠠᠵᠤ ᠪᠠᠶᠢᠭ᠎ᠠ ᠪᠠᠶᠢᠳᠠᠯ      ᠲᠠᠷᠢᠶᠠᠯᠠᠩ ᠬᠥᠳᠡᠭᠡ ᠲᠣᠰᠬᠤᠨ ᠤ ᠲᠣᠭᠠᠴᠢᠯᠠᠯᠲᠠ ᠪᠣᠯ ᠠᠮᠢᠳᠤ ᠪᠣᠳᠠᠰ ᠤᠨ ᠴᠣᠭᠴᠠ ᠵᠢᠴᠢ ᠣᠷᠴᠢᠨ ᠲᠣᠭᠤᠷᠢᠨ ᠵᠡᠷᠭᠡ ᠲᠠᠷᠢᠶᠠᠯᠠᠩ ᠤᠨ ᠡᠯᠧᠮᠧᠨ᠋ᠲ ᠂ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠵᠡᠷᠭᠡ ᠲᠠᠷᠢᠶᠠᠯᠠᠩ ᠤᠨ ᠶᠠᠪᠤᠴᠠ ᠵᠢᠴᠢ ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠯᠲᠠ ᠪᠣᠯᠣᠨ᠎ᠠ ᠂ ᠨᠢᠭᠡ ᠤᠳᠠᠭ᠎ᠠ ᠶᠢᠨ ᠭᠦᠨᠵᠡᠭᠡᠢ ᠬᠤᠪᠢᠰᠬᠠᠯ ᠪᠣᠯᠣᠨ᠎ᠠ ᠃ ᠬᠤᠶᠢᠰᠢᠳᠠ ᠶᠢᠨ ᠬᠡᠰᠡᠭ ᠬᠤᠭᠤᠴᠠᠭ᠎ᠠ ᠶᠢ ᠪᠠᠷᠠᠯᠠᠬᠤᠶ᠎ᠠ ᠂ ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠣᠯᠳᠠᠬᠤᠶ᠎ᠠ ᠪᠡᠷᠬᠡ ᠠᠵᠠ ᠲᠣᠬᠢᠶᠠᠯ ᠢ ᠤᠭᠲᠤᠨ ᠠᠪᠴᠢᠷᠠᠬᠤ ᠪᠣᠯᠣᠨ᠎ᠠ ᠃      ᠳᠡᠯᠡᠬᠡᠢ ᠶᠢᠨ ᠪᠠᠶᠢᠳᠠᠯ ᠠᠴᠠ ᠦᠵᠡᠪᠡᠯ ᠂ ᠪᠦᠬᠦ ᠪᠥᠮᠪᠥᠷᠴᠡᠭ ᠤᠨ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠂ ᠠᠵᠤ ᠦᠢᠯᠡᠰ ᠤᠨ ᠬᠤᠪᠢᠰᠤᠯᠲᠠ ᠶᠠᠭ ᠥᠷᠨᠢᠨ ᠬᠥᠭᠵᠢᠵᠦ ᠂ ᠬᠢᠵᠢᠭ ᠤᠨ ᠪᠠᠶᠢᠳᠠᠯ ᠪᠦᠬᠦ ᠪᠥᠮᠪᠥᠷᠴᠡᠭ ᠤᠨ ᠠᠵᠤ ᠠᠬᠤᠢ ᠶᠢ ᠨᠥᠯᠥᠭᠡᠯᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠂ ᠲᠣᠮᠣ ᠳ᠋ᠠᠶᠢᠲ᠋ᠠ ᠂ ᠵᠣᠬᠢᠶᠠᠮᠠᠯ ᠤᠶᠤᠨ ᠴᠢᠳᠠᠪᠤᠷᠢ ᠂ ᠣᠷᠣᠨ ᠬᠡᠰᠡᠭ ᠤᠨ ᠬᠡᠯᠬᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠨᠢ ᠨᠡᠩ ᠭᠦᠨ ᠳᠠᠪᠬᠤᠷᠭ᠎ᠠ ᠶᠢᠨ ᠠᠵᠤ ᠦᠢᠯᠡᠰ ᠤᠨ ᠬᠤᠪᠢᠰᠬᠠᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠢ ᠲᠠᠶᠢᠴᠢᠯᠠᠵᠦ ᠂ ᠡᠯ᠎ᠡ ᠤᠯᠤᠰ ᠤᠨ ᠠᠵᠤ ᠠᠬᠤᠢ ᠶᠢᠨ ᠤᠷᠤᠭᠤᠳᠠᠯ ᠠᠴᠠ ᠣᠬᠤᠷ ᠬᠤᠭᠤᠴᠠᠭ᠎ᠠ ᠪᠠᠷ ᠠᠩᠭᠢᠵᠢᠷᠠᠵᠤ ᠂ ᠤᠯᠠᠨ ᠤᠯᠤᠰ ᠤᠨ ᠥᠷᠢᠰᠦᠯᠳᠦᠭᠡᠨ ᠤ ᠳᠠᠪᠠᠭᠤᠯᠢᠭ ᠢ ᠤᠷᠳᠤ ᠬᠤᠭᠤᠴᠠᠭ᠎ᠠ ᠪᠠᠷ ᠪᠣᠶᠢᠵᠢᠭᠤᠯᠬᠤ ᠪᠠᠶᠢᠯᠳᠤᠬᠤ ᠪᠣᠳᠣᠯᠭ᠎ᠠ ᠶᠢᠨ ᠥᠨᠳᠦᠷᠯᠢᠭ ᠭᠠᠵᠠᠷ ᠪᠣᠯᠵᠠᠢ ᠃ ᠳᠡᠯᠡᠬᠡᠢ ᠶᠢᠨ ᠭᠤᠣᠯ ᠪᠣᠯᠬᠤ ᠬᠥᠭᠵᠢᠭᠰᠡᠨ ᠤᠯᠤᠰ ᠤᠳ ᠴᠥᠮ ᠲᠣᠭᠠᠴᠢᠯᠠᠭᠰᠠᠨ ᠲᠠᠷᠢᠶᠠᠯᠠᠩ ᠢ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠠ ᠤᠷᠢᠳᠠᠪᠠᠷ ᠬᠥᠭᠵᠢᠭᠦᠯᠬᠦ ᠴᠢᠭᠯᠡᠯ ᠪᠣᠯᠭᠠᠵᠤ ᠂ ︽ ᠲᠣᠮᠣ ᠳ᠋ᠠᠶᠢᠲ᠋ᠠ ᠶᠢᠨ ᠰᠤᠳᠤᠯᠭᠠᠨ ᠪᠠ ᠬᠥᠭᠵᠢᠯᠲᠡ ᠶᠢᠨ ᠲᠥᠯᠥᠪᠯᠡᠭᠡ ︾ ᠂ ︽ᠲᠠᠷᠢᠶᠠᠯᠠᠩ ᠤᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ︾ ᠪᠠ ︽ᠲᠠᠷᠢᠶᠠᠯᠠᠩ ᠤᠨ ᠬᠥᠭᠵᠢᠯᠲᠡ ᠶᠢᠨ 4.0 ᠪᠣᠷᠣ ᠲᠥᠯᠥᠪ ︾ ᠵᠡᠷᠭᠡ ᠪᠠᠶᠢᠯᠳᠤᠬᠤ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ ᠂ ᠰᠢᠨ᠎ᠡ ᠨᠢᠭᠡᠨ ᠡᠭᠡᠯᠵᠢ ᠶᠢᠨ ᠠᠵᠤ ᠦᠢᠯᠡᠰ ᠤᠨ ᠬᠤᠪᠢᠰᠬᠠᠯ ᠤᠨ ᠰᠢᠨ᠎ᠡ ᠳᠠᠪᠠᠭᠤᠯᠢᠭ ᠢ ᠪᠤᠢ ᠪᠣᠯᠭᠠᠪᠠ ᠃      ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ ᠭᠡᠵᠦ ᠲᠣᠳᠣᠷᠬᠠᠢ ᠵᠢᠭᠠᠵᠤ ᠭᠠᠷᠭᠠᠪᠠ ᠃ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠵᠤ ᠂ ᠬᠥᠳᠡᠭᠡ ᠲᠣᠰᠬᠤᠨ ᠤ ᠠᠵᠤ ᠦᠢᠯᠡᠰ ᠂ ᠴᠢᠳᠠᠪᠤᠷᠢᠲᠠᠨ ᠂ ᠰᠣᠶᠣᠯ ᠂ ᠠᠮᠢ ᠠᠬᠤᠢ ᠂ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠯ ᠢ ᠨᠢᠭᠡᠳᠦᠯᠲᠡᠢ ᠲᠥᠯᠥᠪᠯᠡᠵᠦ ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠭᠤᠶᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ 5G ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠢ ᠬᠥᠭᠵᠢᠭᠦᠯᠬᠦ ᠳᠤ ᠬᠦᠴᠦᠲᠡᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠲᠠᠷᠢᠶᠠᠯᠠᠩ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠷᠭᠡᠳᠬᠡᠵᠦ ᠂ ᠣᠶᠤᠨᠲᠤ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ ᠮᠡᠳᠡᠭᠡ ᠵᠠᠩᠭᠢᠵᠢᠯᠲᠠ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠂ ᠬᠤᠳᠠ ᠪᠠᠯᠭᠠᠰᠤᠵᠢᠯᠲᠠ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠲᠠᠢ ᠵᠡᠷᠭᠡ ᠪᠠᠷ ᠬᠥᠭᠵᠢᠭᠦᠯᠵᠦ ᠂ ᠬᠤᠳᠠ ᠬᠥᠳᠡᠭᠡ ᠶᠢᠨ ᠲᠣᠭᠠᠴᠢᠯᠠᠭᠰᠠᠨ ᠵᠠᠭᠠᠭ ᠢ ᠲᠦᠷᠭᠡᠪᠴᠢᠯᠡᠨ ᠨᠡᠶᠢᠯᠡᠭᠦᠯᠵᠦ ᠂ ᠲᠣᠭᠠᠴᠢᠯᠠᠭᠰᠠᠨ ᠮᠡᠷᠭᠡᠵᠢᠯ ᠤᠨ ᠲᠦᠭᠡᠮᠡᠯ ᠬᠠᠷᠠᠭᠠᠯᠵᠠᠯ ᠤᠨ ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠵᠤ ᠂ ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ ᠃ ᠮᠠᠨ ᠤ ᠤᠯᠤᠰ ᠤᠨ ᠲᠠᠷᠢᠶᠠᠯᠠᠩ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ ᠂ ᠬᠥᠭᠵᠢᠯᠲᠡ ᠶᠢᠨ ᠪᠦᠲᠦᠴᠡ ᠶᠢ ᠰᠢᠯᠢᠳᠡᠭᠵᠢᠭᠦᠯᠵᠦ ᠂ ᠨᠡᠮᠡᠭᠳᠡᠯ ᠤᠨ ᠬᠥᠳᠡᠯᠭᠡᠬᠦ ᠬᠦᠴᠦᠨ ᠢ ᠬᠤᠪᠢᠷᠠᠭᠤᠯᠵᠤ ᠂ ᠲᠠᠷᠢᠶᠠᠯᠠᠩ ᠬᠥᠳᠡᠭᠡ ᠲᠣᠰᠬᠤᠨ ᠤ ᠦᠢᠯᠡᠳᠪᠦᠷᠢᠯᠡᠯ ᠡᠵᠡᠩᠨᠡᠯᠲᠡ ᠂ ᠬᠠᠮᠢᠶᠠᠷᠤᠯᠲᠠ ᠦᠢᠯᠡᠴᠢᠯᠡᠭᠡᠨ ᠤ ᠲᠣᠭᠠᠴᠢᠯᠠᠯᠲᠠ ᠳᠤ ᠥᠷᠭᠡᠨ ᠠᠭᠤᠳᠠᠮ ᠣᠷᠣᠨ ᠵᠠᠢ ᠬᠠᠩᠭᠠᠵᠤ ᠪᠠᠶᠢᠨ᠎ᠠ ᠃      ᠣᠷᠣᠨ ᠤ ᠳᠣᠲᠣᠷ᠎ᠠ ᠠᠴᠠ ᠦᠵᠡᠪᠡᠯ᠂ ᠮᠠᠨ ᠤ ᠣᠷᠣᠨ ᠪᠣᠯ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠠᠶᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠯ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠂ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠰᠢᠰᠲ᠋ᠧᠮᠵᠢ ᠪᠠᠷ ᠴᠢᠩᠭ᠎ᠠ᠂ ᠪᠣᠬᠢᠷᠲᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠪᠠᠷ ᠴᠢᠩᠭ᠎ᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠤᠨ᠎ᠠ᠃ ᠣᠳᠣᠬᠠᠨ ᠳᠤ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠳᠠᠷᠤᠯᠲᠠ ᠪᠠ ᠨᠡᠮᠡᠭᠳᠡᠯ ᠤᠨ ᠪᠣᠭᠤᠮᠢ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠰᠠᠭᠤᠷᠢ ᠪᠠᠭᠤᠷᠠᠢ ᠪᠠ ᠰᠢᠰᠲ᠋ᠧᠮ ᠬᠠᠷᠠᠬᠠᠨ ᠪᠦᠷᠢᠯᠳᠦᠭᠡᠳᠦᠢ ᠣᠨᠴᠠᠭᠠᠶ ᠴᠠᠭ ᠦᠶ᠎ᠡ ᠲᠤ ᠲᠤᠯᠭᠠᠷᠠᠵᠤ ᠪᠠᠶᠢᠨ᠎ᠠ᠂ 2022 ᠣᠨ ᠤ ᠪᠥᠬᠦ ᠣᠷᠣᠨ ᠤ ᠬᠥᠳᠡᠭᠡ ᠲᠣᠰᠬᠤᠨ ᠤ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 197.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠬᠥᠳᠡᠭᠡ ᠲᠣᠰᠬᠤᠨ ᠤ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 21700 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠯᠡᠬᠦ ᠬᠠᠷᠢᠴᠠᠯ ᠨᠢ ᠵᠥᠪᠬᠡᠨ 0.91% ᠪᠠᠶᠢᠵᠤ᠂ ᠬᠥᠭᠵᠢᠯᠲᠡ ᠪᠠᠷ ᠨᠡᠯᠢᠶᠡᠳ ᠬᠤᠴᠤᠷᠤᠩᠭᠤᠢ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠪᠠᠰᠠ ᠲᠣᠭᠠᠴᠢᠯᠠᠭᠰᠠᠨ ᠮᠡᠷᠭᠡᠵᠢᠯ ᠲᠠᠰᠤᠷᠠᠯᠲᠠ ᠦᠭᠡᠢ ᠪᠣᠯᠪᠠᠰᠤᠷᠠᠩᠭᠤᠢ ᠪᠣᠯᠵᠤ᠂ ᠲᠣᠭᠠᠴᠢᠯᠠᠭᠰᠠᠨ ᠠᠵᠤ ᠦᠢᠯᠡᠰ ᠥᠷᠨᠢᠩᠭᠦᠢ ᠬᠥᠭᠵᠢᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠃ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠳᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠤᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠠᠵᠠ ᠲᠣᠬᠢᠶᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃      ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠢ ᠬᠥᠭᠵᠢᠭᠦᠯᠬᠦ ᠪᠣᠯ ᠴᠠᠭ ᠤᠨ ᠪᠠᠶᠢᠳᠠᠯ ᠤᠨ ᠬᠠᠨᠳᠤᠰᠢ ᠮᠥᠨ᠂ ᠮᠠᠨ ᠤ ᠣᠷᠣᠨ ᠴᠠᠭ ᠦᠶ᠎ᠡ ᠶᠢᠨ ᠪᠠᠶᠢᠳᠠᠯ ᠠᠴᠠ ᠪᠣᠯᠵᠤ ᠠᠳᠠᠯᠢ ᠪᠤᠰᠤ ᠪᠣᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠴᠠᠭ ᠦᠶ᠎ᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠷᠢᠳᠠᠪᠡᠷ ᠰᠦᠪᠡᠭᠴᠢᠯᠡᠵᠦ ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠲᠣᠭᠠᠴᠢᠯᠠᠭᠰᠠᠨ ᠲᠠᠪᠴᠠᠩ ᠢ ᠪᠠᠶᠢᠭᠤᠯᠤᠨ᠂ ᠲᠣᠭᠠᠴᠢᠯᠠᠭᠰᠠᠨ ᠴᠢᠳᠠᠪᠤᠷᠢᠲᠠᠨ ᠢ ᠪᠠᠲᠤᠯᠠᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠥᠭᠡᠷᠡᠴᠢᠯᠡᠯᠲᠡ ᠶᠢ ᠠᠳᠬᠤᠨ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠮᠡᠳᠡᠭᠡ ᠵᠠᠩᠭᠢ ᠶᠢᠨ ᠵᠢᠭᠦᠷ ᠤᠷᠭᠤᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃      ᠬᠤᠶᠠᠳᠤᠭᠠᠷ ᠪᠦᠯᠦᠭ    ᠶᠡᠷᠦᠩᠬᠡᠢ ᠰᠡᠳᠬᠢᠴᠡ      ᠨᠢᠭᠡᠳᠦᠭᠡᠷ ᠬᠡᠰᠡᠭ    ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠲᠣᠭᠠᠴᠢᠯᠠᠭᠰᠠᠨ ᠮᠡᠷᠭᠡᠵᠢᠯ ᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠡᠯ᠎ᠡ ᠬᠦᠷᠢᠶ᠎ᠡ ᠴᠠᠷᠠᠭ᠎ᠠ ᠂ ᠡᠯ᠎ᠡ ᠭᠤᠭᠴᠤᠭ᠎ᠠ ᠯᠤᠭ᠎ᠠ ᠭᠦᠨᠵᠡᠭᠡᠢ ᠠᠭᠤᠰᠤᠯᠴᠠᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠤᠭ᠎ᠠ ᠪᠠᠷᠢᠮᠲᠠ ᠪᠠᠷ ᠵᠠᠩᠭᠢᠯᠠᠭ᠎ᠠ ᠶᠢᠨ ᠦᠢᠯᠡᠳᠪᠦᠷᠢᠯᠡᠯ ᠤᠨ ᠡᠯᠧᠮᠧᠨ᠋ᠲ ᠪᠣᠯᠭᠠᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠯᠲᠠ ᠶᠢᠨ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠲᠣᠭᠠᠴᠢᠯᠠᠯᠲᠠ ᠪᠠᠷ ᠭᠤᠣᠯ ᠭᠠᠷᠳᠠᠴᠠ ᠪᠣᠯᠭᠠᠵᠤ᠂ ᠲᠤᠭ᠎ᠠ ᠪᠠᠷᠢᠮᠲᠠ ᠶᠢᠨ ᠦᠢᠯᠡᠳᠪᠦᠷᠢᠯᠡᠯ ᠤᠨ ᠬᠦᠴᠦᠨ ᠵᠦᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠂ ᠬᠥᠳᠡᠭᠡ ᠲᠣᠰᠬᠤᠨ ᠤ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠠᠴᠢᠯᠠᠯᠲᠠ ᠪᠠᠷ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠬᠥᠲᠥᠯᠥᠨ ᠳᠠᠭᠠᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠬᠤᠶᠠᠳᠤᠭᠠᠷ ᠬᠡᠰᠡᠭ    ᠦᠨᠳᠦᠰᠦᠨ ᠵᠠᠷᠴᠢᠮ      ︱ ᠨᠢᠭᠡᠳᠦᠯᠲᠡᠢ ᠲᠥᠯᠥᠪᠵᠢᠭᠦᠯᠵᠦ᠂ ᠪᠦᠬᠦᠯᠢ ᠴᠣᠭᠴᠠ ᠪᠠᠷ ᠠᠬᠢᠭᠤᠯᠬᠤ ᠬᠡᠷᠡᠭᠲᠡᠢ ᠃ ᠣᠲᠣ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠲᠡᠶᠢᠨ ᠤ ᠲᠠᠯᠠᠪᠤᠷ ᠲᠤ ᠬᠠᠨᠳᠤᠭᠤᠯᠤᠨ᠂ ᠲᠣᠭᠠᠴᠢᠯᠠᠭᠰᠠᠨ ᠠᠵᠤ ᠠᠬᠤᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢᠨ ᠰᠢᠨ᠎ᠡ ᠬᠠᠨᠳᠤᠰᠢ ᠶᠢ ᠡᠵᠡᠮᠳᠡᠵᠦ᠂ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠷᠠᠭᠤᠯᠤᠨ᠂ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠵᠤ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠠᠯᠬᠤᠮ ᠬᠤᠪᠢᠶᠠᠨ ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠢᠶᠠᠷ ᠪᠠᠶᠠᠯᠢᠭ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠢ ᠃      ︱ᠬᠠᠷᠢᠯᠴᠠᠨ ᠬᠠᠮᠵᠢᠯᠴᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠬᠡᠷᠡᠭᠲᠡᠢ ᠃ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣᠭᠠᠷ᠂ ᠰᠠᠯᠠᠭ᠎ᠠ ᠮᠥᠴᠢᠷ ᠤᠳ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠵᠠᠰᠠᠭ ᠠᠵᠤ ᠠᠬᠤᠶᠢᠯᠠᠯ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠢᠳᠡᠪᠬᠢᠵᠢᠯ ᠢ ᠳᠠᠶᠢᠴᠢᠯᠠᠨ᠂ ᠡᠯ᠎ᠡ ᠲᠥᠷᠥᠯ ᠤᠨ ᠨᠡᠶᠢᠭᠡᠮ ᠤᠨ ᠭᠤᠣᠯ ᠴᠣᠭᠴᠠ ᠶᠢᠨ ᠥᠷᠭᠡᠨ ᠢᠶᠠᠷ ᠣᠷᠣᠯᠴᠠᠬᠤ ᠶᠢ ᠬᠥᠲᠥᠯᠥᠨ ᠵᠢᠯᠤᠭᠤᠳᠴᠤ᠂ ᠮᠡᠳᠡᠭᠡ ᠵᠠᠩᠭᠢ ᠶᠢᠨ ᠰᠠᠭᠤᠷᠢ ᠲᠦᠭᠦᠭᠡᠷᠦᠮᠵᠢ ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠬᠦ ᠬᠡᠷᠡᠭᠲᠡᠢ᠃      ︱ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠂ ᠬᠡᠷᠡᠭᠯᠡᠭᠡ ᠪᠠᠷ ᠤᠳᠤᠷᠢᠳᠤᠮᠵᠢ ᠪᠣᠯᠭᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠣᠭᠤᠮᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ ᠶᠢ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠯᠦᠭᠡ ᠤᠶᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠨ᠂ ᠲᠣᠭᠠᠴᠢᠯᠠᠭᠰᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠳᠣᠪᠣᠶᠢᠯᠭᠠᠬᠤ ᠬᠡᠷᠡᠭᠲᠡᠢ ᠃      ︱ᠠᠮᠤᠷ ᠲᠦᠪᠰᠢᠨ ᠢ ᠡᠵᠡᠮᠳᠡᠵᠦ᠂ ᠢᠵᠢᠯ ᠠᠯᠬᠤᠮ ᠢᠶᠠᠷ ᠠᠬᠢᠭᠤᠯᠬᠤ ᠬᠡᠷᠡᠭᠲᠡᠢ ᠃ ᠠᠮᠤᠷ ᠲᠦᠪᠰᠢᠨ ᠤ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠬᠥᠭᠵᠢᠯᠲᠡ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ ᠂ ᠰᠦᠯᠵᠢᠶᠡᠨ ᠤ ᠠᠮᠤᠷ ᠲᠦᠪᠰᠢᠨ ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠤᠬᠠᠮᠰᠠᠷ ᠪᠠ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ ᠂ ᠠᠮᠤᠷ ᠲᠦᠪᠰᠢᠨ ᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠲᠥᠯᠥᠪᠵᠢᠭᠦᠯᠵᠦ ᠂ ᠵᠡᠷᠭᠡᠪᠡᠷ ᠪᠦᠲᠦᠭᠡᠨ ᠪᠠᠶᠢᠭᠤᠯᠵᠤ ᠂ ᠵᠡᠷᠭᠡᠪᠡᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃      ᠭᠤᠷᠪᠠᠳᠤᠭᠠᠷ ᠬᠡᠰᠡᠭ    ᠬᠥᠭᠵᠢᠯᠲᠡ ᠶᠢᠨ ᠬᠠᠷᠠᠯᠲᠠ      2025 ᠣᠨ ᠪᠣᠯᠬᠤ ᠳᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠲᠣᠭᠠᠴᠢᠯᠠᠭᠰᠠᠨ ᠮᠡᠷᠭᠡᠵᠢᠯ ᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠡᠯ᠎ᠡ ᠭᠤᠭᠴᠤᠭ᠎ᠠ ᠯᠤᠭ᠎ᠠ ᠭᠦᠨᠵᠡᠭᠡᠢ ᠠᠭᠤᠰᠤᠯᠴᠠᠭᠤᠯᠤᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠤᠯᠭᠠᠭᠤᠷᠢᠯᠠᠬᠤ ᠬᠢᠷᠢ ᠬᠡᠮᠵᠢᠶ᠎ᠡ ᠶᠢ ᠢᠯᠡᠳᠲᠡ ᠴᠢᠩᠭᠠᠷᠠᠭᠤᠯᠤᠨ᠎ᠠ᠃      ︱ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠨ᠎ᠠ ᠃ ᠪᠥᠬᠦ ᠣᠷᠣᠨ ᠤ ᠣᠶᠤᠨᠲᠤ ᠲᠠᠷᠢᠶᠠᠯᠠᠩ ᠮᠠᠯ ᠠᠵᠤ ᠠᠬᠤᠢ ᠪᠤᠶᠤ ᠣᠶᠤᠨᠲᠤ ᠮᠠᠯᠵᠢᠬᠤ ᠲᠠᠷᠢᠶᠠᠯᠠᠬᠤ ᠣᠷᠣᠨ ᠢ ᠦᠨᠳᠦᠰᠦᠨ ᠳᠡᠭᠡᠨ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠨᠣᠷᠮ᠎ᠠ ᠶᠢ 27% ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠵᠢᠯ ᠤᠨ ᠲᠣᠣᠷ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 200 ᠳ᠋ᠦᠩᠰᠢᠭᠤᠷ ᠬᠦᠷᠦᠭᠦᠯᠦᠨ᠎ᠡ᠃ 1 ︱ 2 ᠤᠯᠤᠰ ᠤᠨ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ 3 ︱ 5 ᠲᠠᠷᠢᠶᠠᠯᠠᠩ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠨ᠎ᠠ ᠃ ᠪᠥᠬᠦ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ ᠨᠢᠭᠡ ᠪᠦᠯᠦᠭ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠶᠢ ᠳᠡᠮᠵᠢᠵᠦ᠂ ᠨᠢᠭᠡ ᠪᠦᠯᠦᠭ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠲᠡᠷᠢᠭᠦᠨ ᠤ ᠬᠤᠰᠢᠭᠤ ᠰᠢᠶᠠᠨ ᠲᠣᠭᠤᠷᠢᠭ ᠢ ᠪᠣᠶ ᠪᠣᠯᠭᠠᠨ᠎ᠠ᠃      ︱ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠬᠢᠭᠡᠳ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢᠨ ᠲᠠᠪᠴᠠᠩ ︵ ᠤᠶᠤᠨᠴᠢ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︶ ᠢ ᠪᠠᠶᠢᠭᠤᠯᠤᠨ ᠪᠦᠲᠦᠭᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢ ᠬᠠᠮᠲᠤᠪᠠᠷ ᠭᠥᠷᠳᠡᠬᠦ ᠨᠢᠭᠡᠳᠦᠯᠲᠡᠢ ᠲᠠᠪᠴᠠᠩ ᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠯᠲᠡ ᠲᠠᠢ ᠬᠠᠮᠲᠤᠪᠠᠷ ᠭᠥᠷᠳᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ︽ᠬᠤᠷᠢᠶᠠᠩᠭᠤᠢ ᠵᠢᠷᠤᠭ ︾ ᠢ ᠦᠨᠳᠦᠰᠦᠨ ᠳᠡᠭᠡᠨ ᠪᠣᠶ ᠪᠣᠯᠭᠠᠵᠤ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠠᠬᠤᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃      ︱ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠣᠯᠭᠠᠨ᠎ᠠ᠃ ᠲᠣᠭᠠᠴᠢᠯᠠᠯᠲᠠ ᠨᠢ ᠬᠥᠳᠡᠭᠡ ᠲᠣᠰᠬᠤᠨ ᠤ ᠵᠠᠰᠠᠯᠲᠠ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠪᠠᠷᠢᠯ ᠪᠣᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ ᠠᠯᠬᠤᠮ ᠬᠥᠳᠡᠭᠡ ᠲᠣᠰᠬᠤᠨ ᠲᠡᠶᠢᠰᠢ ᠤᠷᠳᠤᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠮᠠᠯᠴᠢᠨ ᠲᠠᠷᠢᠶᠠᠴᠢᠨ ᠤ ᠲᠣᠭᠠᠴᠢᠯᠠᠭᠰᠠᠨ ᠬᠡᠪ ᠪᠣᠯᠪᠠᠰᠤᠷᠠᠯ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ ᠃ 15 ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠭᠠᠴᠢᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠭᠠᠵᠠᠷ ᠣᠷᠣᠨ ᠢ ᠪᠣᠶ ᠪᠣᠯᠭᠠᠵᠤ᠂ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠬᠡᠷᠡᠭᠯᠡᠭᠡᠨ ᠤ ᠦᠵᠡᠭᠳᠡᠯ ᠪᠠ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠎ᠠ᠃      ︱ᠮᠡᠳᠡᠭᠡ ᠵᠠᠩᠬᠢᠵᠢᠯᠳᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠨᠡᠮᠡᠭᠳᠡᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠬᠦ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠬᠢᠭᠡᠳ ᠦᠢᠯᠡᠳᠬᠦᠨ ᠳᠤ ᠰᠢᠨ᠎ᠡ ᠰᠢᠪᠲᠤᠯᠤᠯᠲᠠ ᠲᠠᠢ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃      ᠭᠤᠷᠪᠠᠳᠤᠭᠠᠷ ᠪᠦᠯᠦᠭ    ᠭᠤᠣᠯ ᠡᠭᠦᠷᠭᠡ ᠬᠢᠭᠡᠳ ᠭᠤᠣᠯᠳᠠᠯᠭ᠎ᠠ ᠲᠠᠢ ᠢᠨᠵᠧᠨᠧᠷᠢᠩ       ᠨᠢᠭᠡᠳᠦᠭᠡᠷ ᠬᠡᠰᠡᠭ    ᠣᠶᠤᠨᠴᠢ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ       ᠤᠶᠤᠨᠴᠢ ᠦᠷ᠎ᠡ ᠶᠢᠨ ᠦᠢᠯᠡᠰ ᠢ ᠬᠥᠭᠵᠢᠭᠦᠯᠦᠨ᠎ᠡ ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠂ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠭᠤᠷᠪᠠᠨ ᠶᠡᠭᠡ ᠢᠨᠵᠧᠨᠧᠷᠢᠩ ᠢ ᠲᠦᠯᠬᠢᠨ ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠦᠷ᠎ᠡ ᠡᠳ᠋ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠠᠮᠢᠳᠠᠨ ᠤᠷᠭᠤᠮᠠᠯ ᠤᠨ ᠢᠯᠡᠷᠡᠯ ᠤᠨ ᠬᠡᠯᠪᠡᠷᠢ ᠪᠠ ᠭᠧᠨ ᠤ ᠬᠡᠯᠪᠡᠷᠢ ᠶᠢ ᠨᠠᠷᠢᠯᠢᠭ ᠣᠨᠣᠴᠠᠲᠠᠢ ᠪᠠᠷ ᠬᠢᠨᠠᠨ ᠲᠣᠭᠲᠠᠭᠠᠵᠤ ᠦᠨᠡᠯᠡᠬᠦ ᠠᠵᠢᠯ ᠢ ᠥᠷᠨᠢᠭᠦᠯᠵᠦ ᠂ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ ᠰᠠᠭᠤᠷᠢ ᠶᠢ ᠴᠢᠩᠭᠠᠷᠠᠭᠤᠯᠤᠨ᠎ᠠ ᠃ ᠦᠷ᠎ᠡ ᠶᠢᠨ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠢ ᠰᠤᠳᠤᠯᠤᠨ ᠨᠡᠭᠡᠭᠡᠬᠦ ᠪᠠ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠤᠯ᠂ ᠦᠢᠯᠡᠳᠪᠦᠷᠢᠯᠡᠯ᠂ ᠡᠵᠡᠩᠨᠡᠯᠲᠡ ᠵᠡᠷᠭᠡ ᠦᠷ᠎ᠡ ᠶᠢᠨ ᠦᠢᠯᠡᠰ ᠤᠨ ᠪᠥᠬᠦ ᠬᠡᠯᠬᠢᠶ᠎ᠡ ᠶᠢ ᠬᠠᠮᠤᠷᠤᠭᠰᠠᠨ ᠲᠤᠭ᠎ᠠ ᠪᠠᠷᠢᠮᠲᠠ ᠶᠢ ᠠᠭᠤᠳᠠᠯᠬᠤ ᠪᠠ ᠵᠠᠳᠠᠯᠬᠤ ᠶᠢ ᠥᠷᠨᠢᠭᠦᠯᠦᠨ᠎ᠡ᠃      ᠤᠶᠤᠨᠴᠢ ᠲᠠᠷᠢᠶᠠᠨ ᠭᠠᠵᠠᠷ ᠢ ᠬᠥᠭᠵᠢᠭᠦᠯᠦᠨ᠎ᠡ ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠢᠭᠡᠳᠦᠯᠲᠡᠢ ᠠᠵᠢᠯ ᠤᠨ ᠪᠠᠶᠢᠷᠢᠯᠠᠭᠤᠯᠤᠯᠲᠠ ᠲᠠᠢ ᠬᠠᠮᠵᠢᠯᠴᠠᠨ᠂ ᠪᠥᠬᠦ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠪᠠ ᠪᠥᠬᠦ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ︽ ᠬᠤᠷᠢᠶᠠᠩᠭᠤᠢ ᠵᠢᠷᠤᠭ︾ ᠢ ᠪᠦᠲᠦᠭᠡᠨ ᠪᠠᠶᠢᠭᠤᠯᠵᠤ᠂ ᠪᠥᠬᠦ ᠣᠷᠣᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ᠂ ᠲᠠᠷᠢᠶᠠᠨ ᠭᠠᠵᠠᠷ ᠤᠨ ᠶᠠᠰᠤ ᠴᠢᠨᠠᠷ ᠤᠨ ᠲᠠᠰ ᠤᠨ ᠲᠤᠭ᠎ᠠ ᠪᠠᠷᠢᠮᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠠᠷᠢᠮᠲᠠ᠂ ᠣᠯᠠᠨ ᠡᠬᠢᠲᠦ ᠠᠯᠤᠰ ᠰᠡᠷᠡᠯ ᠤᠨ ᠲᠤᠭ᠎ᠠ ᠪᠠᠷᠢᠮᠲᠠ ᠵᠡᠷᠭᠡ ᠶᠢ ᠬᠤᠷᠠᠮᠳᠤᠭᠤᠯᠤᠨ᠂ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠭᠰᠠᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠵᠦᠢᠯ ᠲᠣᠭᠲᠠᠭᠠᠨ ᠬᠡᠷᠡᠭᠵᠢᠭᠦᠯᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠬᠠᠮᠢᠶᠠᠷᠴᠤ ᠬᠠᠮᠠᠭᠠᠯᠠᠨ ᠠᠰᠢᠭᠯᠠᠬᠤ ᠵᠡᠷᠭᠡ ᠪᠥᠬᠦ ᠶᠠᠪᠤᠴᠠ ᠳᠤ ᠬᠥᠳᠡᠯᠦᠩᠭᠦᠢ ᠪᠠᠷ ᠲᠣᠭᠠᠴᠢᠯᠠᠨ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠣᠶᠤᠨᠴᠢ ᠪᠠᠷ ᠡᠵᠡᠮᠳᠡᠬᠦ᠂ ᠳᠠᠭᠠᠭᠤᠯᠢ ᠣᠲᠣ ᠪᠠᠷ ᠣᠷᠣᠨ ᠪᠠᠶᠢᠷᠢ ᠲᠣᠭᠲᠠᠭᠠᠬᠤ ᠳᠤ ᠰᠠᠭᠤᠷᠢᠯᠠᠭᠰᠠᠨ ᠤᠶᠤᠨᠴᠢ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠬᠡᠮᠵᠢᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠲᠠᠷᠢᠶᠠᠨ ᠭᠠᠵᠠᠷ ᠤᠨ ᠤᠰᠤᠯᠠᠬᠤ ᠤᠰᠤ ᠵᠠᠯᠠᠬᠤ ᠵᠡᠷᠭᠡ ᠲᠠᠷᠢᠶᠠᠨ ᠭᠠᠵᠠᠷ ᠤᠨ ᠣᠶᠤᠨᠴᠢ ᠪᠠᠷ ᠠᠵᠢᠯᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠦᠨᠡᠯᠡᠬᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠲᠤᠰᠠᠯᠠᠬᠤ ᠰᠢᠢᠳᠪᠦᠷᠢᠲᠦ ᠪᠣᠳᠣᠯᠭ᠎ᠠ ᠶᠢᠨ ᠲᠠᠪᠴᠠᠩ ᠢ ᠪᠠᠶᠢᠭᠤᠯᠤᠨ᠎ᠠ᠃      ᠤᠶᠤᠨᠴᠢ ᠪᠠᠷ ᠳᠠᠷᠢᠵᠤ ᠤᠷᠭᠤᠭᠤᠯᠬᠤ ᠶᠢ ᠬᠥᠭᠵᠢᠭᠦᠯᠦᠨ᠎ᠡ ᠃ ᠤᠶᠤᠨᠴᠢ ᠲᠠᠷᠢᠶᠠᠯᠠᠩ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ᠂ ᠣᠶᠤᠨᠴᠢ ᠮᠡᠳᠡᠷᠡᠮᠵᠢ᠂ ᠵᠠᠳᠠᠯᠤᠯᠲᠠ᠂ ᠡᠵᠡᠮᠳᠡᠯ ᠵᠡᠷᠭᠡ ᠮᠡᠷᠭᠡᠵᠢᠯ ᠪᠠ ᠲᠣᠨᠤᠭ ᠲᠥᠬᠦᠭᠡᠷᠦᠮᠵᠢ ᠶᠢ ᠲᠠᠷᠢᠶᠠᠨ ᠭᠠᠵᠠᠷ ᠲᠤ ᠳᠠᠷᠢᠬᠤ ᠪᠠ ᠲᠦᠭᠦᠭᠡᠷᠦᠮᠵᠢᠲᠦ ᠴᠡᠴᠡᠷᠯᠢᠭ ᠤᠨ ᠬᠦᠷᠢᠶ᠎ᠡ ᠴᠠᠷᠠᠭᠠᠨ ᠳᠤ ᠲᠥᠪᠯᠡᠷᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠲᠠᠷᠢᠮᠠᠯ ᠤᠨ ᠦᠢᠯᠡᠰ ᠤᠨ ᠦᠢᠯᠡᠳᠪᠦᠷᠢᠯᠡᠯ ᠡᠵᠡᠩᠨᠡᠯᠲᠡ ᠶᠢᠨ ᠣᠶᠤᠨᠴᠢ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠲᠡᠭᠷᠢ ᠪᠠ ᠭᠠᠵᠠᠷ ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠪᠠᠶᠢᠳᠠᠯ ᠤᠨ ᠠᠯᠤᠰ ᠰᠡᠷᠡᠯ ᠤᠨ ᠬᠢᠨᠠᠨ ᠬᠡᠮᠵᠢᠯᠲᠡ ᠪᠠ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠮᠡᠷᠭᠡᠵᠢᠯ ᠢ ᠲᠦᠷᠭᠡᠳᠬᠡᠨ ᠬᠥᠭᠵᠢᠭᠦᠯᠵᠦ᠂ ᠴᠢᠭᠢᠭ ᠤᠨ ᠪᠠᠶᠢᠳᠠᠯ᠂ ᠴᠢᠬᠢ ᠶᠢᠨ ᠪᠠᠶᠢᠳᠠᠯ᠂ ᠬᠤᠷᠣᠬᠠᠢ ᠶᠢᠨ ᠪᠠᠶᠢᠳᠠᠯ᠂ ᠭᠠᠮᠰᠢᠭ ᠤᠨ ᠪᠠᠶᠢᠳᠠᠯ ᠵᠡᠷᠭᠡ ︽ᠳᠥᠷᠪᠡᠨ ᠪᠠᠶᠢᠳᠠᠯ︾ ᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠡᠮᠵᠢᠨ ᠮᠡᠳᠡᠭᠦᠯᠵᠦ ᠬᠢᠨᠠᠨ ᠬᠡᠮᠵᠢᠬᠦ ᠰᠦᠯᠵᠢᠶᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠥᠬᠦ ᠣᠷᠣᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠲᠣᠭᠠᠴᠢᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠠᠮᠤᠷᠬᠤ ᠬᠡᠪᠴᠢᠶ᠎ᠡ ᠶᠢ ᠥᠷᠭᠡᠳᠬᠡᠨ᠂ ᠮᠠᠨ ᠤ ᠣᠷᠣᠨ ᠤ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠰᠢᠢᠳᠪᠦᠷᠢᠲᠦ ᠪᠣᠳᠣᠯᠭ᠎ᠠ ᠶᠢᠨ ᠬᠢᠷᠢ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠭᠦᠢᠴᠡᠳ ᠠᠰᠢᠭᠯᠠᠨ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠡᠮ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠭᠦᠢᠴᠡᠳ ᠠᠰᠢᠭᠯᠠᠨ᠂ ᠲᠠᠷᠢᠶᠠᠨ ᠡᠮ ᠤᠨ ᠦᠢᠯᠡᠳᠪᠦᠷᠢᠯᠡᠯ᠂ ᠡᠵᠡᠩᠨᠡᠯᠲᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃       ᠤᠶᠤᠨᠴᠢ ᠮᠠᠯ ᠠᠵᠤ ᠠᠬᠤᠢ ᠶᠢ ᠬᠥᠭᠵᠢᠭᠦᠯᠦᠨ᠎ᠡ ᠃ ᠤᠶᠤᠨᠴᠢ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠣᠭᠠᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠎ᠡ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠶᠠᠪᠤᠴᠠ ᠳᠠᠬᠢ ᠣᠶᠤᠨᠴᠢ ᠲᠥᠬᠦᠭᠡᠷᠦᠮᠵᠢ ᠲᠣᠨᠣᠭᠯᠠᠯ ᠤᠨ ᠬᠡᠷᠡᠭᠯᠡᠯᠲᠡ ᠶᠢ ᠳᠡᠯᠭᠡᠷᠡᠭᠦᠯᠵᠦ ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠪᠠ ᠮᠠᠯ ᠵᠢᠭᠦᠷᠲᠡᠨ ᠤ ᠪᠣᠳᠠᠭᠠᠯᠢ ᠪᠡᠶ᠎ᠡ ᠶᠢᠨ ᠥᠰᠦᠯᠲᠡ ᠶᠢᠨ ᠪᠠᠶᠢᠳᠠᠯ ᠢ ᠬᠢᠨᠠᠨ ᠬᠡᠮᠵᠢᠬᠦ ᠪᠠᠷ ᠳᠠᠮᠵᠢᠭᠤᠯᠤᠨ ᠂ ᠨᠠᠷᠢᠯᠢᠭ ᠲᠡᠵᠢᠭᠡᠬᠦ ᠂ ᠬᠢᠵᠢᠭ ᠡᠪᠡᠳᠴᠢᠨ ᠢ ᠤᠷᠢᠳᠴᠢᠯᠠᠨ ᠰᠡᠷᠡᠮᠵᠢᠯᠡᠭᠦᠯᠬᠦ ᠪᠠ ᠰᠢᠨᠵᠢᠯᠡᠬᠦ ᠤᠬᠠᠭᠠᠨᠴᠢ ᠪᠠᠷ ᠦᠷᠡᠵᠢᠭᠦᠯᠦᠨ ᠪᠣᠶᠢᠵᠢᠭᠤᠯᠬᠤ ᠶᠢ ᠪᠡᠶᠡᠯᠡᠭᠦᠯᠦᠨ᠎ᠡ ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠳᠤ ᠰᠠᠭᠤᠷᠢᠯᠠᠭᠰᠠᠨ ᠣᠶᠤᠨᠴᠢ ᠪᠦᠷᠢᠳᠬᠡᠨ ᠵᠠᠳᠠᠯᠬᠤ ᠵᠥᠭᠡᠯᠡᠨ ᠲᠣᠨᠤᠭ ᠤᠨ ᠬᠡᠷᠡᠭᠯᠡᠯᠲᠡ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠣᠭᠠᠴᠢᠯᠠᠯᠲᠠ ᠂ ᠤᠶᠤᠨᠴᠢᠯᠠᠯᠲᠠ ᠶᠢ ᠪᠡᠶᠡᠯᠡᠭᠦᠯᠦᠨ᠎ᠡ᠃ ᠮᠢᠬ᠎ᠠ ᠥᠨᠳᠡᠭᠡ ᠰᠦ ᠶᠢᠨ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠠᠵᠢᠯ ᠲᠥᠷᠥᠯ ᠤᠨ ᠠᠵᠢᠯᠯᠠᠭᠠᠨ ᠤ ᠪᠠᠶᠢᠳᠠᠯ ᠢ ᠵᠠᠳᠠᠯᠬᠤ ᠪᠠ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠦᠨ᠎ᠡ᠃ ᠠᠮᠢᠲᠠᠨ ᠤ ᠡᠪᠡᠳᠴᠢᠨ ᠡᠮᠭᠡᠭ ᠢ ᠬᠢᠨᠠᠨ ᠬᠡᠮᠵᠢᠬᠦ᠂ ᠣᠨᠣᠰᠢᠯᠠᠬᠤ ᠪᠠ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠬᠡᠮᠵᠢᠨ ᠮᠡᠳᠡᠭᠦᠯᠵᠦ ᠮᠥᠷᠳᠡᠨ ᠨᠡᠬᠡᠮᠵᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠡᠷᠲᠡ ᠠᠴᠠ ᠤᠷᠢᠳᠴᠢᠯᠠᠨ ᠰᠡᠷᠡᠮᠵᠢᠯᠡᠭᠦᠯᠬᠦ ᠪᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠶᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠶ ︵ᠨᠢᠲᠤᠯᠬᠤ᠂ ᠲᠡᠵᠢᠭᠡᠯ ᠪᠣᠷᠳᠤᠭ᠎ᠠ᠂ ᠮᠠᠯ ᠤᠨ ᠡᠮ ᠤᠨ ᠠᠵᠤ ᠠᠬᠤᠶᠢᠯᠠᠯ ᠵᠡᠷᠭᠡ︶ ᠶᠢᠨ ᠲᠤᠭ᠎ᠠ ᠪᠠᠷᠢᠮᠲᠠ ᠶᠢ ᠰᠢᠭᠤᠳ ᠬᠤᠯᠪᠣᠵᠤ ᠰᠢᠭᠤᠳ ᠮᠡᠳᠡᠭᠦᠯᠬᠦ ᠶᠢ ᠠᠬᠢᠭᠤᠯᠵᠤ᠂ ︽ᠨᠢᠭᠡ ᠲᠠᠯᠠᠪᠤᠷ ︵ᠠᠵᠤ ᠠᠬᠤᠶᠢᠯᠠᠯ︶ ᠳᠤ ᠨᠢᠭᠡ ᠺᠣᠳ᠋᠂ ᠨᠢᠭᠡ ᠮᠠᠯ ︵ᠵᠢᠭᠦᠷᠲᠡᠨ︶ ᠳᠤ ᠨᠢᠭᠡ ᠲᠡᠮᠳᠡᠭ︾ ᠤᠨ ᠬᠥᠳᠡᠯᠦᠩᠭᠦᠢ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠲᠡᠵᠢᠭᠡᠯ ᠪᠣᠷᠳᠤᠭ᠎ᠠ᠂ ᠮᠠᠯ ᠤᠨ ᠡᠮ ᠤᠨ ᠬᠢᠨᠠᠯᠲᠠ ᠬᠠᠮᠢᠶᠠᠷᠤᠯᠲᠠ ᠶᠢᠨ ᠮᠥᠷᠳᠡᠯᠲᠡ ᠶᠢ ᠴᠢᠩᠭᠠᠷᠠᠭᠤᠯᠤᠨ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠭᠦᠢᠯᠭᠡᠭᠡᠨ᠂ ᠨᠢᠲᠤᠯᠬᠤ ᠡᠯ᠎ᠡ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠰᠦ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠪᠠᠶᠢᠷᠢᠰᠢᠭᠤᠯᠬᠤ ᠶᠢ ᠳᠡᠮᠵᠢᠵᠦ᠂ ︽ᠤᠶᠤᠨᠴᠢ ᠰᠦ ᠶᠢᠨ ᠦᠢᠯᠡᠰ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠥᠬᠦ ᠠᠵᠤ ᠦᠢᠯᠡᠰ ᠤᠨ ᠬᠡᠯᠬᠢᠶᠡᠰᠦ ᠶᠢᠨ ᠲᠣᠭᠠᠴᠢᠯᠠᠯᠲᠠ ᠪᠠ ᠤᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃      ᠤᠶᠤᠨᠴᠢ ᠵᠢᠭᠠᠰᠤᠨ ᠤ ᠠᠵᠤ ᠦᠢᠯᠡᠰ ᠢ ᠬᠥᠭᠵᠢᠭᠦᠯᠦᠨ᠎ᠡ ᠃ ᠵᠢᠭᠠᠰᠤᠨ ᠤ ᠠᠵᠤ ᠦᠢᠯᠡᠰ ᠤᠨ ᠪᠠᠷᠠᠭᠠᠨ ᠤ ᠰᠦᠯᠵᠢᠶ᠎ᠡ ᠬᠤᠯᠪᠤᠭ᠎ᠠ ᠶᠢᠨ ᠵᠢᠱᠢᠶ᠎ᠡ ᠦᠵᠡᠭᠦᠯᠬᠦ ᠠᠯᠬᠤᠮ ᠢᠶᠠᠨ ᠲᠦᠷᠭᠡᠳᠬᠡᠵᠦ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠭᠤᠣᠯᠳᠠᠯᠭ᠎ᠠ ᠲᠠᠢ ᠣᠷᠣᠨ ᠪᠦᠰᠡ ᠳᠤ ᠤᠰᠤᠨ ᠴᠣᠭᠴᠠ ᠶᠢᠨ ᠣᠷᠴᠢᠨ ᠲᠣᠭᠤᠷᠢᠨ ᠢ ᠴᠠᠭ ᠲᠤᠬᠠᠢ  ᠳᠤᠨᠢ ᠬᠢᠨᠠᠨ ᠡᠵᠡᠮᠳᠡᠬᠦ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠵᠦ ᠂ ᠤᠰᠤᠨ ᠴᠣᠭᠴᠠ ᠶᠢᠨ ᠣᠷᠴᠢᠨ ᠲᠣᠭᠤᠷᠢᠨ ᠢ ᠴᠠᠭ ᠲᠤᠬᠠᠢ ᠳᠤᠨᠢ ᠬᠢᠨᠠᠨ ᠡᠵᠡᠮᠳᠡᠬᠦ ᠂ ᠥᠭᠶᠥᠭᠡ ᠶᠢ ᠠᠦ᠋ᠲ᠋ᠣ᠋ ᠪᠠᠷ ᠨᠠᠷᠢᠯᠢᠭ ᠣᠨᠣᠴᠠᠲᠠᠢ ᠪᠠᠷ ᠢᠳᠡᠭᠦᠯᠬᠦ ᠂ ᠤᠰᠤᠨ ᠭᠠᠷᠤᠯᠲᠠ ᠶᠢᠨ ᠲᠦᠷᠦᠯ ᠤᠨ ᠡᠪᠡᠳᠴᠢᠨ ᠤ ᠬᠥᠨᠥᠭᠡᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠂ ᠣᠷᠴᠢᠯ ᠤᠰᠤᠨ ᠤ ᠲᠤᠨᠤᠭ ᠲᠥᠬᠦᠭᠡᠷᠦᠮᠵᠢ ᠶᠢ ᠡᠵᠡᠮᠳᠡᠬᠦ ᠂ ᠢᠨᠵᠧᠨᠧᠷᠢᠩᠵᠢᠬᠦᠯᠦᠭᠰᠡᠨ ᠨᠠᠭᠤᠷ ᠴᠥᠭᠦᠷᠥᠮ ᠤᠨ ᠲᠡᠵᠢᠭᠡᠨ ᠦᠷᠡᠵᠢᠭᠦᠯᠬᠦ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠤᠨᠤᠭ ᠲᠥᠬᠦᠭᠡᠷᠦᠮᠵᠢ ᠶᠢᠨ ᠢᠨᠵᠧᠨᠧᠷᠢᠩᠵᠢᠭᠦᠯᠦᠯᠲᠡ᠂ ᠮᠡᠷᠭᠡᠵᠢᠯ ᠤᠨ ᠨᠠᠷᠢᠯᠢᠭ ᠣᠨᠤᠴᠠᠵᠢᠭᠤᠯᠤᠯᠲᠠ᠂ ᠦᠢᠯᠡᠳᠪᠦᠷᠢᠯᠡᠯ ᠢ ᠡᠷᠴᠢᠮᠵᠢᠭᠦᠯᠦᠯᠲᠡ ᠪᠠ ᠬᠠᠮᠢᠶᠠᠷᠤᠯᠲᠠ ᠶᠢᠨ ᠤᠶᠤᠨᠴᠢᠯᠠᠯᠲᠠ ᠶᠢ ᠴᠢᠷᠮᠠᠶᠢᠨ ᠪᠡᠶᠡᠯᠡᠭᠦᠯᠦᠨ᠎ᠡ ᠃      ᠤᠶᠤᠨᠴᠢ ᠲᠠᠷᠢᠶᠠᠯᠠᠩ ᠤᠨ ᠮᠠᠰᠢᠨ ᠢ ᠬᠥᠭᠵᠢᠭᠦᠯᠦᠨ᠎ᠡ ᠃ ᠳᠣᠬᠢᠭᠤᠷ ᠲᠤᠯᠤᠭᠠᠨ ᠣᠲᠣ ᠳᠤ ᠰᠠᠭᠤᠷᠢᠯᠠᠭᠰᠠᠨ ᠠᠦ᠋ᠲ᠋ᠣ᠋ ᠵᠢᠯᠣᠭᠤᠳᠤᠯᠭ᠎ᠠ᠂ ᠠᠯᠤᠰ ᠠᠴᠠ ᠬᠢᠨᠠᠨ ᠡᠵᠡᠮᠳᠡᠬᠦ᠂ ᠣᠶᠤᠨᠴᠢ ᠪᠠᠷ ᠡᠵᠡᠮᠳᠡᠬᠦ ᠵᠡᠷᠭᠡ ᠮᠡᠷᠭᠡᠵᠢᠯ ᠤᠨ ᠬᠡᠷᠡᠭᠯᠡᠭᠡᠨ ᠢ ᠶᠡᠬᠡᠪᠡᠷ ᠳᠡᠯᠭᠡᠷᠡᠭᠦᠯᠵᠦ᠂ ᠣᠶᠤᠨᠲᠤ ᠲᠠᠷᠢᠶᠠᠯᠠᠩ ᠤᠨ ᠮᠠᠰᠢᠨ ᠲᠣᠨᠣᠭᠯᠠᠯ ᠤᠨ ᠲᠦᠷᠭᠡᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠮᠠᠰᠢᠨᠴᠢᠯᠠᠯᠲᠠ ᠶᠢᠨ  ᠦᠢᠯᠡᠳᠪᠦᠷᠢᠯᠡᠯ ᠤᠨ ᠪᠣᠳᠠᠰᠯᠢᠭ ᠬᠤᠯᠪᠣᠭᠠᠲᠤ ᠰᠦᠯᠵᠢᠶ᠎ᠡ ᠶᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠦᠢᠯᠡᠳᠪᠦᠷᠢᠯᠡᠯ ᠤᠨ ᠲᠣᠭᠠᠴᠢᠯᠠᠭᠰᠠᠨ ᠬᠠᠮᠢᠶᠠᠷᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨᠴᠢᠯᠠᠯᠲᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠶᠢ ᠬᠢᠨᠠᠨ ᠬᠡᠮᠵᠢᠬᠦ ᠂ ᠠᠯᠤᠰ ᠠᠴᠠ ᠲᠣᠬᠢᠷᠠᠭᠤᠯᠬᠤ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠬᠡᠷᠡᠭᠯᠡᠨ ᠂ ᠴᠢᠬᠤᠯᠠ ᠲᠠᠷᠢᠶᠠᠯᠠᠩ ᠤᠨ ᠴᠠᠭ ᠤᠨ ᠮᠠᠰᠢᠨᠴᠢᠯᠠᠯᠲᠠ ᠶᠢᠨ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠪᠠ ᠲᠣᠬᠢᠷᠠᠭᠤᠯᠤᠯᠲᠠ ᠶᠢ ᠪᠡᠶᠡᠯᠡᠭᠦᠯᠦᠨ᠎ᠡ᠃ ᠭᠠᠷ ᠤᠲᠠᠰᠤᠨ ᠤ APP᠂ ᠬᠥᠮᠥᠨ ᠤ ᠵᠢᠰᠦ ᠶᠢ ᠢᠯᠭᠠᠨ ᠲᠠᠨᠢᠬᠤ᠂ ᠨᠥᠬᠦᠪᠦᠷᠢ ᠥᠭᠬᠦ ᠮᠠᠰᠢᠨ ᠪᠠᠭᠠᠵᠢ ᠶᠢᠨ ᠬᠤᠶᠠᠷ ᠬᠡᠮᠵᠢᠯᠲᠦ ᠺᠣᠳ᠋ ᠤᠨ ᠬᠠᠮᠢᠶᠠᠷᠤᠯᠲᠠ ᠪᠠ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠢᠨᠠᠨ ᠡᠵᠡᠮᠳᠡᠬᠦ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠥᠭᠬᠦ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠱᠤᠭᠤᠮ ᠳᠡᠭᠡᠷ᠎ᠡ ᠥᠨᠳᠥᠷ ᠪᠦᠲᠦᠮᠵᠢᠲᠡᠶ ᠠᠮᠤᠷ ᠲᠦᠪᠰᠢᠨ ᠢᠶᠠᠷ ᠭᠦᠢᠴᠡᠳᠬᠡᠬᠦ ᠶᠢ ᠲᠦᠷᠭᠡᠳᠬᠡᠨ᠎ᠡ᠃ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ᠂ ᠲᠤᠷᠰᠢᠯᠲᠠ ᠶᠢᠨ ᠬᠢᠨᠠᠨ ᠲᠣᠭᠲᠠᠭᠠᠯᠲᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠷᠮᠠᠶᠢᠨ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠮᠠᠰᠢᠨᠴᠢᠯᠠᠯᠲᠠ ᠶᠢᠨ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠳᠤᠷ ᠬᠢᠨ᠎ᠡ᠃      ᠤᠶᠤᠨᠴᠢ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢ ᠬᠥᠭᠵᠢᠭᠦᠯᠦᠨ᠎ᠡ᠃ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠬᠡᠪᠴᠢᠶᠡᠵᠢᠯᠲᠡ᠂ ᠵᠣᠬᠢᠶᠠᠨ ᠪᠠᠶᠢᠭᠤᠯᠤᠯᠲᠠᠵᠢᠯᠲᠠ᠂ ᠲᠤᠰᠬᠠᠶᠢᠵᠢᠯᠲᠠ᠂ ᠠᠵᠤ ᠦᠢᠯᠡᠰᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠥᠬᠦ ᠣᠷᠣᠨ ᠪᠦᠰᠡ ᠪᠥᠬᠦ ᠬᠡᠯᠬᠢᠶ᠎ᠡ ᠪᠥᠬᠦ ᠶᠠᠪᠤᠴᠠ ᠳᠠᠬᠢ ᠤᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠠᠲᠠᠷ ᠬᠠᠭᠠᠯᠪᠤᠷᠢᠯᠠᠯᠲᠠ ᠶᠢᠨ ᠰᠠᠭᠤᠷᠢ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ᠂ ᠠᠵᠤ ᠠᠬᠤᠶᠢᠯᠠᠯ ᠤᠨ ᠡᠳ᠋ ᠬᠥᠷᠥᠩᠭᠡ ᠵᠡᠷᠭᠡ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠢ ᠪᠠᠷ ᠬᠠᠮᠢᠶᠠᠷᠬᠤ ᠶᠢ ᠪᠡᠶᠡᠯᠡᠭᠦᠯᠦᠨ᠎ᠡ᠃ ᠠᠲᠠᠷ ᠬᠠᠭᠠᠯᠪᠤᠷᠢᠯᠠᠯᠲᠠ ᠶᠢᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨᠴᠢ ᠲᠠᠷᠢᠶᠠᠯᠠᠩ ᠤᠨ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠵᠠᠭᠪᠤᠷ ᠤᠨ ᠬᠡᠷᠡᠭᠯᠡᠯᠲᠡ ᠶᠢ ᠤᠷᠢᠳᠠᠪᠠᠷ ᠠᠬᠢᠭᠤᠯᠵᠤ᠂ ᠤᠶᠤᠨᠴᠢ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠬᠡᠷᠡᠭᠯᠡᠭᠡᠨ ᠤ ᠠᠭᠠᠷ ᠤᠨ ᠠᠶᠠᠯᠠᠯ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠤᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠤᠶᠤᠨᠴᠢ ᠲᠠᠷᠢᠶᠠᠯᠠᠩ ᠤᠨ ᠬᠥᠭᠵᠢᠯᠲᠡ ᠳᠤ ᠵᠣᠬᠢᠴᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ ᠃      ᠲᠤᠰᠬᠠᠢ ᠪᠤᠯᠤᠩ 1᠄ ᠤᠶᠤᠨᠴᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ      1. ᠶᠡᠭᠡ ᠲᠠᠷᠢᠶᠠᠨ ᠭᠠᠵᠠᠷ ᠤᠨ ᠲᠠᠷᠢᠮᠠᠯ ᠪᠠ ᠲᠦᠭᠦᠭᠡᠷᠦᠮᠵᠢᠲᠤ ᠲᠠᠷᠢᠶᠠᠯᠠᠩ ᠤᠨ ᠬᠤᠷᠠᠮᠠᠯ ᠬᠡᠷᠡᠭᠯᠡᠭᠡᠨ ᠤ ᠢᠨᠵᠧᠨᠧᠷᠢᠩ      ᠮᠠᠰᠢᠨᠴᠢᠯᠠᠯᠲᠠ ᠶᠢᠨ ᠦᠢᠯᠡᠳᠪᠦᠷᠢᠯᠡᠯ ᠤᠨ ᠪᠠᠷᠠᠭᠠᠨ ᠤ ᠰᠦᠯᠵᠢᠶ᠎ᠡ ᠬᠤᠯᠪᠤᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯᠯᠠᠭ᠎ᠠ ᠶᠢ ᠬᠢᠨᠠᠨ ᠬᠡᠮᠵᠢᠬᠦ ᠂ ᠠᠯᠤᠰ ᠠᠴᠠ ᠲᠣᠬᠢᠷᠠᠭᠤᠯᠬᠤ ᠵᠡᠷᠭᠡ ᠮᠡᠳᠡᠭᠡ ᠵᠠᠩᠬᠢᠵᠢᠯᠠᠯᠲᠠ ᠶᠢᠨ ᠮᠡᠷᠭᠡᠵᠢᠯ ᠢ ᠬᠡᠷᠡᠭᠯᠡᠨ ᠂ ᠴᠢᠬᠤᠯᠠ ᠪᠦᠬᠦᠢ ᠲᠠᠷᠢᠶᠠᠯᠠᠬᠤ ᠴᠠᠭ ᠤᠨ ᠮᠠᠰᠢᠨᠴᠢᠯᠠᠯᠲᠠ ᠶᠢᠨ ᠦᠢᠯᠡᠳᠪᠦᠷᠢᠯᠡᠯ ᠤᠨ ᠮᠡᠳᠡᠭᠡ ᠵᠠᠩᠬᠢᠵᠢᠯᠠᠯᠲᠠ ᠶᠢᠨ ᠬᠠᠮᠢᠶᠠᠷᠤᠯᠲᠠ ᠬᠢᠭᠡᠳ ᠲᠣᠬᠢᠷᠠᠭᠤᠯᠤᠯᠲᠠ ᠶᠢ ᠪᠡᠶᠡᠯᠡᠭᠦᠯᠦᠨ᠎ᠡ ᠃ ᠲᠠᠷᠢᠶᠠᠨ ᠭᠠᠵᠠᠷ ᠤᠨ ᠤᠰᠤ ᠠᠷᠪᠢᠯᠠᠬᠤ ᠲᠣᠨᠤᠭ ᠲᠥᠬᠦᠭᠡᠷᠦᠮᠵᠢ ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠂ ᠣᠷᠴᠢᠯ ᠤᠰᠤ ᠪᠠᠷ ᠲᠡᠵᠢᠭᠡᠨ ᠦᠷᠡᠵᠢᠭᠦᠯᠬᠦ ᠵᠡᠷᠭᠡ ᠤᠰᠤ ᠠᠷᠪᠢᠯᠠᠬᠤ ᠲᠠᠷᠢᠶᠠᠯᠠᠩ ᠳᠠᠬᠢ ᠲᠣᠭᠠᠴᠢᠯᠠᠭᠰᠠᠨ᠂ ᠣᠶᠤᠨᠴᠢᠯᠠᠭᠰᠠᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠪᠣᠬᠢᠷᠲᠤᠯ ᠦᠭᠡᠢ ᠤᠰᠤ ᠠᠷᠪᠢᠯᠠᠬᠤ ᠤᠰᠤᠯᠠᠯᠲᠠ ᠶᠢᠨ ᠠᠦ᠋ᠲ᠋ᠣᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠎ᠡ ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ ᠂ ︽ ᠬᠤᠶᠠᠷ ᠣᠷᠣᠨ ︾ ᠤ ᠲᠤᠭ᠎ᠠ ᠪᠠᠷᠢᠮᠲᠠ ᠶᠢ ᠬᠠᠮᠢᠶᠠᠷᠤᠨ ᠡᠵᠡᠮᠳᠡᠬᠦ ᠵᠢᠴᠢ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠬᠠᠷᠠᠯᠲᠠᠲᠤ ᠲᠠᠷᠢᠮᠠᠯ ᠤᠨ ᠲᠠᠯᠠᠪᠠᠢ ᠶᠢ ᠬᠢᠨᠠᠨ ᠬᠡᠮᠵᠢᠬᠦ ᠶᠢ ᠴᠢᠩᠭᠠᠳᠬᠠᠨ᠎ᠠ ᠃      2. ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢ ᠲᠣᠭᠠᠴᠢᠯᠠᠨ ᠣᠶᠤᠨᠴᠢᠯᠠᠬᠤ ᠵᠢᠱᠢᠶ᠎ᠡ ᠦᠵᠡᠭᠦᠯᠬᠦ ᠢᠨᠵᠧᠨᠧᠷᠢᠩ      ᠪᠦᠬᠦ ᠣᠷᠣᠨ ᠳᠤ ᠪᠠᠷᠢᠮᠵᠢᠶᠠᠵᠢᠭᠰᠠᠨ ᠣᠶᠤᠨᠴᠢ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠶᠢ ᠳᠡᠯᠭᠡᠷᠡᠭᠦᠯᠵᠦ᠂ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ᠂ ᠡᠯ᠎ᠡ ᠲᠥᠷᠥᠯ ᠤᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠰᠡᠷᠡᠯ ᠳᠠᠮᠵᠢᠭᠤᠯᠤᠭᠴᠢ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠵᠤ᠂ ᠲᠡᠵᠢᠭᠡᠨ ᠦᠷᠡᠵᠢᠭᠦᠯᠬᠦ ᠲᠣᠭᠠᠨ ᠤ ᠲᠠᠩᠰᠠ ᠡᠪᠬᠡᠮᠡᠯ ᠢ ᠪᠠᠶᠢᠭᠤᠯᠤᠨ᠂ ᠮᠠᠯ ᠤᠨ ᠠᠰᠢᠭ ᠰᠢᠮ᠎ᠡ ᠶᠢᠨ ᠪᠥᠬᠦ ᠶᠠᠪᠤᠴᠠ ᠶᠢᠨ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ ᠳᠠᠭᠠᠳᠬᠠᠯ ᠳᠤ ᠲᠣᠮᠣ ᠳ᠋ᠠᠶᠢᠲ᠋ᠠ ᠶᠢᠨ ᠢᠲᠡᠭᠡᠮᠵᠢ ᠣᠯᠭᠤᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠳᠤ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠪᠠ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠢᠭᠤᠳ ᠬᠤᠯᠪᠣᠭᠠᠯᠠᠵᠤ ᠰᠢᠭᠤᠳ ᠮᠡᠳᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠢᠨᠠᠨ ᠬᠡᠮᠵᠢᠬᠦ ᠴᠢᠭ᠋᠂ ᠮᠠᠯ ᠤᠨ ᠠᠰᠢᠭ ᠰᠢᠮ᠎ᠡ ᠶᠢᠨ ᠦᠨ᠎ᠡ ᠬᠠᠩᠰᠢ ᠶᠢᠨ ᠬᠢᠨᠠᠨ ᠬᠡᠮᠵᠢᠬᠦ ᠴᠢᠭ᠋ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠢᠨᠠᠨ ᠬᠡᠮᠵᠢᠬᠦ ᠴᠢᠭ᠋ ᠤᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ ᠪᠠᠷᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠭᠤᠣᠯ ᠭᠠᠷᠤᠯᠲᠠ ᠶᠢᠨ ᠣᠷᠣᠨ ᠳᠤ ᠥᠪᠡᠷᠲᠡᠭᠡᠨ ᠵᠠᠰᠠᠬᠤ ᠣᠷᠣᠨ ᠤ ︽ᠣᠶᠤᠨᠲᠤ ᠮᠠᠯᠵᠢᠯ ᠤᠨ ᠲᠠᠯᠠᠪᠠᠶ ︵ᠰᠠᠭᠠᠯᠢ ᠶᠢᠨ ᠦᠨᠢᠶ᠎ᠡ︶ ᠶᠢᠨ ᠪᠠᠷᠢᠮᠵᠢᠶ᠎ᠠ ᠶᠢᠨ ᠰᠢᠰᠲ᠋ᠧᠮᠵᠢ︾ ᠶᠢ ᠳᠡᠯᠭᠡᠷᠡᠭᠦᠯᠦᠨ ᠬᠡᠷᠡᠭᠯᠡᠨ᠎ᠡ᠃ 2023 ᠣᠨ ᠪᠣᠯᠬᠤ ᠳᠤ᠂ ᠲᠡᠵᠢᠭᠡᠨ ᠦᠷᠡᠵᠢᠭᠦᠯᠬᠦ ᠲᠠᠯᠠᠪᠠᠶ᠂ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠰᠠᠭᠤᠷᠢ ᠮᠡᠳᠡᠭᠡ ᠵᠠᠩᠭᠢ ᠶᠢ ᠪᠥᠬᠦ ᠣᠷᠣᠨ ᠳᠤ ᠰᠦᠯᠵᠢᠶᠡᠵᠢᠭᠦᠯᠬᠦ᠂ ᠨᠢᠭᠡᠳᠦᠯᠲᠡᠢ ᠳ᠋ᠤᠭᠠᠷᠯᠠᠨ ᠬᠠᠮᠢᠶᠠᠷᠬᠤ ᠶᠢ ᠪᠡᠶᠡᠯᠡᠭᠦᠯᠵᠦ᠂ ᠲᠦᠮᠡᠨ ᠲᠣᠯᠣᠭᠠᠢ ᠠᠴᠠ ᠳᠡᠭᠡᠭᠰᠢᠬᠢ ᠲᠣᠮᠣ ᠬᠡᠯᠪᠡᠷᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︽ᠣᠷᠣᠨ ᠤ ᠬᠡᠰᠡᠭ ᠤᠨ ᠬᠡᠯᠬᠢᠶᠡᠰᠦ + ᠬᠠᠳᠠᠭᠠᠯᠠᠬᠤ ᠦᠨᠡᠮᠯᠡᠯ︾ ᠤᠨ ᠬᠡᠷᠡᠭᠯᠡᠯᠲᠡ ᠶᠢ ᠰᠦᠪᠡᠭᠴᠢᠯᠡᠵᠦ᠂ ᠲᠡᠵᠢᠭᠡᠨ ᠦᠷᠡᠵᠢᠭᠦᠯᠬᠦ᠂ ᠨᠢᠲᠤᠯᠬᠤ᠂ ᠲᠡᠵᠢᠭᠡᠯ ᠪᠣᠷᠳᠤᠭ᠎ᠠ᠂ ᠮᠠᠯ ᠤᠨ ᠡᠮ ᠤᠨ ᠠᠵᠤ ᠠᠬᠤᠶᠢᠯᠠᠯ ᠵᠡᠷᠭᠡ ᠶᠢᠨ ᠲᠤᠭ᠎ᠠ ᠪᠠᠷᠢᠮᠲᠠ ᠶᠢ ᠰᠢᠭᠤᠳ ᠬᠤᠯᠪᠣᠵᠤ ᠰᠢᠭᠤᠳ ᠮᠡᠳᠡᠭᠦᠯᠬᠦ ᠶᠢ ᠠᠬᠢᠭᠤᠯᠵᠤ᠂ ᠠᠮᠢᠲᠠᠨ ᠳᠤ ᠠᠯᠪᠠᠳᠠᠯᠭ᠎ᠠ ᠪᠠᠷ ᠡᠭᠡᠯᠢᠯᠡᠭᠡ ᠶᠢ ᠮᠡᠳᠡᠭᠦᠯᠬᠦ ᠰᠢᠰᠲ᠋ᠧᠮ ᠢ ᠪᠠᠶᠢᠭᠤᠯᠤᠨ᠎ᠠ᠃      3. ᠤᠶᠤᠨᠴᠢ ᠰᠦ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ      ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠦᠬᠦ ᠰᠢᠶᠠᠨ ᠢᠶᠠᠷ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠲᠣᠮᠣ ᠰᠢᠶᠠᠨ ᠤ ᠣᠳᠣ ᠦᠶ᠎ᠡ ᠶᠢᠨ ᠤᠶᠤᠨᠴᠢ ᠦᠬᠡᠷ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠨᠥᠬᠦᠴᠡᠯ ᠳᠤ ᠨᠡᠶᠢᠴᠡᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠲᠣᠭᠠᠴᠢᠯᠠᠭᠰᠠᠨ ᠣᠶᠤᠨᠴᠢᠯᠠᠭᠰᠠᠨ ᠥᠭᠡᠷᠡᠴᠢᠯᠡᠯᠲᠡ ᠶᠢᠨ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠲᠣᠭᠠᠴᠢᠯᠠᠭᠰᠠᠨ ᠣᠶᠤᠨᠴᠢᠯᠠᠭᠰᠠᠨ ᠲᠥᠬᠦᠭᠡᠷᠦᠮᠵᠢ ︵ᠠᠦ᠋ᠲ᠋ᠣ᠋ ᠰᠦᠷᠴᠢᠨ ᠤᠬᠢᠶᠠᠬᠤ ᠂ ᠣᠷᠴᠢᠨ ᠲᠣᠭᠤᠷᠢᠨ ᠢ ᠬᠢᠨᠠᠨ ᠰᠢᠨᠵᠢᠬᠦ᠂ ᠨᠠᠷᠢᠯᠢᠭ ᠣᠨᠣᠴᠠᠲᠠᠢ ᠪᠠᠷ ᠲᠡᠵᠢᠭᠡᠬᠦ ᠪᠠ ᠬᠢᠨᠠᠨ ᠬᠡᠮᠵᠢᠬᠦ ᠂ ᠪᠦᠷᠢᠨ ᠠᠦ᠋ᠲ᠋ᠣ᠋ ᠪᠦᠷᠢᠨ ᠬᠤᠯᠢᠮᠠᠭ ᠡᠳᠦᠷ ᠤᠨ ᠢᠳᠡᠰᠢ ᠶᠢ ᠵᠢᠭᠤᠷᠠᠬᠤ ᠮᠠᠰᠢᠨ᠂ ᠰᠦ ᠰᠠᠭᠠᠬᠤ ᠮᠠᠰᠢᠨ ᠬᠥᠮᠥᠨ᠂ ᠪᠤᠷᠳᠤᠭ᠎ᠠ ᠲᠦᠯᠬᠢᠬᠦ ᠮᠠᠰᠢᠨ ᠬᠥᠮᠥᠨ᠂ ᠰᠦ ᠭᠠᠷᠬᠤ ᠬᠡᠮᠵᠢᠶ᠎ᠡ ᠶᠢᠨ ᠠᠦ᠋ᠲ᠋ᠣ᠋ ᠬᠢᠨᠠᠨ ᠰᠢᠨᠵᠢᠬᠦ ᠲᠥᠬᠦᠭᠡᠷᠦᠮᠵᠢ ᠵᠡᠷᠭᠡ︶᠂ ᠮᠡᠳᠡᠭᠡ ᠵᠠᠩᠭᠢᠵᠢᠯᠲᠠ ᠶᠢᠨ ᠴᠤᠭᠯᠠᠭᠤᠯᠬᠤ ᠲᠥᠬᠦᠭᠡᠷᠦᠮᠵᠢ ︵ᠣᠶᠤᠨᠲᠤ ᠰᠣᠨᠳᠣᠷ ᠴᠠᠭᠠᠷᠢᠭ᠂ ᠠᠯᠬᠤᠮ ᠪᠤᠳᠤᠬᠤ ᠪᠠᠶᠢᠷᠢ ᠲᠣᠭᠲᠠᠭᠠᠯᠲᠠ᠂ ᠠᠦ᠋ᠲ᠋ᠣ᠋ ᠬᠡᠮᠵᠢᠯᠲᠡ᠂ ᠪᠣᠳᠠᠭᠠᠯᠢ ᠪᠡᠶ᠎ᠡ ᠶᠢ ᠢᠯᠭᠠᠨ ᠲᠠᠨᠢᠬᠤ ᠵᠡᠷᠭᠡ︶᠂ ᠤᠶᠤᠨᠴᠢ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠲᠠᠪᠴᠠᠩ ︵ᠣᠷᠤᠭ᠎ᠠ ᠣᠷᠣᠬᠤ ᠶᠢ ᠬᠢᠨᠠᠨ ᠰᠢᠨᠵᠢᠬᠦ ᠰᠢᠰᠲ᠋ᠧᠮ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠶᠢᠨ ᠣᠶᠤᠨᠴᠢ ᠬᠤᠷᠢᠶᠠᠩᠭᠤᠶᠢᠯᠠᠨ ᠵᠠᠳᠠᠯᠬᠤ ᠵᠡᠷᠭᠡ︶ ᠶᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ ᠃      4.ᠦᠷ᠎ᠡ ᠶᠢᠨ ᠦᠢᠯᠡᠰ ᠤᠨ ᠲᠣᠭᠠᠴᠢᠯᠠᠯᠲᠠ ᠶᠢᠨ ᠢᠨᠵᠧᠨᠧᠷᠢᠩ      ᠨᠢᠭᠡᠳᠦᠯᠲᠡᠢ ᠦᠷ᠎ᠡ ᠶᠢᠨ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠡᠭᠦᠯᠳᠡᠷ ᠤᠨ ᠰᠢᠨ᠎ᠡ ᠶᠢ ᠡᠭᠦᠳᠬᠦ ᠱᠤᠭᠤᠮ᠂ ᠦᠷ᠎ᠡ ᠡᠭᠦᠯᠳᠡᠷ ᠤᠨ ᠮᠠᠯ ᠵᠢᠭᠦᠷᠲᠡᠨ ᠤ ᠵᠠᠬ᠎ᠠ ᠳᠡᠯᠭᠡᠭᠦᠷ ᠤᠨ ᠱᠤᠭᠤᠮ᠂ ᠦᠷ᠎ᠡ ᠶᠢᠨ ᠦᠢᠯᠡᠰ ᠤᠨ ᠡᠵᠡᠨ ᠤ ᠪᠡᠶ᠎ᠡ ᠶᠢᠨ ᠱᠤᠭᠤᠮ ᠢ ᠨᠠᠪᠲᠠᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ᠂ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ᠂ ᠡᠭᠦᠯᠳᠡᠷ ᠤᠨ ᠦᠢᠯᠡᠰ ᠤᠨ ᠠᠵᠤ ᠠᠬᠤᠶᠢᠯᠠᠯ᠂ ᠦᠢᠯᠡᠳᠪᠦᠷᠢᠯᠡᠯ ᠤᠨ ᠰᠠᠭᠤᠷᠢᠨ ᠭᠠᠵᠠᠷ᠂ ᠡᠳ᠋ᠰᠢᠭᠦᠯᠬᠦ ᠲᠥᠪ ᠪᠠ ᠡᠭᠦᠯᠳᠡᠷ ᠬᠡᠷᠡᠭᠯᠡᠬᠦ ᠲᠣᠮᠣ ᠡᠷᠦᠬᠡ ᠵᠡᠷᠭᠡ ᠶᠢᠨ ᠳ᠋ᠠᠶᠢᠲ᠋ᠠ ᠶᠢᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠲᠣᠭᠠᠴᠢᠯᠠᠭᠰᠠᠨ ᠦᠷ᠎ᠡ ᠶᠢᠨ ᠦᠢᠯᠡᠰ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠭᠤᠣᠯᠳᠠᠯᠭ᠎ᠠ ᠲᠠᠢ ᠳᠦᠷᠰᠦ ᠶᠢᠨ DNA ᠶᠢᠨ ᠳ᠋ᠠᠶᠢᠲ᠋ᠠ ᠬᠥᠮᠥᠷᠭᠡ ᠪᠠ ᠤᠳᠤᠮᠯᠠᠯ ᠤᠨ ᠦᠨᠡᠯᠡᠨ ᠵᠢᠱᠢᠬᠦ ᠲᠠᠪᠴᠠᠩ ᠵᠢᠴᠢ ᠠᠵᠤ ᠦᠢᠯᠡᠰ ᠤᠨ ᠠᠵᠢᠯᠯᠠᠭᠠᠨ ᠤ ᠬᠢᠨᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠥᠷᠨᠢᠭᠦᠯᠵᠦ᠂ ᠦᠷ᠎ᠡ ᠶᠢᠨ ᠦᠢᠯᠡᠰ ᠤᠨ ᠪᠥᠬᠦ ᠶᠠᠪᠤᠴᠠ ᠶᠢᠨ ᠮᠥᠷᠳᠡᠵᠦ ᠪᠣᠯᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠦᠷ᠎ᠡ ᠡᠳ᠋ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠪᠠ ᠠᠰᠢᠭᠯᠠᠬᠤ ᠶᠢ ᠴᠢᠩᠭᠠᠳᠬᠠᠵᠤ ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠰᠢᠰᠲ᠋ᠧᠮ ᠤᠨ ᠰᠢᠨ᠎ᠡ ᠶᠢ ᠡᠭᠦᠳᠬᠦ ᠶᠢ ᠥᠷᠨᠢᠭᠦᠯᠵᠦ ᠂ ᠰᠢᠪᠲᠤᠯᠤᠯᠲᠠ ᠶᠢᠨ ᠴᠢᠨᠠᠷᠲᠠᠢ ᠰᠢᠨ᠎ᠡ ᠡᠭᠦᠯᠳᠡᠷ ᠢ ᠪᠣᠶᠢᠵᠢᠭᠤᠯᠤᠨ ᠂ ᠦᠷ᠎ᠡ ᠶᠢᠨ ᠢᠷᠡᠯᠲᠡ ᠶᠢᠨ ᠭᠤᠣᠯᠯᠠᠬᠤ ᠮᠡᠷᠭᠡᠵᠢᠯ ᠬᠢᠭᠡᠳ ᠪᠠᠶᠢᠯᠳᠤᠬᠤ ᠪᠣᠳᠣᠯᠭ᠎ᠠ ᠶᠢᠨ ᠡᠭᠦᠯᠳᠡᠷ ᠢ ᠤᠯᠤᠰ ᠲᠠᠭᠠᠨ ᠦᠢᠯᠡᠳᠪᠦᠷᠢᠯᠡᠬᠦ ᠶᠢ ᠪᠡᠶᠡᠯᠡᠭᠦᠯᠵᠦ ᠂ ᠦᠷ᠎ᠡ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ ᠃      ᠬᠤᠶᠠᠳᠤᠭᠠᠷ ᠬᠡᠰᠡᠭ    ᠪᠥᠬᠦ ᠠᠵᠤ ᠦᠢᠯᠡᠰ ᠤᠨ ᠬᠡᠯᠬᠢᠶᠡᠨ ᠤ ᠲᠣᠭᠠᠴᠢᠯᠠᠯᠲᠠ ᠶᠢ ᠠᠬᠢᠭᠤᠯᠵᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠢᠨᠲ᠋ᠧᠷ ᠰᠦᠯᠵᠢᠶ᠎ᠡ ᠶᠢ ᠠᠭᠤᠰᠤᠯᠴᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠡᠯᠲᠡ ᠶᠢᠨ ᠳᠠᠭᠠᠭᠤᠯᠤᠭᠴᠢ ᠠᠵᠤ ᠠᠬᠤᠶᠢᠯᠠᠯ᠂ ᠬᠡᠪᠴᠢᠶᠡᠵᠢᠭᠰᠡᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠲᠦᠷᠭᠡᠨ ᠳᠠᠭᠠᠵᠤ᠂ ᠦᠢᠯᠡᠳᠪᠦᠷᠢᠯᠡᠯ ᠤᠨ ᠲᠥᠯᠥᠪᠯᠡᠭᠡ ᠪᠠᠨ ᠬᠥᠳᠡᠯᠦᠩᠭᠦᠢ ᠪᠠᠷ ᠲᠣᠬᠢᠷᠠᠭᠤᠯᠤᠨ᠂ ᠡᠬᠢ ᠪᠠᠶᠠᠯᠢᠭ ᠤᠨ ᠬᠥᠮᠥᠷᠭᠡ ᠶᠢᠨ ᠬᠠᠳᠠᠭᠠᠯᠠᠯᠲᠠ ᠶᠢ ᠨᠠᠷᠢᠯᠢᠭ ᠣᠨᠣᠴᠠᠲᠠᠢ ᠪᠠᠷ ᠬᠠᠮᠢᠶᠠᠷᠴᠤ᠂ ᠣᠶᠤᠨᠴᠢ ᠪᠠᠷ ᠵᠠᠳᠠᠯᠤᠨ ᠰᠡᠷᠡᠮᠵᠢᠯᠡᠭᠦᠯᠬᠦ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠭᠰᠠᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮᠵᠢ ᠪᠠ ᠰᠦᠯᠵᠢᠶᠡᠵᠢᠭᠰᠡᠨ ᠵᠣᠬᠢᠶᠠᠨ ᠪᠠᠶᠢᠭᠤᠯᠤᠯᠲᠠ ᠶᠢᠨ ᠲᠠᠪᠴᠠᠩ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠳᠤᠮᠳᠠ ᠵᠢᠵᠢᠭ ᠬᠡᠪᠴᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ᠂ ᠵᠢᠵᠢᠭ ᠲᠠᠷᠢᠶᠠᠴᠢᠨ ︵ ᠮᠠᠯᠴᠢᠨ ︶ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠲᠠᠷᠢᠶᠠᠯᠠᠩ ︵ᠮᠠᠯ ᠠᠵᠤ ᠠᠬᠤᠢ︶ ᠲᠠᠯᠠᠪᠠᠶ ᠶᠢᠨ ᠬᠠᠮᠢᠶᠠᠷᠤᠯᠲᠠ ᠶᠢᠨ ᠰᠢᠰᠲ᠋ᠧᠮ ᠢ ᠪᠣᠶ ᠪᠣᠯᠭᠠᠵᠤ᠂ ᠲᠥᠪᠯᠡᠷᠡᠭᠦᠯᠦᠨ ᠰᠢᠢᠳᠪᠦᠷᠢᠯᠡᠬᠦ ᠲᠥᠰᠥᠯ᠂ ᠮᠡᠳᠡᠭᠡ ᠵᠠᠩᠭᠢᠵᠢᠯᠲᠠ ᠶᠢᠨ ᠦᠢᠯᠡᠳᠬᠦᠨ ᠪᠠ ᠦᠢᠯᠡᠴᠢᠯᠡᠭᠡᠨ ᠢ ᠪᠠᠶᠢᠭᠤᠯᠤᠨ᠂ ᠳᠤᠮᠳᠠ ᠵᠢᠵᠢᠭ ᠬᠡᠪᠴᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ᠂ ᠵᠢᠵᠢᠭ ᠲᠠᠷᠢᠶᠠᠴᠢᠨ ︵ᠮᠠᠯᠴᠢᠨ ︶ ᠡᠷᠦᠬᠡ ᠶᠢᠨ ᠲᠣᠭᠠᠴᠢᠯᠠᠭᠰᠠᠨ ᠴᠢᠳᠠᠪᠤᠷᠢ ᠶᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠬᠠᠮᠢᠶᠠᠷᠤᠯᠲᠠ ᠶᠢᠨ ᠰᠢᠰᠲ᠋ᠧᠮ ᠢ ᠡᠯᠧᠺᠲᠷᠣᠨ ᠬᠤᠳᠠᠯᠳᠤᠭᠠᠨ ᠤ ᠲᠠᠪᠴᠠᠩ᠂ ᠬᠤᠳᠠᠯᠳᠤᠨ ᠠᠪᠬᠤ ᠬᠤᠳᠠᠯᠳᠤᠭᠠᠨ ᠤ ᠰᠢᠰᠲ᠋ᠧᠮ ᠵᠡᠷᠭᠡ ᠯᠦᠭᠡ ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠭ᠎ᠠ ᠶᠢ ᠴᠢᠩᠭᠠᠷᠠᠭᠤᠯᠤᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠢᠨᠲ᠋ᠧᠷ ᠰᠦᠯᠵᠢᠶᠡᠨ ᠤ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ ᠬᠡᠷᠡᠭᠯᠡᠬᠦ ᠶᠢ ᠳᠡᠮᠵᠢᠵᠦ᠂ ᠢᠨᠲ᠋ᠧᠷ ᠰᠦᠯᠵᠢᠶ᠎ᠡ ᠪᠣᠯᠣᠨ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠭᠰᠠᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠬᠥᠭᠵᠢᠭᠦᠯᠵᠦ᠂ ᠠᠵᠢᠯ ᠲᠥᠷᠥᠯ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠲᠤᠭ᠎ᠠ ᠪᠠᠷᠢᠮᠲᠠ ᠶᠢᠨ ᠠᠭᠤᠰᠤᠯᠴᠠᠯ ᠪᠠ ᠦᠢᠯᠡᠴᠢᠯᠡᠭᠡᠨ ᠤ ᠥᠷᠭᠡᠵᠢᠯ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠣᠷᠣᠭᠤᠯᠤᠯᠲᠠ ᠶᠢᠨ ᠡᠳ᠋ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠨᠵᠡᠭᠡᠢ ᠨᠡᠭᠡᠭᠡᠨ ᠠᠰᠢᠭᠯᠠᠵᠤ᠂ ᠲᠣᠮᠣ ᠲᠤᠭ᠎ᠠ ᠪᠠᠷᠢᠮᠲᠠ ᠳᠤ ᠰᠠᠭᠤᠷᠢᠯᠠᠭᠰᠠᠨ ᠢᠲᠡᠭᠡᠮᠵᠢ ᠣᠯᠭᠤᠬᠤ᠂ ᠳᠠᠭᠠᠳᠬᠠᠯ ᠪᠠ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡᠨ ᠵᠡᠷᠭᠡ ᠲᠤᠬᠠᠶᠢᠯᠠᠭᠰᠠᠨ ᠠᠵᠢᠯ ᠤᠨ ᠵᠠᠭᠪᠤᠷ ᠢ ᠳᠡᠯᠭᠡᠷᠡᠭᠦᠯᠵᠦ᠂ ᠬᠠᠩᠭᠠᠯᠭ᠎ᠠ ᠬᠡᠷᠡᠭᠴᠡᠭᠡ ᠶᠢ ᠵᠠᠳᠠᠯᠬᠤ᠂ ᠮᠡᠷᠭᠡᠵᠢᠯ ᠳᠡᠯᠭᠡᠷᠡᠭᠦᠯᠬᠦ᠂ ᠦᠢᠯᠡᠳᠬᠦᠨ ᠢ ᠡᠵᠡᠩᠨᠡᠨ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠯᠲᠡ ᠶᠢᠨ ᠮᠡᠳᠡᠭᠡ ᠵᠠᠩᠬᠢᠵᠢᠯᠠᠯᠲᠠ ᠶᠢ ᠲᠦᠯᠬᠢᠨ ᠠᠬᠢᠭᠤᠯᠤᠨ᠎ᠠ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶ᠎ᠡ ᠴᠠᠷᠠᠭ᠎ᠠ ᠳᠠᠬᠢ ᠭᠦᠨᠵᠡᠭᠡᠢ ᠬᠡᠷᠡᠭᠯᠡᠯᠲᠡ ᠶᠢ ᠠᠬᠢᠭᠤᠯᠵᠤ᠂ ᠨᠢᠭᠡ ᠪᠦᠯᠦᠭ ᠠᠦ᠋ᠲ᠋ᠣ᠋ ᠬᠡᠮᠵᠢᠯᠲᠡ᠂ ᠨᠠᠷᠢᠯᠢᠭ ᠣᠨᠣᠴᠠᠲᠠᠢ ᠪᠠᠷ ᠡᠵᠡᠮᠳᠡᠬᠦ᠂ ᠣᠶᠤᠨᠴᠢ ᠪᠠᠷ ᠠᠵᠢᠯᠯᠠᠬᠤ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠠᠮᠤ ᠪᠤᠳᠠᠭ᠎ᠠ ᠨᠥᠭᠡᠴᠡᠯᠡᠬᠦ᠂ ᠲᠦᠭᠦᠬᠡᠢ ᠰᠢᠨ᠎ᠡ ᠰᠣᠷᠭᠤᠭ ᠢᠶᠠᠷ ᠬᠠᠳᠠᠭᠠᠯᠠᠬᠤ᠂ ᠲᠦᠷᠭᠡᠨ ᠤᠷᠢᠳᠴᠢᠯᠠᠨ ᠬᠥᠯᠳᠡᠭᠡᠬᠦ᠂ ᠡᠨᠧᠷᠭᠢ ᠠᠷᠪᠢᠯᠠᠵᠤ ᠬᠠᠭᠤᠷᠠᠶᠢᠯᠠᠬᠤ᠂ ᠶᠠᠰᠤ ᠴᠢᠨᠠᠷ ᠢ ᠲᠣᠬᠢᠷᠠᠭᠤᠯᠤᠨ ᠡᠵᠡᠮᠳᠡᠬᠦ ᠵᠡᠷᠭᠡ ᠠᠩᠬ᠎ᠠ ᠡᠳ᠋ᠰᠢᠭᠦᠯᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠣᠶᠤᠨᠴᠢ ᠪᠠᠷ ᠡᠳ᠋ᠰᠢᠭᠦᠯᠬᠦ ᠶᠢ ᠠᠬᠢᠭᠤᠯᠵᠤ᠂ ᠣᠶᠤᠨᠴᠢ ᠪᠠᠷ ᠢᠯᠭᠠᠬᠤ᠂ ᠬᠤᠬᠢᠷᠠᠯ ᠦᠭᠡᠢ ᠪᠠᠷ ᠪᠠᠶᠢᠴᠠᠭᠠᠨ ᠰᠢᠯᠭᠠᠬᠤ᠂ ᠪᠣᠭᠤᠳᠠᠯᠯᠠᠬᠤ ᠮᠠᠰᠢᠨ ᠬᠥᠮᠥᠨ ᠵᠡᠷᠭᠡ ᠠᠦ᠋ᠲ᠋ᠣᠴᠢᠯᠠᠭᠰᠠᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠳ᠋ᠰᠢᠭᠦᠯᠵᠦ ᠢᠵᠢ ᠪᠦᠷᠢᠳᠦᠭᠦᠯᠬᠦ ᠲᠣᠨᠤᠭ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠯᠲᠡ ᠶᠢᠨ ᠮᠡᠳᠡᠭᠡ ᠵᠠᠩᠭᠢ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠥᠷᠥᠯ ᠵᠦᠢᠯ ᠢ ᠲᠤᠰᠬᠠᠢ ᠬᠡᠷᠡᠭᠯᠡᠬᠦ᠂ ᠦᠢᠯᠡᠳᠪᠦᠷᠢᠯᠡᠯ ᠢ ᠲᠣᠭᠲᠠᠭᠠᠨ ᠦᠢᠯᠡᠳᠬᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠠᠮ ᠬᠠᠷᠢᠯᠴᠠᠭᠠᠨ ᠳᠤ ᠲᠣᠬᠢᠷᠠᠭᠤᠯᠤᠭᠰᠠᠨ ᠨᠠᠷᠢᠯᠢᠭ ᠭᠦᠨᠵᠡᠭᠡᠢ ᠡᠳ᠋ᠰᠢᠭᠦᠯᠦᠨ ᠦᠢᠯᠡᠳᠪᠦᠷᠢᠯᠡᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ ᠫᠠᠰᠲ᠋ᠧᠷ ᠤᠨ ᠪᠠᠺᠲ᠋ᠧᠷᠢ ᠠᠯᠠᠭᠰᠠᠨ ᠰᠦ᠂ ᠳᠣᠣᠷ᠎ᠠ ᠳᠤᠯᠠᠭᠠᠨ ᠳᠤ ᠢᠰᠬᠡᠭᠰᠡᠨ ᠰᠦ᠂ ᠪᠢᠰᠢᠯᠠᠭ ᠪᠠ ᠤᠯᠠᠮᠵᠢᠯᠠᠯᠲᠤ ᠴᠠᠭᠠᠨ ᠢᠳᠡᠭᠡ ᠵᠡᠷᠭᠡ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠦ ᠶᠢᠨ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ +︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠬᠠᠮᠤᠷᠬᠤ ︽ ᠲᠣᠭᠠᠴᠢᠯᠠᠭᠰᠠᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡ ᠪᠦᠯᠦᠭ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠣᠷᠣᠨ ᠨᠤᠲᠤᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠥᠷᠨᠢᠭᠦᠯᠵᠦ᠂ ᠨᠠᠷᠠᠲᠤ ᠲᠥᠷᠥᠯ ᠲᠡᠮᠳᠡᠭᠲᠦ ᠪᠠᠷ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠣᠣᠷ ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠬᠤᠣᠰ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ᠂ ᠰᠢᠶᠠᠨ ᠤ ᠬᠡᠪᠴᠢᠶᠡᠨ ᠤ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠢ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠢ ᠶᠡᠷᠦᠩᠬᠡᠶᠢᠯᠡᠨ ᠠᠰᠢᠭᠯᠠᠵᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠬᠡᠷᠡᠭᠯᠡᠭᠴᠢᠳ ᠲᠤ ᠥᠪᠡᠷᠮᠢᠴᠡᠵᠢᠭᠰᠡᠨ᠂ ᠵᠠᠬᠢᠶᠠᠯᠠᠨ ᠦᠢᠯᠡᠳᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠶ ᠪᠣᠯᠭᠠᠬᠤ ᠶᠢ ᠵᠣᠷᠢᠭᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠨ᠎ᠡ ᠬᠠᠩᠰᠢ ᠶᠢᠨ ᠥᠷᠢᠰᠦᠯᠳᠦᠭᠡᠨ ᠠᠴᠠ ᠶᠠᠰᠤ ᠴᠢᠨᠠᠷ ᠤᠨ ᠥᠷᠢᠰᠦᠯᠳᠦᠭᠡᠨ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠤᠨ᠎ᠠ᠃      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢᠵᠢᠯᠠᠯᠲᠠ ᠶᠢ ᠲᠦᠯᠬᠢᠨ ᠠᠬᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢᠵᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠲᠤᠰᠬᠠᠢ ᠵᠠᠬ᠎ᠠ ᠳᠡᠯᠭᠡᠭᠦᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠥᠷᠨᠢᠭᠦᠯᠬᠦ ᠶᠢ ᠵᠣᠷᠢᠭᠵᠢᠭᠤᠯᠵᠤ᠂ ᠨᠦᠯᠦᠭᠡᠯᠡᠬᠦᠷ᠂ ᠲᠡᠮᠳᠡᠭᠯᠡᠭᠦᠷ᠂ ᠡᠯᠧᠺᠲᠷᠣᠨ ᠱᠣᠰᠢᠭ᠎ᠠ ᠲᠡᠮᠳᠡᠭ ᠵᠢᠴᠢ ᠠᠦ᠋ᠲ᠋ᠣ᠋ ᠢᠯᠭᠠᠨ ᠲᠠᠨᠢᠬᠤ ᠦᠵᠦᠭᠦᠷ᠂ ᠬᠢᠨᠠᠨ ᠡᠵᠡᠮᠳᠡᠬᠦ ᠲᠥᠬᠦᠭᠡᠷᠦᠮᠵᠢ ᠵᠡᠷᠭᠡ ᠶᠢᠨ ᠬᠡᠷᠡᠭᠯᠡᠯᠲᠡ ᠶᠢ ᠨᠡᠮᠡᠭᠳᠡᠭᠦᠯᠵᠦ᠂ ᠬᠦᠮᠦᠷᠭᠡᠯᠡᠬᠦ ᠭᠠᠷᠭᠠᠬᠤ᠂ ᠲᠡᠭᠡᠭᠡᠪᠦᠷᠢᠯᠡᠬᠦ᠂ ᠠᠷᠠᠯᠵᠢᠶᠠᠯᠠᠬᠤ ᠵᠡᠷᠭᠡ ᠪᠥᠬᠦ ᠶᠠᠪᠤᠴᠠ ᠳᠤ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠠᠴᠢᠯᠠᠭᠰᠠᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ ᠶᠢ ᠪᠡᠶᠡᠯᠡᠭᠦᠯᠵᠦ᠂ ᠲᠦᠭᠦᠭᠡᠷᠦᠮᠵᠢ ᠶᠢᠨ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ ᠃      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢᠵᠢᠯᠠᠯᠲᠠ ᠶᠢ ᠲᠦᠯᠬᠢᠨ ᠠᠬᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢ ᠶᠡᠬᠡᠪᠡᠷ ᠠᠬᠢᠭᠤᠯᠵᠤ᠂ ᠠᠶᠤᠯ ᠲᠦᠭᠰᠢᠭᠦᠷᠢ ᠶᠢ ᠬᠢᠨᠠᠨ ᠬᠡᠮᠵᠢᠬᠦ ᠶᠢ ᠰᠦᠯᠵᠢᠶᠡᠵᠢᠭᠦᠯᠬᠦ᠂ ᠲᠣᠭᠠᠴᠢᠯᠠᠬᠤ ᠬᠠᠮᠢᠶᠠᠷᠤᠯᠲᠠ ᠶᠢ ᠰᠦᠪᠡᠭᠴᠢᠯᠡᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠬᠠᠤᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ᠂ ᠬᠠᠷᠢᠯᠴᠠᠨ ᠬᠤᠯᠪᠣᠯᠳᠤᠭᠤᠯᠬᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠨᠡᠭᠡᠭᠡᠯᠲᠡ ᠬᠢᠵᠦ ᠨᠢᠭᠡᠳᠦᠯᠲᠡᠢ ᠪᠠᠶᠢᠯᠭᠠᠬᠤ ᠶᠢ ᠲᠦᠷᠭᠡᠳᠬᠡᠨ ᠪᠡᠶᠡᠯᠡᠭᠦᠯᠵᠦ᠂ ︽ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ + ᠮᠥᠷᠳᠡᠨ ᠤᠬᠤᠴᠢᠯᠠᠬᠤ ᠺᠣᠳ᠋︾ ᠤᠨ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠢᠳᠡᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠮᠥᠷᠳᠡᠨ ᠤᠬᠤᠴᠢᠯᠠᠬᠤ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠬᠡᠮᠵᠢᠯᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ᠂ ᠢᠷᠡᠯᠲᠡ ᠶᠢ ᠨᠡᠬᠡᠮᠵᠢᠯᠡᠵᠦ ᠪᠣᠯᠬᠤ᠂ ᠬᠠᠮᠢᠭᠠᠰᠢ ᠶᠠᠪᠤᠭᠰᠠᠨ ᠢ ᠮᠥᠷᠳᠡᠵᠦ ᠪᠣᠯᠬᠤ᠂ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢ ᠡᠵᠡᠩᠨᠡᠭᠴᠢ ᠶᠢᠨ ᠡᠯᠧᠺᠲᠷᠣᠨ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠶᠢ ᠠᠬᠢᠭᠤᠯᠵᠤ᠂ ᠢᠲᠡᠭᠡᠮᠵᠢ ᠶᠢᠨ ᠬᠥᠳᠡᠯᠦᠩᠭᠦᠢ ᠪᠠᠶᠢᠳᠠᠯ ᠢ ᠰᠢᠯᠭᠠᠨ ᠦᠨᠡᠯᠡᠬᠦ ᠪᠠ ᠲᠠᠰ ᠬᠤᠪᠢᠶᠠᠬᠤ ᠶᠢ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠢᠲᠡᠭᠡᠮᠵᠢ ᠶᠢᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠤᠰᠬᠠᠶ ᠪᠤᠯᠤᠩ 2᠄ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ      ︽2023-2025︾ ᠶᠢᠨ ᠬᠤᠭᠤᠴᠠᠭᠠᠨ ᠳᠤ᠂ ᠤᠯᠤᠰ ᠤᠨ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠢ 1-2 ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠮᠡᠳᠡᠭᠡ ᠵᠠᠩᠭᠢ ᠴᠤᠭᠯᠠᠭᠤᠯᠬᠤ᠂ ᠵᠠᠳᠠᠯᠤᠯᠲᠠ ᠬᠢᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠡᠵᠡᠮᠳᠡᠬᠦ᠂ ᠣᠶᠤᠨᠴᠢ ᠬᠠᠮᠢᠶᠠᠷᠤᠯᠲᠠ ᠵᠡᠷᠭᠡ ᠡᠯ᠎ᠡ ᠭᠤᠭᠴᠤᠭ᠎ᠠ ᠶᠢ ᠨᠡᠪᠲᠡᠷᠡᠭᠦᠯᠦᠭᠰᠡᠨ ᠣᠶᠤᠨᠴᠢ ᠲᠠᠷᠢᠶᠠᠯᠠᠩ ᠮᠠᠯ ᠠᠵᠤ ᠠᠬᠤᠶ ᠶᠢᠨ ᠬᠤᠷᠠᠮᠠᠯ ᠬᠡᠷᠡᠭᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠣᠷᠣᠨ ᠤ ᠣᠶᠤᠨᠴᠢ ᠲᠠᠷᠢᠶᠠᠯᠠᠩ ᠮᠠᠯ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠵᠢᠱᠢᠶ᠎ᠡ ᠦᠵᠡᠭᠦᠯᠦᠨ ᠳᠠᠶᠢᠴᠢᠯᠠᠨ᠎ᠠ᠃ ᠤᠯᠤᠰ ᠤᠨ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠲᠥᠪ ᠪᠠ ᠬᠤᠪᠢᠶᠠᠷᠢ ᠲᠥᠪ ᠲᠠᠢ ᠵᠣᠯᠭᠠᠭᠤᠯᠵᠤ᠂ ᠬᠠᠮᠢᠶ᠎ᠠ ᠪᠥᠬᠦᠶ ᠮᠡᠷᠭᠡᠵᠢᠯ ᠤᠨ ᠪᠦᠲᠦᠭᠡᠭᠳᠡᠬᠦᠨ ᠢ ᠲᠥᠪᠯᠡᠷᠡᠭᠦᠯᠦᠨ ᠬᠡᠷᠡᠭᠯᠡᠬᠦ᠂ ᠵᠠᠪᠰᠠᠷ ᠤᠨ ᠲᠤᠷᠰᠢᠯᠲᠠ ᠶᠢ ᠪᠣᠯᠪᠠᠰᠤᠷᠠᠩᠭᠤᠶ ᠪᠣᠯᠭᠠᠬᠤ᠂ ᠪᠠᠷᠢᠮᠵᠢᠶ᠎ᠠ ᠪᠠᠷ ᠰᠢᠯᠭᠠᠨ ᠪᠠᠲᠤᠯᠠᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠠᠷᠭ᠎ᠠ ᠵᠠᠮ ᠢ ᠰᠦᠪᠡᠭᠴᠢᠯᠡᠬᠦ ᠶᠢ ᠠᠬᠢᠭᠤᠯᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠪᠤᠶᠢᠵᠢᠭᠤᠯᠬᠤ ᠳᠤ ᠬᠦᠴᠦᠨ ᠨᠡᠮᠡᠷᠢᠯᠡᠵᠦ᠂ ᠠᠵᠤ ᠦᠢᠯᠡᠰ ᠡᠷᠳᠡᠮ ᠰᠢᠨᠵᠢᠯᠡᠭᠡᠨ ᠰᠤᠳᠤᠯᠤᠯ ᠬᠡᠷᠡᠭᠯᠡᠭᠡ ᠶᠢ ᠨᠢᠭᠡ ᠴᠣᠭᠴᠠᠵᠢᠭᠤᠯᠤᠭᠰᠠᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠮᠢ ᠠᠬᠤᠶ ᠶᠢ ᠪᠠᠶᠢᠭᠤᠯᠵᠤ᠂ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠬᠡᠷᠡᠭᠯᠡᠭᠡᠨ ᠤ ᠵᠠᠭᠪᠤᠷ ᠢ ᠬᠠᠩᠭᠠᠨ᠎ᠠ᠃      ᠭᠤᠷᠪᠠᠳᠤᠭᠠᠷ ᠬᠡᠰᠡᠭ    ᠲᠣᠮᠣ ᠳ᠋ᠠᠶᠢᠲ᠋ᠠ ᠶᠢᠨ ᠰᠠᠭᠤᠷᠢ ᠶᠢ ᠪᠠᠲᠤᠳᠬᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ      ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠤᠮᠤ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠳ᠋ᠠᠶᠢᠲ᠋ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠣᠰᠣᠭᠠᠷ᠂ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭᠯᠠᠯ ᠢ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠤᠨ᠎ᠠ ᠃ ᠲᠠᠷᠢᠶᠠᠯᠠᠩ ᠮᠠᠯ ᠠᠵᠤ ᠠᠬᠤᠶ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠮᠣ ᠳ᠋ᠠᠶᠢᠲ᠋ᠠ᠂ ᠴᠢᠬᠤᠯᠠ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠡᠳ᠋ ᠤᠨ ᠡᠬᠢ ᠪᠠᠶᠠᠯᠢᠭ ᠤᠨ ᠲᠣᠮᠣ ᠳ᠋ᠠᠶᠢᠲ᠋ᠠ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠲᠣᠭᠠᠴᠢᠯᠠᠭᠰᠠᠨ ᠵᠠᠰᠠᠯᠲᠠ ᠶᠢᠨ ᠲᠣᠮᠣ ᠳ᠋ᠠᠶᠢᠲ᠋ᠠ᠂ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠲᠣᠮᠣ ᠳ᠋ᠠᠶᠢᠲ᠋ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢ ᠪᠥᠲᠥᠭᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠥᠬᠦ ᠴᠠᠭ ᠬᠤᠭᠤᠴᠠᠭ᠎ᠠ ᠣᠷᠣᠨ ᠵᠠᠶ ᠶᠢᠨ ᠳᠥᠷᠪᠡᠨ ᠬᠡᠮᠵᠢᠯᠳᠦ ᠲᠣᠭᠠᠴᠢᠯᠠᠭᠰᠠᠨ ᠣᠷᠣᠨ ᠵᠠᠶ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠵᠢᠷᠤᠭ ᠤᠨ ᠳᠠᠪᠬᠤᠷᠭ᠎ᠠ ᠶᠢ ᠪᠥᠲᠥᠭᠡᠨ ᠪᠠᠶᠢᠭᠤᠯᠵᠤ᠂ ︽1 ᠰᠠᠭᠤᠷᠢ ᠵᠢᠷᠤᠭ + N ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠰᠡᠳᠦᠪᠲᠦ ᠬᠡᠷᠡᠭᠯᠡᠭᠡᠨ ᠤ ᠵᠢᠷᠤᠭ︾ ᠢ ᠪᠣᠶ ᠪᠣᠯᠭᠠᠵᠤ᠂ ᠲᠤᠭ᠎ᠠ ᠪᠠᠷᠢᠮᠲᠠ ᠶᠢ ᠨᠠᠷᠢᠯᠢᠬᠵᠢᠭᠤᠯᠬᠤ ᠪᠠ ᠲᠠᠰ ᠬᠤᠪᠢᠶᠠᠨ ᠢᠯᠡᠷᠡᠭᠦᠯᠬᠦ᠂ ᠰᠢᠭᠤᠳ ᠬᠠᠷᠢᠴᠠᠭᠤᠯᠬᠤ ᠪᠠ ᠬᠥᠳᠡᠯᠦᠩᠭᠦᠶ ᠪᠠᠷ ᠮᠥᠷᠳᠡᠬᠦ ᠶᠢ ᠪᠡᠶᠡᠯᠡᠭᠦᠯᠵᠦ᠂ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠎ᠡ᠃      ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠡᠷᠡᠭᠯᠡᠯᠲᠡ ᠶᠢ ᠭᠦᠨᠵᠡᠭᠡᠶ ᠠᠬᠢᠭᠤᠯᠤᠨ᠎ᠠ᠃ ᠳ᠋ᠠᠶᠢᠲ᠋ᠠ ᠶᠢᠨ ᠡᠯᠧᠮᠧᠨ᠋ᠲ ᠤᠨ ᠥᠷᠲᠡᠭ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠨᠡᠶᠢᠭᠡᠮ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠪᠠᠶᠢᠳᠠᠯ ᠢ ᠨᠡᠭᠡᠭᠡᠵᠦ᠂ ᠳ᠋ᠠᠶᠢᠲ᠋ᠠ ᠶᠢᠨ ᠡᠬᠢ ᠪᠠᠶᠠᠯᠢᠭ ᠢ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠳᠤ ᠵᠠᠳᠠᠯᠤᠯᠲᠠ ᠬᠢᠵᠦ ᠬᠠᠮᠢᠶ᠎ᠠ ᠪᠦᠬᠦᠢ ᠮᠡᠳᠡᠯᠭᠡ ᠶᠢᠨ ᠬᠥᠮᠥᠷᠭᠡ᠂ ᠵᠠᠭᠪᠤᠷ ᠤᠨ ᠬᠥᠮᠥᠷᠭᠡ ᠶᠢ ᠪᠠᠶᠢᠭᠤᠯᠤᠨ᠂ ᠲᠠᠷᠢᠮᠠᠯ ᠤᠨ ᠦᠢᠯᠡᠰ᠂ ᠮᠠᠯ ᠠᠵᠤ ᠠᠬᠤᠶ ᠮᠠᠯ ᠡᠮᠨᠡᠯᠭᠡ᠂ ᠵᠢᠭᠠᠰᠤᠨ ᠤ ᠠᠵᠤ ᠠᠬᠤᠶ ᠵᠢᠭᠠᠰᠤᠨ ᠤ ᠶᠠᠪᠤᠳᠠᠯ᠂ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠂ ᠡᠬᠢ ᠪᠠᠶᠠᠯᠢᠭ ᠣᠷᠴᠢᠨ ᠲᠣᠭᠤᠷᠢᠨ᠂ ᠵᠠᠰᠠᠭ ᠤᠨ ᠶᠠᠪᠤᠳᠠᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠢ ᠲᠠᠭᠯᠠᠨ ᠮᠡᠳᠡᠭᠦᠯᠬᠦ ᠵᠢᠴᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠵᠡᠷᠭᠡ ᠴᠢᠳᠠᠮᠵᠢ ᠶᠢᠨ ᠬᠡᠰᠡᠭ ᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠤᠷᠢᠳᠴᠢᠯᠠᠨ ᠰᠡᠷᠡᠮᠵᠢᠯᠡᠭᠦᠯᠬᠦ᠂ ᠲᠥᠷᠥ ᠶᠢᠨ ᠪᠣᠳᠣᠯᠭ᠎ᠠ ᠶᠢ ᠦᠨᠡᠯᠡᠨ ᠵᠢᠱᠢᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ᠂ ᠡᠬᠢ ᠪᠠᠶᠠᠯᠢᠭ ᠤᠨ ᠬᠠᠮᠢᠶᠠᠷᠤᠯᠲᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠬᠤ ᠵᠡᠷᠭᠡ ᠰᠢᠢᠳᠪᠦᠷᠢᠲᠦ ᠪᠣᠳᠣᠯᠭ᠎ᠠ ᠳᠤ ᠳᠡᠮᠵᠢᠯᠭᠡ ᠶᠢᠨ ᠦᠢᠯᠡᠴᠢᠯᠡᠭᠡ ᠬᠠᠩᠭᠠᠵᠤ᠂ ᠳ᠋ᠠᠶᠢᠲ᠋ᠠ ᠶᠢᠨ ᠠᠭᠤᠰᠤᠯᠴᠠᠯ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠬᠤᠷᠸ᠎ᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ ᠲᠥᠮᠥᠰᠥ᠂ ᠡᠷᠳᠡᠨᠢ ᠰᠢᠰᠢ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠳᠠᠩ ᠲᠥᠷᠥᠯ ᠵᠦᠢᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠮᠣ ᠳ᠋ᠠᠶᠢᠲ᠋ᠠ ᠶᠢ ᠵᠠᠳᠠᠯᠤᠨ ᠬᠡᠷᠡᠭᠯᠡᠬᠦ ᠲᠥᠪ ᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢ ᠠᠭᠤᠳᠠᠯᠬᠤ ᠪᠠ ᠰᠢᠨ᠎ᠡ ᠶᠢ ᠡᠭᠦᠳᠦᠨ ᠬᠡᠷᠡᠭᠯᠡᠵᠦ᠂ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠂ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠦᠢᠯᠡᠳᠬᠦᠨ ᠢ ᠪᠣᠶ ᠪᠣᠯᠭᠠᠵᠤ᠂ ᠦᠢᠯᠡᠳᠪᠦᠷᠢᠯᠡᠯ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠮᠥᠩᠭᠦᠨ ᠭᠦᠢᠯᠭᠡᠭᠡ ᠳᠠᠭᠠᠳᠬᠠᠯ᠂ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠲᠣᠮᠣ ᠳ᠋ᠠᠶᠢᠲ᠋ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠵᠠᠰᠠᠭ ᠤᠨ ᠶᠠᠪᠤᠳᠠᠯ ᠤᠨ ᠮᠡᠳᠡᠭᠡ ᠵᠠᠩᠬᠢᠵᠢᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠦᠵᠦ ᠲᠥᠯᠥᠪᠯᠡᠭᠡ ᠶᠢ ᠴᠢᠩᠭᠠᠳᠬᠠᠵᠤ᠂ ᠣᠲᠣ ᠶᠢᠨ ᠪᠠᠶᠢᠭ᠎ᠠ ᠰᠠᠭᠤᠷᠢ ᠨᠥᠬᠦᠴᠡᠯ ᠢ ᠭᠦᠢᠴᠡᠳ ᠰᠠᠶᠢᠲᠤᠷ ᠠᠰᠢᠭᠯᠠᠵᠤ᠂ ᠨᠢᠭᠡᠳᠦᠯᠲᠡᠶ ᠲᠣᠭᠠᠴᠢᠯᠠᠭᠰᠠᠨ ᠰᠠᠭᠤᠷᠢ ᠲᠦᠭᠦᠭᠡᠷᠦᠮᠵᠢ ᠂ ᠨᠢᠭᠡᠳᠦᠯᠲᠡᠶ ᠮᠡᠷᠭᠡᠵᠢᠯ ᠤᠨ ᠲᠤᠯᠭᠠᠭᠤᠷᠢᠯᠠᠬᠤ ᠲᠠᠪᠴᠠᠩ᠂ ᠨᠢᠭᠡᠳᠦᠯᠲᠡᠶ ᠪᠠᠭᠠᠵᠢ ᠬᠡᠷᠡᠭᠰᠡᠯ ᠤᠨ ᠲᠣᠨᠣᠭᠯᠠᠯ ᠤᠨ ᠠᠷᠭ᠎ᠠ ᠮᠠᠶ᠋ᠢᠭ ᠢᠶᠠᠷ ᠵᠢᠷᠤᠵᠤ ᠲᠥᠯᠥᠪᠯᠡᠬᠦ ᠶᠡᠷᠦᠩᠬᠡᠶ ᠪᠦᠲᠦᠴᠡ ᠶᠢ ᠵᠢᠷᠤᠵᠤ ᠲᠥᠯᠥᠪᠯᠡᠨ᠂ ᠡᠷᠴᠢᠮᠵᠢᠭᠦᠯᠦᠨ ᠪᠠᠶᠢᠭᠤᠯᠵᠤ᠂ ᠨᠢᠭᠡᠳᠦᠯᠲᠡᠶ ᠠᠵᠢᠯᠯᠠᠭᠤᠯᠤᠨ ᠬᠠᠮᠠᠭᠠᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠨ᠎ᠡ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠢ ᠴᠢᠩᠭᠠᠳᠬᠠᠵᠤ᠂ ᠪᠦᠬᠦ ᠶᠠᠪᠤᠴᠠ ᠶᠢ ᠡᠯᠧᠺᠲᠷᠣᠨᠴᠢᠯᠠᠨ ᠭᠦᠢᠴᠡᠳᠬᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠰᠢᠯᠵᠢᠮᠡᠯ ᠠᠯᠪᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠪᠠᠨ ᠪᠢᠴᠢᠭ ᠰᠢᠢᠳᠪᠦᠷᠢᠯᠡᠬᠦ᠂ ᠵᠠᠰᠠᠭ ᠵᠠᠬᠢᠷᠭᠠᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠣᠮᠣ ᠳ᠋ᠠᠶᠢᠲ᠋ᠠ ᠶᠢᠨ ᠲᠠᠪᠴᠠᠩ ᠢ ᠪᠦᠷᠢᠨᠰᠢᠭᠦᠯᠦᠨ ᠥᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢ ᠲᠦᠷᠭᠡᠳᠬᠡᠨ ᠠᠬᠢᠭᠤᠯᠤᠨ᠎ᠠ᠃      ᠲᠤᠰᠬᠠᠶ ᠪᠤᠯᠤᠩ 3᠄ ᠲᠠᠷᠢᠶᠠᠯᠠᠩ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢᠨ ᠢᠨᠵᠧᠨᠧᠷᠢᠩ      1. ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠮᠣ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ      ︽1+1+N︾ ᠪᠥᠲᠥᠭᠡᠨ ᠪᠠᠶᠢᠭᠤᠯᠤᠯᠲᠠ ᠶᠢᠨ ᠰᠡᠳᠬᠢᠴᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢᠨ ᠲᠠᠪᠴᠠᠩ ︵ᠣᠶᠤᠨᠴᠢ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︶ ᠢᠶᠠᠷ ᠭᠤᠤᠯ ᠪᠣᠯᠭᠠᠭᠰᠠᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠡᠷᠡᠭᠯᠡᠯᠲᠡ ᠶᠢ ᠠᠴᠢᠶᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠳ᠋ᠠᠶᠢᠲ᠋ᠠ ᠬᠥᠮᠥᠷᠭᠡ ᠪᠣᠯᠤᠨ ᠭᠤᠤᠯ ᠰᠡᠳᠦᠪᠲᠦ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠵᠦ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠩ ᠲᠥᠷᠥᠯ ᠵᠦᠢᠯ ᠤᠨ ᠪᠦᠬᠦ ᠠᠵᠤ ᠦᠢᠯᠡᠰ ᠤᠨ ᠬᠡᠯᠬᠢᠶᠡᠰᠦ ᠶᠢᠨ ᠲᠣᠮᠣ ᠳ᠋ᠠᠶᠢᠲ᠋ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭᠯᠠᠯ ᠤᠨ ᠰᠢᠰᠲ᠋ᠧᠮᠵᠢ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠳ᠋ᠠᠶᠢᠲ᠋ᠠ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠪᠠ ᠲᠠᠷᠢᠶᠠᠯᠠᠩ ᠮᠠᠯ ᠠᠵᠤ ᠠᠬᠤᠶ ᠶᠢᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠭᠡᠳ ᠨᠡᠶᠢᠭᠡᠮ ᠤᠨ ᠡᠯ᠎ᠡ ᠲᠠᠯ᠎ᠠ ᠶᠢᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠬᠠᠶᠢᠨ ᠰᠦᠪᠡᠭᠴᠢᠯᠡᠨ᠎ᠡ᠃      2. ᠲᠠᠷᠢᠶᠠᠯᠠᠩ ᠮᠠᠯ ᠠᠵᠤ ᠠᠬᠤᠶ ᠶᠢᠨ ᠤᠷᠭᠤᠮᠠᠯ ᠤᠨ ᠬᠠᠮᠠᠭᠠᠯᠠᠯᠲᠠ ᠪᠠ ᠡᠪᠡᠳᠴᠢᠨ ᠬᠤᠷᠣᠬᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠵᠠᠰᠠᠬᠤ ᠤᠶᠤᠨᠴᠢᠯᠠᠭᠰᠠᠨ ᠢᠨᠵᠧᠨᠧᠷᠢᠩ      ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠲᠣᠭᠠᠴᠢᠯᠠᠭᠰᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠲᠡᠭᠦᠯᠳᠡᠷᠵᠢᠭᠦᠯᠵᠦ᠂ ᠨᠢᠭᠡ ᠪᠦᠯᠦᠭ ᠤᠶᠤᠨᠴᠢᠯᠠᠭᠰᠠᠨ ᠬᠢᠨᠠᠨ ᠬᠡᠮᠵᠢᠬᠦ ᠥᠷᠲᠡᠭᠡ ᠴᠡᠭ ᠢ ᠨᠡᠮᠡᠨ ᠪᠠᠶᠢᠭᠤᠯᠵᠤ᠂ ᠡᠪᠡᠳᠴᠢᠨ ᠬᠤᠷᠣᠬᠠᠶ ᠶᠢᠨ ᠭᠠᠮᠰᠢᠭ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠨᠠᠷᠢᠯᠢᠭ ᠣᠨᠣᠴᠠᠲᠠᠶ ᠬᠠᠮᠢᠶᠠᠷᠤᠯᠲᠠ ᠶᠢ ᠠᠬᠢᠭᠤᠯᠤᠨ᠎ᠠ᠃ ᠪᠡᠯᠴᠢᠭᠡᠷ ᠤᠨ ᠮᠢᠩ ᠬᠤᠷᠣᠬᠠᠶ᠂ ᠨᠠᠩᠭᠢ ᠬᠤᠷᠣᠬᠠᠶ ᠵᠡᠷᠭᠡ ᠬᠦᠨᠳᠦ ᠶᠡᠭᠡ ᠬᠥᠨᠥᠭᠡᠯᠲᠦ ᠬᠤᠷᠣᠬᠠᠶ ᠪᠠᠷ ᠭᠠᠷᠳᠠᠴᠠ ᠪᠣᠯᠭᠠᠵᠤ᠂ ᠪᠥᠬᠦ ᠣᠷᠣᠨ ᠳᠤ ᠲᠡᠭᠷᠢ ᠭᠠᠵᠠᠷ ᠢ ᠨᠢᠭᠡ ᠴᠣᠭᠴᠠᠵᠢᠭᠤᠯᠤᠭᠰᠠᠨ ᠨᠡᠭᠦᠳᠡᠯ ᠤᠨ ᠴᠢᠨᠠᠷᠲᠠᠶ ᠬᠥᠨᠥᠭᠡᠯᠲᠦ ᠬᠤᠷᠣᠬᠠᠶ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠲᠥᠮᠥᠰᠥ ᠶᠢᠨ ᠰᠡᠭᠦᠯᠴᠢ ᠶᠢᠨ ᠬᠢᠵᠢᠭ ᠡᠪᠡᠳᠴᠢᠨ ᠢ ᠤᠶᠤᠨᠴᠢ ᠪᠠᠷ ᠬᠡᠮᠵᠢᠨ ᠮᠡᠳᠡᠭᠦᠯᠬᠦ ᠵᠢᠴᠢ ᠡᠮ ᠢ ᠪᠠᠭᠠᠰᠬᠠᠨ ᠬᠤᠣᠷ ᠬᠥᠨᠥᠭᠡᠯ ᠢ ᠬᠢᠵᠠᠭᠠᠷᠯᠠᠬᠤ ᠰᠦᠯᠵᠢᠶᠡᠨ ᠤ ᠰᠢᠰᠲ᠋ᠧᠮ ᠢ ᠬᠡᠷᠡᠭᠯᠡᠵᠦ᠂ ᠲᠥᠮᠥᠰᠥ ᠶᠢᠨ ᠰᠡᠭᠦᠯᠴᠢ ᠶᠢᠨ ᠬᠢᠵᠢᠭ ᠡᠪᠡᠳᠴᠢᠨ ᠢ ᠬᠡᠮᠵᠢᠨ ᠮᠡᠳᠡᠭᠦᠯᠬᠦ ᠵᠢᠴᠢ ᠡᠮ ᠢ ᠪᠠᠭᠠᠰᠬᠠᠨ ᠬᠤᠣᠷ ᠬᠥᠨᠥᠭᠡᠯ ᠢ ᠬᠢᠵᠠᠭᠠᠷᠯᠠᠬᠤ ᠮᠡᠷᠭᠡᠵᠢᠯ ᠢ ᠬᠡᠷᠡᠭᠯᠡᠬᠦ ᠪᠠ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠵᠢᠯᠣᠭᠤᠴᠢ ᠥᠬᠡᠶ ᠨᠢᠰᠬᠡᠯ ᠤᠨ ᠭᠤᠤᠯ ᠪᠣᠯᠬᠤ ᠲᠠᠷᠢᠮᠠᠯ ᠤᠨ ᠡᠪᠡᠳᠴᠢᠨ ᠬᠤᠷᠣᠬᠠᠶ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠡᠷᠡᠭᠯᠡᠬᠦ ᠶᠢ ᠠᠬᠢᠭᠤᠯᠤᠨ᠎ᠠ᠃ ᠲᠠᠷᠢᠶᠠᠨ ᠡᠮ ᠡᠵᠡᠩᠨᠡᠭᠴᠢ ᠶᠢᠨ ᠲᠠᠷᠢᠶᠠᠨ ᠡᠮ ᠬᠤᠳᠠᠯᠳᠤᠨ ᠣᠷᠣᠭᠤᠯᠬᠤ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠡᠯᠧᠺᠲᠷᠣᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠲᠠᠷᠢᠶᠠᠨ ᠡᠮ ᠤᠨ ᠡᠵᠡᠩᠨᠡᠯᠲᠡ ᠶᠢᠨ ᠮᠥᠷᠳᠡᠨ ᠤᠬᠤᠴᠢᠯᠠᠵᠤ ᠪᠣᠯᠬᠤ ᠬᠠᠮᠢᠶᠠᠷᠤᠯᠲᠠ ᠶᠢ ᠪᠠᠲᠤᠯᠠᠨ᠎ᠠ᠃      3.ᠮᠠᠯᠵᠢᠬᠤ ᠲᠠᠷᠢᠶᠠᠯᠠᠬᠤ ᠣᠷᠣᠨ ᠤ ᠬᠢᠵᠢᠭ ᠢ ᠰᠡᠷᠭᠡᠶᠢᠯᠡᠬᠦ ᠣᠶᠤᠨᠴᠢ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ      RFID ᠲᠡᠵᠢᠭᠡᠨ ᠦᠷᠡᠵᠢᠭᠦᠯᠬᠦ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠵᠤ᠂ ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠮᠥᠷᠳᠡᠵᠦ᠂ ᠬᠢᠵᠢᠭ ᠢ ᠰᠡᠷᠭᠡᠶᠢᠯᠡᠬᠦ ᠡᠭᠡᠯᠢᠯᠡᠭᠡ ᠶᠢᠨ ᠶᠠᠪᠤᠴᠠ ᠶᠢᠨ ᠲᠣᠭᠠᠴᠢᠯᠠᠯᠲᠠ ᠶᠢ ᠪᠡᠶᠡᠯᠡᠭᠦᠯᠵᠦ᠂ ᠬᠢᠵᠢᠭ ᠡᠪᠡᠳᠴᠢᠨ ᠢ ᠦᠨᠡᠯᠡᠨ ᠵᠢᠱᠢᠬᠦ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠲᠠᠪᠴᠠᠩ ᠢ ᠪᠠᠶᠢᠭᠤᠯᠤᠨ᠂ ᠠᠮᠢᠲᠠᠨ ᠤ ᠬᠢᠵᠢᠭ ᠡᠪᠡᠳᠴᠢᠨ ᠤ ᠬᠢᠵᠢᠭ ᠤᠨ ᠪᠠᠶᠢᠳᠠᠯ ᠢ ᠨᠠᠷᠢᠯᠢᠭ ᠣᠨᠣᠴᠠᠲᠠᠶ ᠪᠠᠷ ᠣᠨᠣᠰᠢᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠮᠢᠲᠠᠨ ᠤ ᠣᠶᠤᠨᠴᠢ ᠬᠢᠵᠢᠭ ᠢ ᠰᠡᠷᠭᠡᠶᠢᠯᠡᠬᠦ ᠰᠢᠰᠲ᠋ᠧᠮ ᠢ ᠪᠣᠶ ᠪᠣᠯᠭᠠᠵᠤ᠂ ᠬᠢᠵᠢᠭᠲᠦ ᠣᠷᠣᠨ ᠤ ᠠᠮᠢᠲᠠᠨ ᠤ ᠭᠦᠢᠯᠭᠡᠭᠡ ᠶᠢ ᠬᠤᠷᠢᠭᠯᠠᠨ᠎ᠠ ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠣᠤᠷᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠨᠡᠩ ᠣᠨᠣᠪᠴᠢᠲᠠᠶ ᠪᠠᠷ ᠰᠡᠷᠭᠡᠶᠢᠯᠡᠨ᠎ᠡ ᠃ ᠮᠠᠨ ᠤ ᠣᠷᠣᠨ ᠤ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠠᠯᠤᠰ ᠠᠴᠠ ᠣᠨᠣᠰᠢᠯᠠᠬᠤ ᠵᠢᠴᠢ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢ ᠥᠷᠭᠡᠳᠬᠡᠵᠦ᠂ 2023 ᠣᠨ ᠤ ᠡᠴᠦᠰ ᠪᠣᠯᠬᠤ ᠳᠤ᠂ ᠣᠲᠣ ᠶᠢᠨ ᠬᠢᠩᠭᠠᠨ ᠠᠶᠢᠮᠠᠭ᠂ ᠣᠷᠳᠣᠰ ᠪᠠ ᠪᠠᠶᠠᠨᠨᠠᠭᠤᠷ ᠬᠤᠲᠠ ᠵᠡᠷᠭᠡ 3 ᠠᠶᠢᠮᠠᠭ ᠬᠤᠲᠠ ᠠᠴᠠ ᠪᠥᠬᠦ ᠣᠷᠣᠨ ᠤ 12 ᠠᠶᠢᠮᠠᠭ ᠬᠤᠲᠠ ᠳᠤ ᠬᠦᠷᠲᠡᠯ᠎ᠡ ᠥᠷᠭᠡᠳᠬᠡᠬᠦ ᠪᠠᠷ ᠴᠢᠷᠮᠠᠶᠢᠨ᠎ᠠ᠃ 2025 ᠣᠨ ᠤ ᠪᠣᠯᠬᠤ ᠳᠤ᠂ ᠵᠢᠭᠠᠰᠤ ᠯᠤᠭ᠎ᠠ ᠬᠤᠯᠪᠣᠭᠳᠠᠭᠰᠠᠨ ᠬᠤᠰᠢᠭᠤ ᠰᠢᠶᠠᠨ ᠳᠤ ᠨᠡᠶᠢᠳᠡᠮ ᠪᠦᠷᠬᠦᠭᠦᠯᠦᠨ᠎ᠡ᠃      4. ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ ᠢ ᠳᠡᠰ ᠳᠡᠪᠰᠢᠭᠦᠯᠦᠨ ᠲᠡᠭᠦᠯᠳᠡᠷᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠤᠭ᠎ᠠ ᠪᠠᠷᠢᠮᠲᠠ ᠴᠤᠭᠯᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠲᠤᠭ᠎ᠠ ᠪᠠᠷᠢᠮᠲᠠ ᠴᠤᠭᠯᠠᠭᠤᠯᠬᠤ ᠨᠡᠪᠲᠡᠷᠡᠬᠦ ᠵᠠᠮ ᠢ ᠥᠷᠭᠡᠳᠬᠡᠨ᠂ ᠠᠳᠠᠯᠢ ᠪᠤᠰᠤ ᠲᠤᠭ᠎ᠠ ᠪᠠᠷᠢᠮᠲᠠ ᠶᠢᠨ ᠢᠷᠡᠯᠲᠡ ᠳᠤ ᠴᠢᠭᠯᠡᠭᠦᠯᠦᠨ᠂ ᠲᠤᠭ᠎ᠠ ᠪᠠᠷᠢᠮᠲᠠ ᠴᠤᠭᠯᠠᠭᠤᠯᠬᠤ᠂ ᠵᠣᠯᠭᠠᠭᠤᠯᠤᠨ ᠰᠣᠯᠢᠯᠴᠠᠬᠤ᠂ ᠰᠦᠯᠵᠢᠶᠡᠨ ᠳᠡᠭᠡᠷ᠎ᠡ ᠮᠡᠳᠡᠭᠦᠯᠦᠨ ᠬᠦᠷᠭᠡᠬᠦ᠂ ᠠᠦ᠋ᠲ᠋ᠣ᠋ ᠴᠤᠭᠯᠠᠭᠤᠯᠬᠤ᠂ ᠰᠦᠯᠵᠢᠶ᠎ᠡ ᠪᠠᠷ ᠠᠪᠬᠤ᠂ ᠲᠤᠭ᠎ᠠ ᠪᠠᠷᠢᠮᠲᠠ ᠬᠤᠳᠠᠯᠳᠤᠨ ᠠᠪᠬᠤ ᠵᠡᠷᠭᠡ ᠠᠳᠠᠯᠢ ᠪᠤᠰᠤ ᠠᠷᠭ᠎ᠠ ᠮᠠᠶ᠋ᠢᠭ ᠢᠶᠠᠷ ᠲᠤᠭ᠎ᠠ ᠪᠠᠷᠢᠮᠲᠠ ᠴᠤᠭᠯᠠᠭᠤᠯᠵᠤ᠂ ᠲᠤᠭ᠎ᠠ ᠪᠠᠷᠢᠮᠲᠠ ᠶᠢ ᠰᠦᠯᠵᠢᠶ᠎ᠡ ᠪᠠᠷ ᠮᠡᠳᠡᠭᠦᠯᠦᠨ ᠬᠦᠷᠭᠡᠬᠦ᠂ ᠠᠦ᠋ᠲ᠋ᠣ᠋ ᠴᠤᠭᠯᠠᠭᠤᠯᠬᠤ ᠨᠥᠬᠦᠴᠡᠯ ᠢ ᠭᠤᠤᠯᠳᠠᠯᠭ᠎ᠠ ᠲᠠᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠤᠭ᠎ᠠ ᠪᠠᠷᠢᠮᠲᠠ ᠴᠤᠭᠯᠠᠭᠤᠯᠬᠤ ᠲᠠᠯ᠎ᠠ ᠪᠠᠷ ᠬᠢ ᠳᠤᠲᠠᠭᠤᠳᠠᠯ ᠢ ᠨᠥᠬᠦᠪᠥᠷᠢᠯᠡᠨ᠎ᠡ᠃      5. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠭᠯᠠᠵᠤ ᠬᠥᠮᠥᠷᠭᠡᠯᠡᠬᠦ ᠢᠨᠵᠧᠨᠧᠷᠢᠩ      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠮᠠᠨ ᠤ ᠣᠷᠣᠨ ᠤ ᠣᠲᠣ ᠶᠢᠨ ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠬᠤᠯᠪᠣᠭᠳᠠᠬᠤ ᠪᠣᠶ ᠪᠥᠬᠦᠶ ᠬᠦᠴᠦᠨ ᠵᠦᠢᠯ ᠤᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠪᠦᠬᠦᠨ ᠢ ᠵᠢᠷᠤᠭ ᠢᠶᠠᠷ ᠬᠦᠮᠦᠷᠭᠡᠯᠡᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠲᠤᠭ᠎ᠠ ᠪᠠᠷᠢᠮᠲᠠ ᠶᠢᠨ ︽ᠬᠤᠷᠢᠶᠠᠩᠭᠤᠢ ᠵᠢᠷᠤᠭ︾ ᠢ ᠪᠣᠶ ᠪᠣᠯᠭᠠᠨ᠎ᠠ᠃      ᠳᠥᠷᠪᠡᠳᠦᠭᠡᠷ ᠬᠡᠰᠡᠭ    ᠲᠣᠭᠠᠴᠢᠯᠠᠭᠰᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠬᠤᠳᠠ ᠬᠥᠳᠡᠭᠡ ᠶᠢᠨ ᠲᠤᠭᠠᠴᠢᠯᠠᠯᠳᠠ ᠶᠢᠨ ᠵᠠᠢ ᠶᠢ ᠪᠠᠭᠠᠰᠬᠠᠨ᠎ᠠ      ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠮᠡᠳᠡᠭᠡ ᠵᠠᠩᠭᠢ ᠶᠢᠨ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ᠂ ᠮᠠᠯᠴᠢᠨ ᠲᠠᠷᠢᠶᠠᠴᠢᠨ ᠤ ᠠᠮᠢᠳᠤᠷᠠᠯ ᠳᠤ ᠬᠡᠷᠡᠭᠯᠡᠬᠦ ᠰᠦᠯᠵᠢᠶᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷᠡᠯ ᠰᠢᠷᠬᠡᠭ ᠪᠣᠯᠤᠨ 4G ᠰᠦᠯᠵᠢᠶᠡᠨ ᠤ ᠥᠷᠭᠡᠴᠡ ᠪᠠ ᠭᠦᠨᠴᠡ ᠶᠢᠨ ᠪᠦᠷᠬᠦᠴᠡ ᠶᠢ ᠠᠬᠢᠭᠤᠯᠵᠤ᠂ 5G ᠪᠠ ᠮᠢᠩᠭᠠᠨ ᠮᠧᠭ᠎ᠠ ᠶᠢᠨ ᠬᠡᠷᠡᠯ ᠰᠢᠷᠬᠡᠭ ᠤᠨ ᠲᠣᠤᠷ ᠰᠦᠯᠵᠢᠶ᠎ᠡ ᠶᠢ ᠨᠥᠬᠦᠴᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠤᠷᠲᠤᠳᠬᠠᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠶᠠᠰᠤ ᠴᠢᠨᠠᠷ ᠪᠠ ᠬᠠᠮᠤᠷᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ IPv6 ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠲᠦᠭᠦᠭᠡᠷᠦᠮᠵᠢ ᠳᠠᠬᠢ ᠪᠠᠶᠢᠷᠢᠯᠠᠭᠤᠯᠤᠯᠲᠠ ᠪᠠ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠡᠯ᠎ᠡ ᠲᠥᠷᠥᠯ ᠤᠨ ᠮᠡᠳᠡᠭᠡ ᠵᠠᠩᠭᠢ ᠶᠢᠨ ᠦᠵᠦᠭᠦᠷ᠂ ᠮᠡᠷᠭᠡᠵᠢᠯ ᠤᠨ ᠦᠢᠯᠡᠳᠬᠦᠨ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠵᠥᠭᠡᠯᠡᠨ ᠲᠣᠨᠤᠭ ᠢ ᠲᠦᠭᠡᠮᠡᠯᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠳᠤᠮᠳᠠ ᠳᠣᠬᠢᠭᠤᠷ ᠳᠣᠯᠣᠭᠠᠨ ᠣᠳᠣ ᠪᠠ ᠠᠯᠤᠰ ᠰᠡᠷᠡᠯ ᠤᠨ ᠳᠠᠭᠠᠭᠤᠯᠢ ᠣᠳᠣᠨ ᠵᠡᠷᠭᠡ ᠲᠢᠶᠠᠨ ᠵᠢᠢ ᠰᠠᠭᠤᠷᠢ ᠲᠦᠭᠦᠭᠡᠷᠦᠮᠵᠢ ᠶᠢᠨ ᠦᠢᠯᠡᠴᠢᠯᠡᠭᠡᠨ ᠤ ᠴᠢᠳᠠᠪᠤᠷᠢ ᠪᠠ ᠬᠡᠷᠡᠭᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠳᠠᠬᠢ ᠲᠣᠭᠠᠴᠢᠯᠠᠭᠰᠠᠨ ᠰᠠᠭᠤᠷᠢ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠰᠦᠯᠵᠢᠶᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠭᠠᠴᠠᠭ᠎ᠠ ᠲᠣᠰᠬᠤᠨ ᠤ ᠲᠣᠭᠠᠴᠢᠯᠠᠭᠰᠠᠨ ᠵᠠᠰᠠᠯᠲᠠ ᠶᠢᠨ ᠰᠢᠨ᠎ᠡ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠤᠷᠲᠤᠳᠬᠠᠬᠤ ᠶᠢ ᠠᠬᠢᠭᠤᠯᠵᠤ᠂ ᠲᠠᠷᠢᠶᠠᠯᠠᠩ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠨᠠᠮ ᠤᠨ ᠠᠵᠢᠯ + ᠲᠤᠰᠬᠤᠨ ᠤ ᠶᠠᠪᠤᠳᠠᠯ︾ ᠢ ᠠᠬᠢᠭᠤᠯᠵᠤ᠂ ᠣᠶᠤᠨᠴᠢ ᠣᠯᠠᠨ ᠲᠦᠮᠡᠨ ᠤ ᠪᠦᠯᠬᠦᠮ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠢᠯᠤᠭᠤᠳᠬᠠᠨ᠎ᠠ ᠃ ᠬᠦᠳᠡᠭᠡ ᠲᠤᠰᠬᠤᠨ ᠤ ᠵᠠᠰᠠᠯᠲᠠ ᠶᠢᠨ ᠲᠣᠭᠠᠴᠢᠯᠠᠭᠰᠠᠨ ᠲᠡᠪᠴᠡᠩ ᠢ ᠪᠠᠶᠢᠭᠤᠯᠵᠤ᠂ ︽ᠢᠨᠲ᠋ᠧᠷ ᠰᠦᠯᠵᠢᠶ᠎ᠠ + ᠲᠤᠤᠷᠵᠢᠭᠤᠯᠤᠨ ᠵᠠᠰᠠᠬᠤ︾ ᠦᠢᠯᠡᠴᠢᠯᠡᠭᠡᠨ ᠤ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠵᠤᠷᠯᠤᠩ ᠤᠨ ᠦᠭᠡᠷᠡᠴᠢᠯᠡᠯᠲᠡ᠂ ᠠᠮᠢᠳᠤᠷᠠᠯ ᠤᠨ ᠪᠤᠬᠢᠷ ᠤᠰᠤ ᠬᠤᠭ ᠨᠤᠪᠰᠢ ᠶᠢ ᠵᠠᠰᠠᠬᠤ ᠵᠡᠷᠭᠡ ᠲᠠᠯ᠎ᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠦᠢᠯᠡᠴᠢᠯᠡᠭᠡ ᠶᠢ ᠬᠦᠭᠵᠢᠭᠦᠯᠦᠨ᠎ᠡ ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠳᠣ ᠪᠠᠶᠢᠭ᠎ᠠ ᠡᠯ᠎ᠡ ᠲᠥᠷᠥᠯ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠳᠤ ᠥᠷᠭᠡᠨ ᠢᠶᠠᠷ ᠲᠦᠰᠢᠭᠯᠡᠨ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠦᠢᠯᠡᠴᠢᠯᠡᠭᠡᠨ ᠤ ᠡᠬᠢ ᠪᠠᠶᠠᠯᠢᠭ ᠢ ᠦᠷᠭᠦᠯᠵᠢᠯᠡᠨ ᠬᠤᠷᠠᠮᠳᠤᠭᠤᠯᠵᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠮᠡᠳᠡᠭᠡ ᠵᠠᠩᠭᠢ ᠶᠢᠨ ᠦᠢᠯᠡᠴᠢᠯᠡᠭᠡᠨ ᠢ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ 12316 ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠭᠡ ᠶᠢ ᠵᠢᠷᠤᠮᠵᠢᠭᠤᠯᠬᠤ᠂ ᠨᠠᠷᠢᠯᠢᠭ ᠣᠨᠣᠴᠠᠲᠠᠶ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ︾ ᠶᠢᠨ ᠰᠤᠷᠭᠠᠨ ᠬᠦᠮᠦᠵᠢᠯ᠂ ᠡᠮᠴᠢᠯᠡᠭᠡ᠂ ᠬᠠᠤᠯᠢ ᠴᠠᠭᠠᠵᠠ᠂ ᠮᠦᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠡᠷᠭᠡ ᠶᠢ ᠭᠠᠴᠠᠭ᠎ᠠ ᠲᠤᠰᠬᠤᠨ ᠲᠡᠶᠢᠰᠢ ᠤᠷᠲᠤᠳᠬᠠᠬᠤ ᠶᠢ ᠠᠬᠢᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠣᠨᠴᠠᠯᠢᠭ ᠲᠤ ᠲᠣᠬᠢᠷᠠᠭᠰᠠᠨ ᠪᠠᠶᠢᠷᠢ ᠲᠣᠭᠲᠠᠭᠠᠬᠤ ᠦᠵᠦᠭᠦᠷ᠂ ᠮᠡᠳᠡᠭᠡ ᠵᠠᠩᠭᠢ ᠶᠢᠨ ᠦᠵᠦᠭᠦᠷ᠂ ᠮᠡᠷᠭᠡᠵᠢᠯ ᠤᠨ ᠦᠢᠯᠡᠳᠬᠦᠨ᠂ ᠰᠢᠯᠵᠢᠮᠡᠯ ᠢᠨᠲ᠋ᠧᠷ ᠰᠦᠯᠵᠢᠶ᠎ᠡ ᠶᠢᠨ ᠬᠡᠷᠡᠭᠯᠡᠯᠲᠡ ︵APP︶ ᠶᠢᠨ ᠵᠥᠭᠡᠯᠡᠨ ᠬᠡᠷᠡᠭᠰᠡᠯ ᠢ ᠨᠡᠭᠡᠭᠡᠨ ᠬᠥᠭᠵᠢᠭᠦᠯᠬᠦ ᠶᠢ ᠵᠣᠷᠢᠬᠵᠢᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠮᠠᠯᠴᠢᠨ ᠲᠠᠷᠢᠶᠠᠴᠢᠳ ᠤᠨ ᠡᠯ᠎ᠡ ᠲᠥᠷᠥᠯ ᠤᠨ ᠪᠣᠯᠪᠠᠰᠤᠷᠠᠯ ᠤᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠡᠰᠢᠲᠦ ᠣᠷᠣᠯᠴᠠᠬᠤ ᠪᠠᠶᠢᠷᠢᠰᠢᠯ ᠢ ᠪᠠᠶᠢᠭᠤᠯᠤᠨ᠂ ᠪᠣᠯᠪᠠᠰᠤᠷᠠᠭ᠋ᠯ ᠤᠨ ᠠᠷᠭ᠎ᠠ ᠮᠠᠶ᠋ᠢᠭ ᠤᠨ ᠠᠭᠤᠯᠭ᠎ᠠ ᠶᠢ ᠰᠢᠯᠢᠳᠡᠭᠵᠢᠭᠦᠯᠵᠦ᠂ ᠥᠨᠳᠥᠷ ᠬᠡᠪ ᠴᠢᠨᠠᠷ ᠲᠠᠢ ᠮᠠᠯᠴᠢᠨ ᠲᠠᠷᠢᠶᠠᠴᠢᠳ ᠢ ᠲᠦᠷᠭᠡᠳᠬᠡᠨ ᠪᠤᠶᠢᠵᠢᠭᠤᠯᠵᠤ᠂ ᠮᠠᠯᠴᠢᠨ ᠲᠠᠷᠢᠶᠠᠴᠢᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠥᠳᠡᠭᠡ ᠲᠤᠰᠬᠤᠨ ᠤ ᠲᠣᠭᠠᠴᠢᠯᠠᠭᠰᠠᠨ ᠠᠵᠤ ᠠᠬᠤᠶ ᠶᠢ ᠪᠣᠶᠢᠵᠢᠭᠤᠯᠤᠨ᠎ᠠ ᠃ ᠬᠤᠳᠠ ᠬᠥᠳᠡᠭᠡ ᠶᠢᠨ ᠡᠯᠧᠮᠧᠨ᠋ᠲ ᠢ ᠬᠤᠣᠰ ᠴᠢᠭᠯᠡᠯ ᠢᠶᠠᠷ ᠴᠢᠯᠥᠭᠡᠲᠡᠶ ᠰᠢᠯᠵᠢᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢᠨ ᠤᠷᠤᠰᠬᠠᠯ ᠢᠶᠠᠷ ᠮᠡᠷᠭᠡᠵᠢᠯ ᠤᠨ ᠭᠦᠢᠯᠭᠡᠭᠡ᠂ ᠪᠡᠯᠡ ᠮᠥᠩᠭᠦ ᠶᠢᠨ ᠭᠦᠢᠯᠭᠡᠭᠡ᠂ ᠴᠢᠳᠠᠪᠤᠷᠢᠲᠠᠨ ᠤ ᠭᠦᠢᠯᠭᠡᠭᠡ᠂ ᠡᠳ᠋ ᠪᠣᠳᠠᠰ ᠤᠨ ᠭᠦᠢᠯᠭᠡᠭᠡ ᠶᠢ ᠬᠥᠳᠡᠭᠡ ᠲᠣᠰᠬᠤᠨ ᠤ ᠭᠠᠵᠠᠷ ᠣᠷᠣᠨ ᠳᠤ ᠲᠥᠪᠯᠡᠷᠡᠭᠦᠯᠬᠦ ᠶᠢ ᠳᠠᠶᠢᠴᠢᠯᠠᠵᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠳᠠ ᠬᠥᠳᠡᠭᠡ ᠶᠢ ᠠᠭᠤᠰᠤᠯᠴᠠᠭᠤᠯᠬᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠦᠨ᠎ᠡ᠃ ᠬᠥᠳᠡᠭᠡ ᠲᠣᠰᠬᠤᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠬᠥᠳᠡᠭᠡ ᠲᠣᠰᠬᠤᠨ ᠲᠡᠶᠢᠰᠢ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠵᠣᠷᠢᠭᠵᠢᠭᠤᠯᠤᠨ᠎ᠠ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠂ ᠪᠦᠲᠦᠭᠡᠯᠴᠢ ᠰᠡᠳᠬᠢᠮᠵᠢ ᠲᠠᠢ ᠲᠠᠷᠢᠶᠠᠯᠠᠩ ᠮᠠᠯ ᠠᠵᠤ ᠠᠬᠤᠶ᠂ ᠬᠠᠮᠲᠤ ᠪᠠᠷ ᠡᠳ᠋ᠯᠡᠬᠦ ᠲᠠᠷᠢᠶᠠᠯᠠᠩ ᠮᠠᠯ ᠠᠵᠤ ᠠᠬᠤᠶ᠂ ᠠᠰᠠᠷᠠᠭᠤᠯᠬᠤ ᠲᠠᠷᠢᠶᠠᠯᠠᠩ ᠮᠠᠯ ᠠᠵᠤ ᠠᠬᠤᠶ᠂ ᠡᠭᠦᠯᠡᠨ ᠲᠠᠷᠢᠶᠠᠯᠠᠩ ᠤᠨ ᠲᠠᠯᠠᠪᠠᠶ᠂ ᠡᠭᠦᠯᠡᠨ ᠮᠠᠯᠵᠢᠯ ᠤᠨ ᠲᠠᠯᠠᠪᠠᠶ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠰᠢᠨ᠎ᠡ ᠪᠠᠷ ᠡᠭᠦᠳᠦᠨ ᠬᠥᠭᠵᠢᠭᠦᠯᠦᠨ᠎ᠡ᠃ ᠤᠶᠤᠨᠲᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠵᠦ᠂ ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ᠂ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠵᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷᠡᠬᠢ ᠡᠵᠡᠩᠨᠡᠯᠲᠡ ᠶᠢ ᠥᠷᠨᠢᠭᠦᠯᠵᠦ᠂ ᠣᠯᠠᠨ ᠲᠦᠮᠡᠨ ᠤ ᠣᠷᠣᠯᠴᠠᠬᠤ ᠬᠡᠯᠪᠡᠷᠢ ᠶᠢᠨ ᠦᠨᠡᠯᠡᠯᠲᠡ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ ᠪᠠᠷ ᠵᠢᠭᠤᠯᠴᠢᠯᠠᠬᠤ᠂ ᠪᠡᠶᠡᠴᠢᠯᠡᠨ ᠣᠶᠢᠯᠠᠭᠠᠬᠤ ᠵᠡᠷᠭᠡ ᠡᠵᠡᠩᠨᠡᠯᠲᠡ ᠶᠢᠨ ᠰᠢᠨ᠎ᠡ ᠵᠠᠭᠪᠤᠷ ᠢ ᠳᠡᠯᠭᠡᠷᠡᠭᠦᠯᠦᠨ᠎ᠡ᠃ ᠬᠥᠳᠡᠭᠡ ᠲᠣᠰᠬᠤᠨ ᠤ ᠣᠨᠴᠠᠯᠢᠭ ᠲᠤ ᠳᠣᠭᠢᠷᠬᠠᠰᠠᠨ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠮᠡᠳᠡᠭᠡ ᠵᠠᠩᠭᠢ ᠶᠢᠨ ᠪᠦᠲᠦᠭᠡᠭᠳᠡᠬᠦᠨ ᠪᠠ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠬᠡᠷᠡᠭᠯᠡᠭᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠲᠣᠭᠠᠴᠢᠯᠠᠭᠰᠠᠨ ᠠᠮᠢᠳᠤᠷᠠᠯ ᠢ ᠪᠣᠶ ᠪᠣᠯᠭᠠᠨ᠎ᠠ᠃      ᠲᠤᠰᠬᠠᠶ ᠪᠤᠯᠤᠩ 4᠄ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ      1. ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠠᠴᠢᠯᠠᠬᠤ ᠢᠨᠵᠧᠨᠧᠷᠢᠩ      ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠵᠦ᠂ ᠪᠦᠬᠦ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠮᠡᠳᠡᠭᠡ ᠵᠠᠩᠭᠢ ᠶᠢᠨ ︽ ᠬᠤᠷᠢᠶᠠᠩᠭᠤᠢ ᠵᠢᠷᠤᠭ︾ ᠢ ᠪᠣᠶ ᠪᠣᠯᠭᠠᠨ᠎ᠠ᠃ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢ ᠲᠠᠷᠢᠶᠠᠯᠠᠩ ᠮᠠᠯ ᠠᠵᠤ ᠠᠬᠤᠶ ᠳᠤ ᠨᠥᠬᠦᠪᠥᠷᠢ ᠣᠯᠭᠤᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ᠂ ᠲᠠᠷᠢᠶᠠᠯᠠᠩ ᠤᠨ ᠳᠠᠭᠠᠳᠬᠠᠯ ᠵᠡᠷᠭᠡ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠭᠰᠠᠨ ᠦᠷ᠎ᠡ ᠪᠦᠲᠦᠭᠡᠯ ᠤᠨ ᠮᠡᠳᠡᠭᠡ ᠵᠠᠩᠭᠢ ᠶᠢᠨ ᠬᠡᠷᠡᠭᠯᠡᠯᠲᠡ ᠶᠢ ᠠᠬᠢᠭᠤᠯᠤᠨ᠎ᠠ᠃      2. ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠲᠣᠭᠠᠴᠢᠯᠠᠬᠤ ᠢᠨᠵᠧᠨᠧᠷᠢᠩ      ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠵᠤ᠂ ᠬᠠᠮᠲᠤ ᠶᠢᠨ ᠡᠳ᠋ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂ ᠰᠢᠢᠳᠪᠦᠷᠢᠯᠡᠬᠦ ᠵᠡᠷᠭᠡ ᠬᠠᠮᠢᠶᠠᠷᠤᠯᠲᠠ ᠶᠢᠨ ᠡᠯᠧᠺᠲᠷᠣᠨ ᠡᠬᠡ ᠲᠠᠩᠰᠠ ᠶᠢ ᠪᠠᠶᠢᠭᠤᠯᠵᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠶᠢᠨ ᠡᠳ᠋ ᠬᠥᠷᠥᠩᠭᠡ ᠶᠢ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠰᠢᠢᠳᠪᠦᠷᠢᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠡᠷᠭᠢᠯᠳᠦᠭᠦᠯᠬᠦ ᠪᠠ ᠠᠷᠠᠯᠵᠢᠶᠠᠯᠠᠬᠤ ᠶᠢ ᠬᠥᠲᠥᠯᠦᠨ ᠵᠢᠯᠣᠭᠤᠳᠴᠤ᠂ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠠᠰᠢᠭᠯᠠᠬᠤ ᠪᠠ ᠬᠠᠮᠲᠤ ᠳᠤ ᠪᠠᠨ ᠭᠥᠷᠳᠡᠬᠦ ᠪᠠᠷᠢᠮᠵᠢᠶ᠎ᠠ ᠶᠢ ᠵᠢᠷᠤᠮᠵᠢᠭᠤᠯᠤᠨ᠎ᠠ᠃      ᠲᠠᠪᠤᠳᠤᠭᠠᠷ ᠬᠡᠰᠡᠭ    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠡᠷᠴᠢᠮᠵᠢᠭᠦᠯᠦᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠴᠢᠩᠭᠠᠳᠬᠠᠨ᠎ᠠ᠃ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠰᠢᠭᠤᠯᠵᠤ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠠᠭᠠᠭ ᠠᠯᠤᠰᠯᠠᠭᠰᠠᠨ ᠰᠣᠯᠪᠢᠴᠠᠭᠰᠠᠨ ᠬᠦᠷᠢᠶ᠎ᠡ ᠴᠠᠷᠠᠭᠠᠨ ᠳᠠᠬᠢ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠮᠡᠷᠭᠡᠵᠢᠯ ᠤᠨ ᠰᠤᠳᠤᠯᠤᠨ ᠨᠡᠭᠡᠭᠡᠬᠦ ᠳᠤ ︽ᠵᠠᠷᠯᠠᠨ ᠮᠠᠩᠯᠠᠶᠢᠯᠠᠭᠤᠯᠬᠤ︾᠂ ︽ᠮᠣᠷᠢ ᠤᠷᠤᠯᠳᠤᠬᠤ︾ ᠵᠡᠷᠭᠡ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠠᠵᠤ ᠦᠢᠯᠡᠰ ᠡᠷᠳᠡᠮ ᠰᠢᠨᠵᠢᠯᠡᠭᠡᠨ ᠰᠤᠳᠤᠯᠤᠯ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ᠎ᠠ᠃ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠶᠤᠨᠴᠢ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ ᠭᠤᠤᠯᠳᠠᠯᠭ᠎ᠠ ᠲᠠᠢ ᠠᠬᠢᠭᠤᠯᠵᠤ᠂ ᠬᠠᠮᠢᠶ᠎ᠠ ᠪᠥᠬᠦᠶ ᠬᠦᠷᠢᠶ᠎ᠡ ᠴᠠᠷᠠᠭᠠᠨ ᠤ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠪᠠᠷᠢᠮᠵᠢᠶ᠎ᠠ ᠬᠢᠭᠡᠳ ᠨᠡᠶᠢᠳᠡᠮ ᠬᠡᠷᠡᠭᠯᠡᠬᠦ ᠮᠡᠷᠭᠡᠵᠢᠯ ᠤᠨ ᠵᠢᠷᠤᠮᠵᠢᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠠᠬᠢᠭᠤᠯᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ ᠵᠢᠯᠣᠭᠤᠳᠣᠯᠭ᠎ᠠ ᠶᠢ ᠴᠢᠩᠭᠠᠳᠬᠠᠨ᠂ ᠮᠡᠳᠡᠭᠡ ᠵᠠᠩᠭᠢ ᠶᠢᠨ ᠮᠡᠷᠭᠡᠵᠢᠯ ᠤᠨ ᠪᠦᠲᠦᠭᠡᠭᠳᠡᠬᠦᠨ ᠢ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠬᠡᠪᠴᠢᠶᠡᠨ ᠳᠤ ᠣᠷᠣᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠡᠯ᠎ᠡ ᠲᠥᠷᠥᠯ ᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ ᠃      ᠵᠠᠩᠭᠢᠯᠭ᠎ᠠ ᠶᠢᠨ ᠭᠤᠣᠯ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠡᠮᠡᠭᠳᠡᠭᠦᠯᠦᠨ᠎ᠡ ᠃ ᠦᠵᠦ ᠲᠦᠯᠦᠪᠯᠡᠭᠡ ᠶᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠬᠢᠵᠢᠯᠲᠠ ᠶᠢᠨ ᠮᠡᠷᠭᠡᠵᠢᠯ ᠤᠨ ᠪᠤᠭᠤᠮᠲᠠ ᠰᠢᠪᠲᠤᠯᠬᠤ ᠵᠠᠮ ᠱᠤᠭᠤᠮ ᠤᠨ ᠵᠢᠷᠤᠭ ᠢ ᠲᠣᠭᠲᠠᠭᠠᠨ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠲᠠᠨ ᠤᠷᠭᠤᠮᠠᠯ ᠤᠨ ᠦᠰᠦᠯᠲᠡ ᠶᠢᠨ ᠮᠡᠳᠡᠭᠡ ᠵᠠᠩᠭᠢ ᠶᠢ ᠣᠯᠬᠤ ᠵᠢᠴᠢ ᠦᠢᠯᠡᠳᠪᠦᠷᠢᠯᠡᠯ ᠢ ᠲᠣᠬᠢᠷᠠᠭᠤᠯᠤᠨ ᠡᠵᠡᠮᠳᠡᠬᠦ ᠵᠢᠮ᠎ᠡ ᠶᠤᠰᠤ ᠶᠢᠨ ᠵᠠᠭᠪᠤᠷ᠂ ᠮᠠᠯ ᠠᠵᠤ ᠠᠬᠤᠢ ᠶᠢᠨ ᠵᠣᠬᠢᠶᠠᠮᠠᠯ ᠤᠶᠤᠨ ᠴᠢᠳᠠᠪᠤᠷᠢ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠲᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠦᠮᠦᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠵᠢᠯᠣᠭᠤᠴᠢ ᠦᠭᠡᠢ ᠮᠠᠰᠢᠨ ᠤ ᠤᠶᠤᠨᠴᠢᠯᠠᠭᠰᠠᠨ ᠬᠤᠷᠠᠮᠠᠯ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠠᠬᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠶᠠᠨ ᠴᠢᠨᠠᠷᠲᠠᠢ ᠡᠳ᠋ᠰᠢᠭᠦᠯᠬᠦ᠂ ᠣᠷᠣᠨ ᠬᠡᠰᠡᠭ ᠤᠨ ᠬᠡᠯᠬᠢᠶᠡᠰᠦ + ᠲᠠᠷᠢᠶᠠᠯᠠᠩ ᠮᠠᠯ ᠠᠵᠤ ᠠᠬᠤᠢ᠂ ᠵᠣᠬᠢᠶᠠᠮᠠᠯ ᠣᠶᠤᠨᠴᠢ ᠲᠠᠷᠢᠶᠠᠯᠠᠩ ᠮᠠᠯ ᠠᠵᠤ ᠠᠬᠤᠢ᠂ 5G + ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠮᠡᠷᠭᠡᠵᠢᠯ ᠤᠨ ᠰᠤᠳᠤᠯᠭᠠᠨ ᠪᠠ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠣᠷᠣᠨ ᠬᠡᠰᠡᠭ ᠤᠨ ᠬᠡᠯᠬᠢᠶᠡᠰᠦ ᠶᠢᠨ ᠮᠡᠷᠭᠡᠵᠢᠯ ᠢ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠢᠨᠠᠨ ᠰᠢᠨᠵᠢᠬᠦ᠂ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠳᠠᠭᠠᠳᠬᠠᠯ ᠵᠡᠷᠭᠡ ᠲᠠᠯ᠎ᠠ ᠪᠠᠷ ᠰᠢᠨ᠎ᠡ ᠶᠢ ᠡᠭᠦᠳᠦᠨ ᠬᠡᠷᠡᠭᠯᠡᠬᠦ ᠶᠢ ᠠᠬᠢᠭᠤᠯᠤᠨ᠎ᠠ᠃      ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠢᠰᠲ᠋ᠧᠮᠵᠢ ᠶᠢ ᠪᠣᠵᠠᠭᠠᠶᠢᠷᠠᠭᠤᠯᠤᠨ᠎ᠠ ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠭᠡᠨ ᠠᠬᠢᠭᠤᠯᠤᠨ᠎ᠠ᠃ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠠᠷᠢᠮᠵᠢᠶ᠎ᠠ ᠶᠢᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠦᠨ᠂ ᠪᠠᠷᠢᠮᠵᠢᠶ᠎ᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠨᠢᠭᠡᠳᠦᠯᠲᠡᠶ᠂ ᠠᠭᠤᠰᠤᠯᠴᠠᠭᠰᠠᠨ᠂ ᠨᠡᠭᠡᠭᠡᠯᠲᠡ ᠲᠠᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠪᠦᠯᠦᠭ ᠭᠤᠤᠯᠯᠠᠬᠤ ᠮᠡᠷᠭᠡᠵᠢᠯ ᠢ ᠡᠵᠡᠮᠰᠢᠭᠰᠡᠨ᠂ ᠰᠢᠨ᠎ᠡ ᠶᠢ ᠡᠭᠦᠳᠬᠦ ᠴᠢᠳᠠᠪᠤᠷᠢ ᠪᠠᠷ ᠲᠣᠪᠤᠶᠢᠮ᠎ᠠ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠷ ᠴᠢᠩᠭ᠎ᠠ᠂ ᠳᠠᠶᠢᠴᠢᠯᠠᠬᠤ ᠦᠢᠯᠡᠳᠦᠯ ᠢᠶᠠᠷ ᠢᠯᠡᠷᠬᠡᠶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠤᠨ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢ ᠲᠦᠷᠭᠡᠳᠬᠡᠨ ᠪᠤᠶᠢᠵᠢᠭᠤᠯᠵᠤ᠂ ᠣᠶᠤᠨᠴᠢ ᠲᠠᠷᠢᠶᠠᠯᠠᠩ ᠤᠨ ᠲᠣᠨᠣᠭᠯᠠᠯ ᠪᠣᠯᠤᠨ ᠵᠥᠭᠡᠯᠡᠨ ᠲᠣᠨᠣᠭᠯᠠᠯ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠨᠢ ᠲᠡᠭᠦᠯᠳᠡᠷ᠂ ᠲᠤᠰᠬᠠᠶ ᠠᠵᠢᠯ ᠤᠨ ᠬᠠᠮᠵᠢᠯᠴᠠᠬᠤ ᠲᠣᠭᠲᠠᠴᠠ ᠨᠢ ᠲᠡᠭᠦᠯᠳᠡᠷᠵᠢᠭᠰᠡᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠲᠥᠪᠯᠡᠷᠡᠯ ᠪᠣᠯᠤᠨ ᠨᠡᠶᠢᠭᠡᠮᠴᠢᠯᠡᠭᠰᠡᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠴᠢᠯᠠᠯᠲᠠ ᠶᠢᠨ ᠡᠯ᠎ᠡ ᠲᠥᠷᠥᠯ ᠤᠨ ᠦᠵᠡᠰᠬᠦᠯᠡᠩ ᠤᠨ ᠴᠤᠭᠯᠠᠭᠠᠨ᠂ ᠶᠠᠷᠢᠶᠠᠨ ᠤ ᠲᠠᠪᠴᠠᠩ ᠡᠷᠬᠢᠯᠡᠬᠦ ᠶᠢ ᠵᠣᠷᠢᠭᠵᠢᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠎ᠠ ᠃      ᠳᠥᠷᠪᠡᠳᠦᠭᠡᠷ ᠪᠦᠯᠦᠭ    ᠪᠠᠳᠤᠯᠠᠭᠠᠨ ᠤ ᠠᠷᠭ᠎ᠠ ᠬᠡᠮᠵᠢᠶ᠎ᠡ      ᠨᠢᠭᠡᠳᠦᠭᠡᠷ ᠬᠡᠰᠡᠭ    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢᠨ ᠪᠣᠷᠣ ᠲᠥᠯᠥᠪ ᠤᠨ ᠳᠣᠤᠷ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠠᠰᠠᠭᠤᠳᠠᠯ ᠪᠠ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠰᠤᠳᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠮᠥᠷᠳᠡᠨ ᠱᠠᠯᠠᠪᠳᠠᠭᠤᠯᠤᠨ᠎ᠠ ᠃ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ ᠪᠠᠷᠢᠯᠭ᠎ᠠ ᠶᠢᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠭᠠᠴᠢᠯᠠᠭᠰᠠᠨ ᠣᠨᠣᠯᠵᠢᠬᠤᠨ ᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠪᠥᠬᠦ ᠶᠠᠪᠤᠴᠠ ᠳᠤ ᠠᠭᠤᠰᠤᠯᠴᠠᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠥᠴᠢᠷ ᠤᠨ ᠴᠢᠬᠤᠯᠠᠴᠢᠯᠠᠨ ᠳᠡᠮᠵᠢᠬᠦ ᠶᠢ ᠴᠢᠷᠮᠠᠶᠢᠨ ᠣᠯᠵᠤ᠂ ᠡᠯ᠎ᠡ ᠲᠥᠷᠥᠯ ᠤᠨ ᠨᠡᠶᠢᠭᠡᠮ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠥᠷᠭᠡᠨ ᠢᠶᠠᠷ ᠣᠷᠣᠯᠴᠠᠭᠤᠯᠵᠤ᠂ ᠠᠬᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠨ᠎ᠠ ᠃ ᠠᠵᠢᠯ ᠤᠨ ᠶᠠᠪᠤᠴᠠ ᠶᠢᠨ ᠲᠣᠭᠠᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃      ᠬᠤᠶᠠᠳᠤᠭᠠᠷ ᠬᠡᠰᠡᠭ    ᠲᠥᠷᠥ ᠶᠢᠨ ᠪᠣᠳᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ      ᠲᠠᠷᠢᠶᠠᠯᠠᠩ ᠮᠠᠯ ᠠᠵᠤ ᠠᠬᠤᠶ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠪᠣᠯᠭᠠᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠵᠢᠭᠡᠯᠡᠯᠭᠡ ᠶᠢᠨ ᠳᠠᠮ ᠬᠦᠦ ᠥᠭᠬᠦ ᠵᠡᠷᠭᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠨᠡᠶᠢᠭᠡᠮ ᠤᠨ ᠬᠦᠴᠦᠨ ᠢ ᠲᠡᠳᠡᠨ ᠠᠪᠴᠢᠷᠠᠵᠤ ᠥᠷᠭᠡᠨ ᠢᠶᠠᠷ ᠣᠷᠣᠯᠴᠠᠭᠤᠯᠵᠤ᠂ ᠪᠠᠯᠠ ᠣᠷᠣᠭᠤᠯᠤᠯᠲᠠ ᠪᠠᠷ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠠᠶᠤᠯ ᠲᠦᠭᠰᠢᠭᠦᠷᠢ ᠶᠢᠨ ᠨᠥᠬᠦᠪᠥᠷᠢ ᠥᠭᠬᠦ᠂ ᠡᠳ᠋ ᠤᠨ ᠵᠠᠰᠠᠭ ᠳᠠᠮ ᠬᠦᠦ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ᠂ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠴᠢᠬᠤᠯᠠ ᠶᠡᠭᠡ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠤᠷᠢᠳᠠᠪᠠᠷ ᠳᠣᠭᠢᠷᠠᠭᠤᠯᠵᠤ᠂ ᠨᠥᠬᠦᠴᠡᠯ ᠳᠤ ᠨᠡᠶᠢᠴᠡᠬᠦ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠲᠥᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠶ ᠶᠢᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠲᠥᠬᠦᠭᠡᠷᠦᠮᠵᠢ ᠳᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠨᠥᠬᠦᠪᠥᠷᠢ ᠣᠯᠭᠤᠨ᠎ᠠ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠶᠢ ᠠᠬᠢᠭᠤᠯᠵᠤ᠂ ᠮᠡᠳᠡᠭᠡ ᠵᠠᠩᠭᠢ ᠶᠢᠨ ᠰᠢᠰᠲ᠋ᠧᠮ ᠪᠠ ᠲᠠᠷᠢᠶᠠᠯᠠᠩ ᠮᠠᠯ ᠠᠵᠤ ᠠᠬᠤᠢ ᠶᠢᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠲᠢᠭᠯᠡᠵᠦ ᠠᠰᠢᠭᠯᠠᠬᠤ ᠶᠢ ᠲᠦᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠴᠠᠷᠠᠭᠠᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠬᠠᠮᠢᠶᠠᠷᠤᠯᠲᠠ ᠦᠢᠯᠡᠴᠢᠯᠡᠭᠡᠨ ᠤ ᠶᠠᠪᠤᠴᠠ ᠢ ᠰᠢᠯᠢᠳᠡᠭᠵᠢᠭᠦᠯᠦᠨ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠭᠠᠵᠠᠷ ᠰᠢᠷᠣᠶ᠂ ᠪᠠᠯᠠ ᠮᠥᠩᠭᠦ᠂ ᠮᠡᠳᠡᠭᠡ ᠵᠠᠩᠭᠢ ᠶᠢᠨ ᠳᠡᠮᠵᠢᠯᠭᠡ ᠶᠢ ᠴᠢᠩᠭᠠᠷᠠᠭᠤᠯᠤᠨ᠂ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ᠂ ᠰᠲ᠋ᠣᠺ ᠤᠨ ᠡᠷᠬᠡ ︵ᠠᠵᠤ ᠦᠢᠯᠡᠰ︶ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠲᠣᠭᠠᠴᠢᠯᠠᠭᠰᠠᠨ ᠠᠵᠤ ᠦᠢᠯᠡᠰᠴᠢᠯᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠳᠠᠮᠵᠢᠨ ᠪᠤᠶᠢᠵᠢᠭᠤᠯᠤᠨ ᠪᠤᠵᠠᠭᠠᠶᠢᠷᠠᠭᠤᠯᠤᠨ᠎ᠠ᠃      ᠭᠤᠷᠪᠠᠳᠤᠭᠠᠷ ᠬᠡᠰᠡᠭ    ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ      ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠲᠤᠰᠬᠠᠶ ᠮᠡᠷᠭᠡᠵᠢᠯᠲᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠯᠠᠪᠯᠠᠯᠭ᠎ᠠ ᠶᠢᠨ ᠳᠦᠷᠢᠮ ᠢ ᠪᠠᠶᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠵᠢᠯᠣᠭᠤᠳᠤᠯᠭ᠎ᠠ ᠪᠠᠨ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠢᠨᠵᠧᠨᠧᠷᠢᠩ ᠢ ᠬᠡᠷᠡᠭᠵᠢᠭᠦᠯᠬᠦ ᠳᠤ ᠣᠶᠤᠨ ᠤ ᠳᠡᠮᠵᠢᠯᠭᠡ ᠬᠠᠩᠭᠠᠨ᠎ᠠ ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠠᠶᠢᠭᠤᠯᠤᠨ᠎ᠠ ᠃ ᠣᠷᠣᠨ ᠤ ᠳᠣᠲᠣᠷᠠᠬᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠪᠠ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡᠨ ᠤ ᠳᠠᠭᠠᠭᠤᠯᠤᠭᠴᠢ ᠶᠢᠨ ᠴᠢᠳᠠᠪᠤᠷᠢᠲᠠᠨ᠂ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠳᠡᠭᠡᠳᠦ ᠲᠠᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠦᠨ᠎ᠡ᠃ ᠲᠣᠭᠠᠴᠢᠯᠠᠭᠰᠠᠨ ᠳᠡᠷᠢᠶᠡᠯᠡᠩ ᠮᠠᠯ ᠠᠵᠦ ᠠᠬᠤᠢ ᠶᠢᠨ ᠬᠦᠷᠢᠶ᠎ᠡ ᠴᠡᠷᠠᠭ᠎ᠠ ᠶᠢᠨ ᠪᠤᠯᠪᠠᠰᠣᠷᠡᠯ ᠢ ᠴᠢᠩᠭᠠᠳᠬᠠᠵᠦ᠂ ᠲᠣᠭᠠᠴᠢᠯᠠᠭᠰᠠᠨ ᠳᠡᠷᠢᠶᠡᠯᠡᠩ ᠮᠠᠯ ᠠᠵᠦ ᠠᠬᠤᠢ ᠮᠠᠯᠵᠢᠬᠤ ᠳᠡᠷᠢᠶᠡᠯᠠᠬᠤ ᠣᠷᠣᠨ ᠤ ᠬᠦᠳᠡᠭᠡ ᠪᠠᠭᠤᠯᠭᠠᠬᠤ ᠠᠵᠢᠯᠯᠠᠭ᠎ᠠ ᠶᠢ ᠦᠷᠨᠢᠬᠦᠯᠥᠨ᠂ ᠣᠯᠡᠨ ᠭᠡᠯᠪᠡᠷᠢ᠂ ᠣᠯᠡᠨ ᠵᠠᠮ ᠮᠦᠷ ᠢᠶᠠᠷ ᠣᠳᠣ ᠦᠶ᠎ᠠ ᠶᠢᠨ ᠮᠡᠳᠡᠭᠡ ᠵᠠᠩᠬᠢ ᠶᠢᠨ ᠮᠡᠷᠭᠡᠵᠢᠯ ᠭᠡᠷᠡᠭᠯᠡᠬᠦ ᠴᠢᠳᠡᠪᠦᠷᠢ ᠶᠢᠨ ᠪᠤᠯᠪᠠᠰᠣᠷᠡᠯ ᠤᠨ ᠠᠵᠢᠯ ᠢ ᠦᠷᠨᠢᠬᠦᠯᠵᠦ᠂ ︽ᠮᠠᠯ ᠠᠵᠦ ᠠᠬᠤᠢ ᠳᠡᠷᠢᠶᠡᠯᠡᠩ ᠮᠠᠯᠵᠢᠬᠤ ᠳᠡᠷᠢᠶᠡᠯᠠᠬᠤ ᠣᠷᠣᠨ ᠮᠠᠯᠴᠢᠨ ᠳᠡᠷᠢᠶᠡᠴᠢᠨ︾ ᠤ ᠺᠠᠳ᠋ᠷ᠂ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠣᠠᠠᠴᠠ᠂ ᠦᠨᠳᠣᠷ ᠬᠡᠪ ᠴᠢᠨᠠᠷ ᠲᠠᠢ ᠮᠠᠯᠴᠢᠨ ᠳᠡᠷᠢᠶᠡᠴᠢᠨ ᠤ ᠮᠡᠷᠭᠡᠵᠢᠯ ᠤᠨ ᠭᠡᠷᠡᠭᠯᠡᠯᠳᠡ ᠪᠠ ᠬᠠᠮᠢᠶᠡᠷᠦᠯᠳᠡ ᠶᠢᠨ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠤᠷᠮᠠᠰᠢᠭᠤᠯᠬᠤ ᠲᠣᠭᠲᠠᠴᠠ ᠶᠢ ᠴᠢᠩᠭᠠᠷᠠᠭᠤᠯᠤᠨ᠂ ᠵᠠᠩᠭᠢᠯᠠᠭ᠎ᠠ ᠶᠢᠨ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠎ᠠ᠃      ᠳᠥᠷᠪᠡᠳᠦᠭᠡᠷ ᠬᠡᠰᠡᠭ     ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ      ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠷᠠᠯᠵᠢᠶ᠎ᠠ ᠶᠢᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠬᠠᠤᠯᠢ ᠲᠣᠭᠲᠠᠭᠠᠬᠤ ᠶᠢ ᠰᠦᠪᠡᠭᠴᠢᠯᠡᠨ᠎ᠡ ᠃ ᠠᠩᠬᠠᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠤᠷᠢᠶᠠᠩᠭᠤᠶᠢᠯᠠᠬᠤ᠂ ᠬᠠᠮᠢᠶᠠᠷᠬᠤ ᠪᠠ ᠬᠡᠷᠡᠭᠯᠡᠬᠦ ᠶᠠᠪᠤᠴᠠ ᠳᠠᠬᠢ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ᠂ ᠡᠭᠦᠯᠡᠨ ᠲᠠᠪᠴᠠᠩ ᠤᠨ ᠠᠮᠤᠷ ᠲᠦᠪᠰᠢᠨ ᠤ ᠬᠠᠮᠢᠶᠠᠷᠤᠯᠲᠠ ᠪᠠ ᠰᠦᠯᠵᠢᠶᠡᠨ ᠤ ᠣᠷᠣᠨ ᠵᠠᠶ ᠶᠢᠨ ᠪᠣᠳᠠᠲᠤ ᠴᠣᠭᠴᠠ ᠶᠢᠨ ᠪᠡᠶ᠎ᠡ ᠬᠡᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠶᠢᠴᠠᠭᠠᠯᠲᠠ᠂ ᠵᠡᠷᠭᠡ ᠳᠡᠰ ᠤᠨ ᠦᠨᠡᠯᠡᠯᠲᠡ ᠪᠠ ᠠᠶᠤᠯ ᠲᠦᠭᠰᠢᠭᠦᠷᠢ ᠶᠢᠨ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠨᠢᠭᠤᠴᠠ ᠮᠡᠳᠡᠭᠡ ᠶᠢ ᠬᠠᠮᠲᠤᠪᠠᠷ ᠡᠳ᠋ᠯᠡᠬᠦ᠂ ᠰᠤᠳᠤᠯᠤᠨ ᠮᠠᠭᠠᠳᠯᠠᠵᠤ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ᠃ ᠰᠦᠯᠵᠢᠶ᠎ᠡ ᠪᠠᠷ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠨᠠᠵᠠᠭᠠᠢ ᠰᠣᠶᠣᠯ ᠤᠨ ᠲᠣᠣᠷ ᠰᠦᠯᠵᠢᠶ᠎ᠡ ᠪᠠᠷ ᠤᠯᠠᠮᠵᠢᠯᠠᠬᠤ ᠶᠢ ᠬᠤᠷᠢᠭᠯᠠᠨ᠎ᠠ ᠃ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠶᠢᠳᠠᠯ ᠤᠨ ᠮᠡᠳᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠨ᠎ᠠ᠃ ᠢᠨᠲ᠋ᠧᠷ ᠰᠦᠯᠵᠢᠶᠡᠨ ᠤ ᠲᠠᠪᠴᠠᠩ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠨᠲ᠋ᠧᠷ ᠰᠦᠯᠵᠢᠶᠡᠨ ᠤ ᠲᠠᠪᠴᠠᠩ ᠢ ᠬᠥᠲᠥᠯᠥᠨ ᠵᠢᠯᠣᠭᠤᠳᠴᠤ ᠪᠠᠶᠢᠭᠠᠳ ᠳᠣᠲᠣᠭᠠᠳᠤ ᠶᠢᠨ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ ᠪᠠ ᠵᠢᠷᠤᠮᠵᠢᠭᠰᠠᠨ ᠡᠵᠡᠩᠨᠡᠯᠲᠡ ᠶᠢ ᠴᠢᠩᠭᠠᠳᠬᠠᠨ᠎ᠠ᠃      ᠲᠠᠪᠤᠳᠤᠭᠠᠷ ᠬᠡᠰᠡᠭ    ᠬᠢᠨᠠᠨ ᠬᠡᠮᠵᠢᠵᠦ ᠦᠨᠡᠯᠡᠬᠦ ᠠᠵᠢᠯ ᠢ ᠲᠡᠭᠦᠯᠳᠡᠷᠵᠢᠭᠦᠯᠦᠨ᠎ᠡ      ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠬᠡᠮᠵᠢᠬᠦ᠂ ᠦᠷ᠎ᠡ ᠪᠦᠲᠦᠮᠵᠢ ᠶᠢ ᠵᠠᠳᠠᠯᠬᠤ ᠶᠢ ᠴᠢᠩᠭᠠᠳᠬᠠᠵᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠬᠦ ᠠᠵᠢᠯ ᠢ ᠥᠷᠨᠢᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ ᠂ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠶᠢ ᠠᠬᠢᠭᠤᠯᠤᠨ᠎ᠠ ᠃ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠶᠢ ᠰᠢᠮᠳᠠᠭᠤᠯᠤᠨ ᠪᠠᠶᠢᠴᠠᠭᠠᠬᠤ ᠪᠠ ᠭᠤᠷᠪᠠᠳᠠᠬᠢ ᠡᠲᠡᠭᠡᠳ ᠤᠨ ᠦᠨᠡᠯᠡᠯᠲᠡ ᠬᠢᠬᠦ ᠲᠣᠭᠲᠠᠴᠠ ᠶᠢ ᠪᠠᠶᠢᠭᠤᠯᠤᠨ᠂ ᠲᠥᠯᠥᠪᠵᠢᠭᠦᠯᠭᠡ ᠶᠢᠨ ᠭᠤᠤᠯ ᠵᠢᠱᠢᠭᠰᠡᠨ ᠴᠢᠨᠠᠷᠲᠠᠶ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠮᠥᠷᠳᠡᠨ ᠬᠢᠨᠠᠨ ᠬᠡᠮᠵᠢᠬᠦ ᠶᠢ ᠴᠢᠩᠭᠠᠳᠬᠠᠵᠤ᠂ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠳ᠋ᠦᠩᠨᠡᠯᠲᠡ ᠬᠢᠬᠦ ᠠᠵᠢᠯ ᠢ ᠥᠷᠨᠢᠭᠦᠯᠦᠨ᠎ᠡ᠃ ᠳᠡᠷᠢᠶᠡᠯᠡᠩ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠮᠡᠳᠡᠭᠡ ᠵᠠᠩᠬᠢᠵᠢᠯᠳᠡ ᠶᠢᠨ ᠨᠣᠷᠮ᠎ᠠ ᠶᠢᠨ ᠬᠦᠢᠴᠡᠳᠭᠡᠯ ᠲᠤᠭ᠎ᠠ ᠶᠢ ᠪᠠᠶᠢᠭᠤᠯᠬᠤ ᠶᠢᠨ ᠬᠠᠮᠳᠣ ᠬᠢᠨᠡᠨ ᠰᠢᠨᠵᠢᠬᠦ ᠶᠢ ᠦᠷᠨᠢᠬᠦᠯᠵᠦ᠂ ᠲᠣᠭᠠᠴᠢᠯᠠᠭᠰᠠᠨ ᠦᠪᠤᠷ ᠮᠣᠩᠭᠤᠯ ᠤᠨ ᠦᠨᠡᠯᠡᠯᠳᠡ ᠶᠢᠨ ᠬᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠦ ᠶᠡᠷᠦᠩᠭᠡᠶᠢᠯᠡᠨ ᠰᠢᠯᠭᠠᠨ ᠦᠨᠡᠯᠡᠬᠦ ᠶᠢ ᠠᠬᠢᠭᠤᠯᠥᠨ᠎ᠠ᠃ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠬᠢᠷᠢ ᠬᠡᠮᠵᠢᠶ᠎ᠡ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠦᠨᠡᠯᠡᠬᠦ ᠭᠦᠢᠴᠡᠳᠬᠡᠬᠦ ᠲᠤᠭ᠎ᠠ ᠶᠢ ᠲᠡᠭᠦᠯᠳᠡᠷᠵᠢᠭᠦᠯᠦᠨ᠂ ᠡᠯ᠎ᠡ ᠠᠶᠢᠮᠠᠭ ᠬᠤᠲᠠ ᠶᠢᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠬᠢᠷᠢ ᠬᠡᠮᠵᠢᠶ᠎ᠡ ᠶᠢ ᠬᠢᠨᠠᠨ ᠬᠡᠮᠵᠢᠵᠦ ᠦᠨᠡᠯᠡᠨ ᠵᠢᠱᠢᠵᠦ᠂ ︽ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠮᠡᠳᠡᠭᠦᠯᠦᠯᠲᠡ︾ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠂ ᠡᠯ᠎ᠡ ᠠᠶᠢᠮᠠᠭ ᠬᠤᠲᠠ ᠶᠢ ᠬᠥᠲᠥᠯᠥᠨ ᠵᠢᠯᠣᠭᠤᠳᠴᠤ ᠪᠠᠶᠢᠭᠠᠳ ᠬᠥᠭᠵᠢᠯᠲᠡ ᠪᠠᠨ ᠲᠦᠷᠭᠡᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号