ᠰᠢ ᠶᠢᠨ ᠫᠢᠩ ᠶᠡᠷᠦᠩᠬᠡᠢ ᠱᠦᠵᠢ ᠶᠢᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠦᠨᠡᠨᠬᠦ ᠦᠷ᠎ᠡ ᠪᠦᠲᠦᠮᠵᠢ ᠭᠠᠷᠭᠠᠬᠤ ᠪᠠ ᠮᠠᠨ ᠤ ᠣᠷᠣᠨ ᠳᠤ ᠢᠷᠡᠵᠦ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠣᠷᠣᠨ ᠤ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠡᠭᠦᠯᠳᠡᠷ | ᠬᠠᠮᠠᠭᠠᠯᠠᠬᠤ᠂ ᠡᠭᠦᠯᠳᠡᠷ ᠪᠣᠶᠢᠵᠢᠭᠤᠯᠬᠤ᠂ ᠡᠭᠦᠯᠳᠡᠷ ᠦᠢᠯᠡᠳᠬᠦ᠂ ᠡᠭᠦᠯᠳᠡᠷ ᠬᠡᠷᠡᠭᠯᠡᠬᠦ︾ ᠳᠥᠷᠪᠡᠨ | ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠵᠤ᠂ ︽ᠲᠠᠷᠢᠶ᠎ᠠ᠂ ᠤᠰᠤ᠂ ᠡᠭᠦᠯᠳᠡᠷ᠂ ᠠᠮᠤ ᠪᠤᠳᠠᠭ᠎ᠠ᠂ ᠮᠢᠬ᠎ᠠ᠂ | ᠰᠦ︾ ᠵᠡᠷᠭᠡ ᠵᠢᠷᠭᠤᠭᠠᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠷ᠎ᠡ ᠶᠢᠨ ᠦᠢᠯᠡᠰ ᠤᠨ ᠠᠵᠢᠯ ᠤᠨ ᠪᠣᠳᠠᠲᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ | ᠬᠦᠴᠢᠷᠳᠡᠯ ᠤᠨ ᠪᠣᠭᠤᠮᠢ ᠶᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ | ᠠᠵᠤ ᠠᠬᠤᠶᠢᠯᠠᠯ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠮᠠᠯᠵᠢᠬᠤ ᠲᠠᠷᠢᠶᠠᠯᠠᠬᠤ ᠡᠷᠦᠬᠡ ᠶᠢᠨ ᠵᠤᠯᠭᠠᠯᠴᠠᠭ᠎ᠠ ᠶᠢ | ᠰᠢᠯᠤᠭᠤᠳᠬᠠᠨ ᠂ ᠬᠠᠮᠳᠤᠷᠠᠯᠴᠠᠭ᠎ᠠ ᠶᠢ ᠨᠢᠭᠳᠠᠷᠠᠭᠤᠯᠵᠤ ᠂ ᠦᠷ᠎ᠡ ᠶᠢᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ | ᠭᠤᠭᠴᠤᠭ᠎ᠠ ᠶᠢ ᠨᠢᠭᠲᠠᠷᠠᠭᠤᠯᠤᠨ ᠪᠥᠬᠦ ᠬᠡᠯᠬᠢᠶ᠎ᠡ ᠪᠠᠷ ᠬᠥᠭᠵᠢᠭᠦᠯᠬᠦ ᠶᠢ ᠠᠬᠢᠭᠤᠯᠵᠤ᠂ ᠨᠠᠩ ᠣᠯᠠᠨ ᠰᠢᠯᠢᠳᠡᠭ | ᠡᠭᠦᠯᠳᠡᠷ ᠢ ᠪᠣᠶᠢᠵᠢᠭᠤᠯᠤᠨ ᠦᠷᠡᠵᠢᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2023﹈ 68 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠪᠠ᠃ ᠡᠯ᠎ᠡ ᠱᠠᠲᠤᠨ ᠤ ᠰᠠᠯᠠᠭ᠎ᠠ ᠮᠥᠴᠢᠷ᠂ | ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ | ᠭᠦᠨᠵᠡᠭᠡᠢ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ | ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ | ᠦᠷ᠎ᠡ ᠶᠢᠨ ᠦᠢᠯᠡᠰ ᠪᠣᠯ ᠲᠠᠷᠢᠶᠠᠯᠠᠩ ᠮᠠᠯ ᠠᠵᠤ ᠠᠬᠤᠢ ᠶᠢᠨ ︽ᠴᠢᠫ︾ ᠮᠥᠨ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠭᠤᠣᠯᠯᠠᠬᠤ ᠠᠵᠤ ᠦᠢᠯᠡᠰ ᠮᠥᠨ᠃ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ | ᠴᠢᠬᠤᠯᠠ ᠵᠢᠭᠠᠪᠤᠷᠢ ᠥᠭᠴᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠠᠮ ᠤᠨ ᠲᠥᠪ | ᠬᠤᠷᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠡᠬᠢ | ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ | ︵2022 ︱ 2030 ᠣᠨ︶︾ ᠵᠡᠷᠭᠡ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠯᠬᠢᠨ ᠠᠬᠢᠭᠤᠯᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠪᠠ᠃ ᠦᠷ᠎ᠡ ᠶᠢᠨ ᠦᠢᠯᠡᠰ ᠤᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠳᠤ | ᠢᠯᠠᠯᠲᠠ ᠣᠯᠵᠤ᠂ ᠮᠠᠨ ᠤ ᠣᠷᠣᠨ ᠤ ᠦᠷ᠎ᠡ ᠶᠢᠨ ᠦᠢᠯᠡᠰ ᠤᠨ ᠲᠣᠮᠣ ᠣᠷᠣᠨ ᠠᠴᠠ ᠦᠷ᠎ᠡ ᠶᠢᠨ ᠦᠢᠯᠡᠰ ᠤᠨ | ᠬᠦᠴᠦᠷᠬᠡᠭ ᠣᠷᠣᠨ ᠵᠦᠭ ᠤᠷᠤᠭᠰᠢᠯᠠᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠶᠢᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ | ᠳᠤᠷᠠᠳᠤᠭᠰᠠᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠬᠡᠯᠬᠢᠶ᠎ᠡ ᠪᠠᠷ ᠠᠬᠢᠭᠤᠯᠬᠤ ᠶᠢ ᠪᠠᠷᠢᠮᠲᠠᠯᠠᠵᠤ᠂ | ︽ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ︾ ᠶᠢ ᠲᠣᠭᠲᠠᠭᠠᠨ ᠨᠡᠶᠢᠲᠡᠯᠡᠵᠦ᠂ ᠬᠦᠴᠦᠨ ᠢᠶᠠᠨ ᠲᠥᠪᠯᠡᠷᠡᠭᠦᠯᠦᠨ ᠳᠠᠪᠠᠭᠤᠯᠢᠭ ᠢᠶᠠᠨ ᠪᠠᠳᠠᠷᠠᠭᠤᠯᠵᠤ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠠᠪᠲᠠᠯᠲᠠ ᠪᠠᠨ ᠳᠠᠪᠲᠠᠵᠤ᠂ ᠳᠤᠲᠠᠭᠤᠳᠠᠯ ᠢᠶᠠᠨ ᠨᠥᠬᠦᠪᠦᠷᠢᠯᠡᠪᠡ᠃ | ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ︾ ᠨᠢ ᠨᠡᠶᠢᠳᠡ 4 ᠶᠡᠭᠡ ᠬᠡᠰᠡᠭ ᠢ ᠪᠠᠭᠲᠠᠭᠠᠵᠤ᠂ ᠲᠤᠰ ᠲᠤᠰ ᠬᠢᠨᠠᠨ ᠲᠣᠭᠲᠠᠭᠠᠯᠲᠠ ᠶᠢ ᠠᠳᠬᠤᠨ᠂ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠦᠪᠰᠢᠨ ᠢ | ᠳᠡᠭᠡᠭᠰᠢᠯᠡᠭᠦᠯᠦᠨ᠎ᠡ︔ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢ ᠨᠥᠬᠦᠪᠦᠷᠢᠯᠡᠵᠦ᠂ ᠲᠣᠭᠲᠠᠭᠤᠨ ᠪᠥᠭᠡᠳ | ᠥᠨᠳᠥᠷ ᠪᠦᠲᠦᠮᠵᠢᠲᠡᠢ ᠤᠳᠤ ᠦᠶ᠎ᠡ ᠶᠢᠨ ᠦᠷ᠎ᠡ ᠪᠣᠶᠢᠵᠢᠭᠤᠯᠬᠤ ᠰᠢᠰᠲ᠋ᠧᠮ ᠢ ᠪᠠᠶᠢᠭᠤᠯᠤᠨ᠎ᠠ︔ ᠪᠠᠲᠤᠯᠠᠭ᠎ᠠ ᠪᠠᠨ | ᠴᠢᠩᠭᠠᠳᠬᠠᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠲᠡᠰ ᠤᠨ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠠᠭᠤᠷᠢᠨ ᠢ ᠪᠠᠶᠢᠭᠤᠯᠤᠨ᠎ᠠ︔ ᠰᠢᠯᠢᠳᠡᠭ ᠢ ᠨᠢ ᠱᠠᠩᠨᠠᠵᠤ ᠲᠣᠭᠲᠠᠴᠠ ᠶᠢ ᠪᠠᠶᠢᠭᠤᠯᠬᠤ᠂ ᠰᠢᠯᠢᠳᠡᠭ | ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠠᠯᠬᠤᠴᠠ ᠶᠢ ᠲᠦᠷᠭᠡᠳᠬᠡᠬᠦ ᠵᠡᠷᠭᠡ ᠲᠠᠯ᠎ᠠ ᠪᠠᠷ 18 ᠵᠦᠢᠯ ᠤᠨ ᠪᠣᠳᠠᠲᠠᠢ | ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ | ᠳᠠᠷᠤᠮᠠᠯᠯᠠᠨ ᠲᠠᠷᠬᠠᠭᠠᠭᠰᠠᠨ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ | ᠬᠡᠷᠡᠭᠵᠢᠭᠦᠯᠦᠨ᠎ᠡ᠃ | ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︵ᠨᠢᠭᠡ︶ ᠬᠢᠨᠠᠨ ᠲᠣᠭᠲᠠᠭᠠᠯᠲᠠ ᠶᠢ ᠠᠳᠬᠤᠨ ᠬᠠᠮᠲᠤᠪᠠᠷ ᠡᠳ᠋ᠯᠡᠬᠦ ᠶᠢ ᠠᠬᠢᠭᠤᠯᠵᠤ᠂ ᠦᠷ᠎ᠡ ᠤᠨ ᠡᠬᠢ | ᠪᠠᠶᠠᠯᠢᠭ ᠢ ᠬᠠᠮᠠᠭᠠᠯᠠᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ | ᠦᠷ᠎ᠡ ᠪᠣᠶᠢᠵᠢᠭᠤᠯᠬᠤ ᠪᠠᠴᠢᠮ ᠱᠠᠭᠠᠷᠳᠠᠯᠭ᠎ᠠ ᠶᠢᠨ ᠲᠣᠭᠤᠷᠢᠨ ᠳᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ | ᠪᠠ ᠬᠢᠨᠠᠨ ᠲᠣᠭᠲᠠᠭᠠᠵᠤ ᠦᠨᠡᠯᠡᠬᠦ ᠠᠵᠢᠯ ᠢ ᠥᠷᠨᠢᠭᠦᠯᠵᠦ᠂ ᠣᠨᠴᠠᠯᠢᠭᠲᠤ᠂ ᠬᠤᠪᠣᠷ ᠴᠤᠬᠠᠭ᠂ ᠮᠥᠬᠦᠬᠦ | ᠰᠢᠬᠠᠭᠰᠠᠨ ᠭᠠᠵᠠᠷ ᠣᠷᠣᠨ ᠤ ᠮᠠᠯ ᠵᠢᠭᠦᠷᠲᠡᠨ ᠤ ᠡᠭᠦᠯᠳᠡᠷ ᠲᠤ ᠠᠮᠢᠳᠤ ᠪᠡᠶ᠎ᠡ ᠶᠢᠨ ᠬᠠᠮᠠᠭᠠᠯᠠᠯᠲᠠ ᠬᠢᠵᠦ᠂ | ᠨᠢᠭᠡᠳᠦᠯᠲᠡᠢ ᠲᠣᠭᠠᠴᠢᠯᠠᠭᠰᠠᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ︽ᠨᠢᠭᠡ ᠡᠬᠢ | ᠪᠠᠶᠠᠯᠢᠭ ᠨᠢᠭᠡ ᠪᠡᠶ᠎ᠡ ᠬᠡᠮ︾ ᠤᠨ ᠬᠠᠮᠢᠶᠠᠷᠤᠯᠲᠠ ᠶᠢ ᠪᠡᠶᠡᠯᠡᠭᠦᠯᠬᠦ ᠵᠡᠷᠭᠡ ᠲᠠᠯ᠎ᠠ ᠪᠠᠷ 3 ᠵᠦᠢᠯ ᠤᠨ ᠳᠡᠮᠵᠢᠬᠦ ᠠᠷᠭ᠎ᠠ | ᠬᠡᠮᠵᠢᠶ᠎ᠡ ᠳᠤᠷᠠᠳᠴᠤ᠂ ᠦᠷ᠎ᠡ ᠡᠳ᠋ ᠤᠨ ᠡᠬᠢ ᠪᠠᠶᠠᠯᠢᠭ ᠢ ᠬᠤᠷᠢᠶᠠᠨ ᠴᠤᠭᠯᠠᠭᠤᠯᠵᠤ ᠬᠢᠨᠠᠨ ᠲᠣᠭᠲᠠᠭᠠᠬᠤ ᠪᠠ | ᠬᠠᠮᠲᠤᠪᠠᠷ ᠭᠥᠷᠳᠡᠵᠦ ᠠᠰᠢᠭᠯᠠᠬᠤ ᠶᠢ ᠠᠬᠢᠭᠤᠯᠤᠨ᠂ ᠡᠭᠦᠯᠳᠡᠷ ᠪᠣᠶᠢᠵᠢᠭᠤᠯᠤᠨ ᠰᠢᠨ᠎ᠡ ᠶᠢ ᠡᠭᠦᠳᠬᠦ ᠳᠤ ᠰᠢᠯᠢᠳᠡᠭ | ᠦᠷ᠎ᠡ ᠡᠳ᠋ ᠤᠨ ᠳᠡᠮᠵᠢᠯᠭᠡ ᠬᠠᠩᠭᠠᠨ᠎ᠠ᠃ | ᠨᠢᠭᠡ ᠳᠤ ᠲᠠᠷᠢᠮᠠᠯ ᠤᠨ ᠦᠷ᠎ᠡ ᠤᠨ ᠡᠬᠢ ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠵᠤ ᠦᠨᠡᠯᠡᠬᠦ | ᠠᠵᠢᠯ ᠢ ᠥᠷᠨᠢᠭᠦᠯᠦᠨ᠎ᠡ᠃ ᠡᠭᠦᠯᠳᠡᠷ ᠪᠣᠶᠢᠵᠢᠭᠤᠯᠬᠤ ᠳᠤ ᠪᠠᠴᠢᠮ ᠱᠠᠭᠠᠷᠳᠠᠭᠳᠠᠬᠤ ᠲᠠᠷᠢᠮᠠᠯ ᠤᠨ ᠦᠷ᠎ᠡ ᠤᠨ ᠡᠬᠢ | ᠪᠠᠶᠠᠯᠢᠭ ᠢ ᠴᠤᠭᠯᠠᠭᠤᠯᠵᠤ᠂ ᠣᠲᠣ ᠪᠠᠶᠢᠭ᠎ᠠ ᠡᠭᠦᠯᠳᠡᠷ ᠪᠣᠶᠢᠵᠢᠭᠤᠯᠬᠤ ᠯᠤᠭ᠎ᠠ ᠨᠢᠭᠲᠠ ᠬᠤᠯᠪᠣᠭ᠎ᠠ ᠲᠠᠢ ᠡᠷᠳᠡᠨᠢ | ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ᠂ ᠨᠠᠷᠢᠮᠤ᠂ ᠨᠣᠬᠠᠢ ᠶᠢᠨ ᠬᠤᠰᠢᠭᠤ ᠵᠡᠷᠭᠡ ᠦᠷ᠎ᠡ ᠡᠳ᠋ ᠤᠨ | ᠡᠬᠢ ᠪᠠᠶᠠᠯᠢᠭ ᠲᠤ ᠲᠠᠷᠢᠶᠠᠨ ᠭᠠᠵᠠᠷ ᠤᠨ ᠰᠢᠨᠵᠢ ᠪᠠᠶᠢᠳᠠᠯ᠂ ᠰᠥᠷᠬᠦ ᠶᠢ ᠡᠰᠡᠷᠭᠦᠴᠡᠬᠦ ᠴᠢᠨᠠᠷ ᠪᠠ ᠵᠠᠩᠭᠢᠯᠠᠭ᠎ᠠ ᠶᠢᠨ | ᠭᠧᠨ ᠤ ᠬᠢᠨᠠᠨ ᠲᠣᠭᠲᠠᠭᠠᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠠᠴᠠ ᠦᠷ᠎ᠡ ᠤᠨ ᠡᠬᠢ ᠪᠠᠶᠠᠯᠢᠭ ᠢ | ᠴᠤᠭᠯᠠᠭᠤᠯᠬᠤ᠂ ᠬᠢᠨᠠᠨ ᠲᠣᠭᠲᠠᠭᠠᠵᠤ ᠦᠨᠡᠯᠡᠬᠦ ᠮᠡᠷᠭᠡᠵᠢᠯ ᠤᠨ ᠪᠠᠷᠢᠮᠵᠢᠶ᠎ᠠ᠂ ᠳᠦᠷᠢᠮ ᠵᠡᠷᠭᠡ ᠶᠢ ᠲᠣᠭᠲᠠᠭᠠᠵᠤ᠂ | ᠵᠢᠯ ᠪᠦᠷᠢ ᠶᠢᠨ ᠬᠢᠨᠠᠨ ᠲᠣᠭᠲᠠᠭᠠᠵᠤ ᠦᠨᠡᠯᠡᠬᠦ ᠦᠷ᠎ᠡ ᠤᠨ ᠡᠬᠢ ᠪᠠᠶᠠᠯᠢᠭ ᠢ 2000 ᠬᠤᠪᠢ ᠠᠴᠠ ᠳᠡᠭᠡᠭᠰᠢ | ᠪᠠᠶᠢᠯᠭᠠᠵᠤ᠂ ᠡᠭᠦᠯᠳᠡᠷ ᠪᠣᠶᠢᠵᠢᠭᠤᠯᠤᠨ ᠰᠢᠨ᠎ᠡ ᠶᠢ ᠡᠭᠦᠳᠬᠦ ᠳᠤ ᠰᠢᠯᠢᠳᠡᠭ ᠦᠷ᠎ᠡ ᠤᠨ ᠳᠡᠮᠵᠢᠯᠭᠡ ᠬᠠᠩᠭᠠᠨ᠎ᠠ᠃ | ︵ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ | ᠳᠣᠣᠷᠠᠬᠢ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠨᠠᠶᠢᠳᠠᠪᠤᠷᠢᠵᠢᠭᠤᠯᠬᠤ ᠬᠡᠷᠡᠭᠲᠡᠢ᠂ ᠳᠠᠭᠢᠵᠤ ᠵᠢᠭᠰᠠᠭᠠᠬᠤ ᠦᠭᠡᠢ︶ | ᠬᠤᠶᠠᠷ ᠲᠤ ᠮᠠᠯ ᠵᠢᠭᠦᠷᠲᠡᠨ ᠤ ᠡᠭᠦᠯᠳᠡᠷ ᠢ ᠬᠠᠮᠠᠭᠠᠯᠠᠬᠤ ᠪᠠ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠵᠤ | ᠬᠢᠨᠠᠨ ᠲᠣᠭᠲᠠᠭᠠᠬᠤ ᠶᠢ ᠥᠷᠨᠢᠭᠦᠯᠦᠨ᠎ᠡ᠃ ᠨᠤᠲᠠᠯᠠᠨ ᠲᠣᠭᠲᠠᠭᠠᠭᠰᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠱᠠᠲᠤᠨ ᠤ ᠡᠭᠦᠯᠳᠡᠷ ᠬᠠᠮᠠᠭᠠᠯᠠᠬᠤ ᠲᠠᠯᠠᠪᠠᠶ ︵ᠲᠣᠭᠤᠷᠢᠭ︶ ᠨᠢ ᠣᠨᠴᠠᠯᠢᠭ ᠲᠠᠢ᠂ ᠬᠤᠪᠣᠷ ᠴᠤᠬᠠᠭ᠂ ᠮᠥᠬᠦᠬᠦ | ᠰᠢᠬᠠᠭᠰᠠᠨ ᠣᠷᠣᠨ ᠨᠤᠲᠤᠭ ᠤᠨ ᠡᠭᠦᠯᠳᠡᠷ ᠲᠤ ᠠᠮᠢᠳᠤ ᠪᠡᠶ᠎ᠡ ᠶᠢᠨ ᠬᠠᠮᠠᠭᠠᠯᠠᠯᠲᠠ ᠬᠢᠬᠦ ᠶᠢ ᠳᠡᠮᠵᠢᠵᠦ᠂ ᠮᠣᠩᠭᠤᠯ | ᠦᠬᠡᠷ᠂ ᠮᠣᠩᠭᠤᠯ ᠮᠣᠷᠢ᠂ ᠬᠤᠣᠰ ᠪᠥᠬᠦᠲᠦ ᠲᠡᠮᠡᠭᠡ᠂ ᠪᠣᠷᠣᠳᠣᠬᠤᠢ ᠶᠢᠨ ᠳᠡᠯᠳᠡᠦ ᠭᠠᠭ᠋ᠠᠢ ᠵᠡᠷᠭᠡ 80 ᠲᠦᠮᠡᠨ | ᠲᠥᠭᠦᠷᠢᠭ᠂ ᠮᠣᠩᠭᠤᠯ ᠬᠤᠨᠢ᠂ ᠨᠣᠯᠤᠥᠷ ᠤᠨ ᠢᠮᠠᠭ᠎ᠠ᠂ ᠴᠠ ᠪᠤᠭᠤ ᠵᠡᠷᠭᠡ 40 ᠲᠦᠮᠡᠨ ᠲᠥᠭᠦᠷᠢᠭ᠂ ᠮᠢᠬ᠎ᠠ | ᠦᠨᠳᠡᠭᠡ ᠶᠢᠨ ᠬᠤᠶᠠᠷ ᠬᠡᠷᠡᠭᠴᠡᠭᠡᠳᠦ ᠲᠠᠬᠢᠶ᠎ᠠ ᠂ ᠵᠥᠭᠡᠢ᠂ ᠬᠦᠷᠢ ᠵᠡᠷᠭᠡ 20 ᠲᠦᠮᠡᠨ ᠲᠥᠭᠦᠷᠢᠭ ᠤᠨ | ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠵᠤ ᠦᠢᠯᠡᠳᠬᠦ ᠪᠠ ᠭᠧᠨ ᠢ | ᠠᠭᠤᠳᠠᠯᠵᠤ ᠬᠢᠨᠠᠨ ᠲᠣᠭᠲᠠᠭᠠᠬᠤ ᠠᠵᠢᠯ ᠥᠷᠨᠢᠭᠦᠯᠬᠦ ᠶᠢ ᠳᠡᠮᠵᠢᠨ᠎ᠡ᠃ ︵ᠦᠪᠦᠷ ᠮᠣᠩᠭᠤᠯ ᠤᠨ ᠦᠪᠡᠷᠲᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠦᠷ᠎ᠡ ᠤᠨ ᠡᠬᠢ ᠪᠠᠶᠠᠯᠢᠭ ᠤᠨ | ᠬᠥᠮᠥᠷᠭᠡ ᠶᠢ ᠪᠠᠶᠢᠭᠤᠯᠤᠨ᠎ᠠ᠃ ᠦᠷ᠎ᠡ ᠡᠳ᠋ ᠤᠨ ᠡᠬᠢ ᠪᠠᠶᠠᠯᠢᠭ ᠢ ᠳᠡᠩᠰᠡᠯᠡᠨ ᠬᠠᠮᠢᠶᠠᠷᠬᠤ ᠳᠦᠷᠢᠮ ᠢ | ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠥᠮᠥᠷᠭᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ | ᠲᠣᠭᠲᠠᠴᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠴᠤᠭᠯᠠᠭᠤᠯᠤᠭᠰᠠᠨ᠂ ᠬᠢᠨᠠᠨ ᠲᠣᠭᠲᠠᠭᠠᠵᠤ | ᠦᠨᠡᠯᠡᠭᠰᠡᠨ ᠦᠷ᠎ᠡ ᠡᠳ᠋ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠶᠢ ᠪᠦᠬᠦᠨ ᠢ ᠨᠢᠭᠡᠳᠦᠯᠲᠡᠢ ᠲᠣᠭᠠᠴᠢᠯᠠᠭᠰᠠᠨ | ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠳᠤ ᠣᠷᠣᠭᠤᠯᠵᠤ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠶᠢᠨ ᠣᠲᠣ ᠶᠢᠨ ᠪᠠᠶᠢᠭ᠎ᠠ ᠦᠷ᠎ᠡ ᠡᠳ᠋ ᠤᠨ ᠡᠬᠢ | ᠪᠠᠶᠠᠯᠢᠭ ᠤᠨ ᠮᠡᠳᠡᠭᠡ ᠵᠠᠩᠭᠢ ᠶᠢ ᠰᠢᠩᠭᠡᠬᠡᠨ ᠣᠷᠣᠭᠤᠯᠬᠤ ᠲᠠᠪᠴᠠᠩ ᠳᠤ ᠣᠷᠣᠭᠤᠯᠬᠤ ᠶᠢ ᠵᠣᠷᠢᠭᠵᠢᠭᠤᠯᠵᠤ᠂ | ︽ᠨᠢᠭᠡ ᠡᠬᠢ ᠪᠠᠶᠠᠯᠢᠭ ᠲᠤ ᠨᠢᠭᠡ ᠪᠡᠶ᠎ᠡ ᠶᠢᠨ ᠦᠨᠡᠮᠯᠡᠯ ᠪᠠᠶᠢᠬᠤ ︾ ᠶᠢ ᠪᠡᠶᠡᠯᠡᠭᠦᠯᠦᠨ᠎ᠡ᠃ ᠦᠷ᠎ᠡ ᠤᠨ ᠡᠬᠢ | ᠪᠠᠶᠠᠯᠢᠭ ᠢ ᠬᠠᠮᠲᠤᠪᠠᠷ ᠭᠥᠷᠳᠡᠵᠦ ᠠᠰᠢᠭᠯᠠᠬᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ | ᠭᠥᠷᠳᠡᠵᠦ ᠠᠰᠢᠭᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠦᠷ᠎ᠡ ᠤᠨ ᠡᠬᠢ ᠪᠠᠶᠠᠯᠢᠭ ᠢ ᠢᠯᠡ ᠪᠠᠷ | ᠠᠷᠠᠯᠵᠢᠶᠠᠯᠠᠬᠤ ᠶᠢ ᠠᠬᠢᠭᠤᠯᠵᠤ᠂ ᠰᠣᠯᠢᠯᠴᠠᠬᠤ᠂ ᠰᠢᠯᠵᠢᠭᠦᠯᠦᠨ ᠥᠭᠬᠦ᠂ ᠵᠥᠪᠰᠢᠶᠡᠷᠡᠬᠦ᠂ ᠦᠨ᠎ᠡ ᠲᠣᠭᠲᠠᠭᠠᠨ | ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠬᠠᠮᠲᠤᠪᠠᠷ ᠭᠥᠷᠳᠡᠵᠦ ᠠᠰᠢᠭᠯᠠᠬᠤ ᠶᠢ ᠵᠣᠷᠢᠭᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠦᠨᠡᠮᠰᠢᠭᠰᠡᠨ ᠦᠷ᠎ᠡ ᠤᠨ ᠡᠬᠢ ᠪᠠᠶᠠᠯᠢᠭ ᠤᠨ ᠬᠥᠮᠥᠷᠭᠡ ᠨᠢ ᠵᠢᠯ ᠪᠦᠷᠢ | ᠲᠠᠷᠬᠠᠭᠠᠬᠤ ᠪᠤᠶᠤ ᠰᠣᠯᠢᠯᠴᠠᠬᠤ ᠡᠬᠢ ᠪᠠᠶᠠᠯᠢᠭ ᠢ 50 ᠬᠤᠪᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ︵ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶᠂ ᠲᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢ ᠨᠥᠬᠦᠪᠦᠷᠢᠯᠡᠵᠦ᠂ ᠲᠣᠭᠲᠠᠭᠤᠨ ᠪᠥᠭᠡᠳ | ᠥᠨᠳᠥᠷ ᠪᠦᠲᠦᠮᠵᠢᠲᠡᠢ ᠤᠳᠤ ᠦᠶ᠎ᠡ ᠶᠢᠨ ᠦᠷ᠎ᠡ ᠪᠣᠶᠢᠵᠢᠭᠤᠯᠬᠤ ᠰᠢᠰᠲ᠋ᠧᠮ ᠢ ᠪᠠᠶᠢᠭᠤᠯᠤᠨ᠎ᠠ | ᠮᠠᠨ ᠤ ᠣᠷᠣᠨ ᠤ ᠦᠷ᠎ᠡ ᠪᠣᠶᠢᠵᠢᠭᠤᠯᠬᠤ ᠰᠠᠭᠤᠷᠢ ᠣᠨᠴᠠᠯᠢᠭ ᠪᠠ ᠠᠵᠤ ᠦᠢᠯᠡᠰ ᠤᠨ ᠬᠥᠭᠵᠢᠯᠲᠡ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠴᠢᠮ ᠬᠡᠷᠡᠭᠴᠡᠭᠡ ᠳᠤ ᠰᠠᠭᠤᠷᠢᠯᠠᠵᠤ᠂ ︽ᠵᠠᠷᠢᠮ ᠢ ᠨᠢ ᠬᠢᠵᠦ | ᠵᠠᠷᠢᠮ ᠢ ᠨᠢ ᠬᠢᠬᠦ ᠦᠭᠡᠢ︾ ᠪᠠᠶᠢᠬᠤ ᠶᠢ ᠪᠠᠷᠢᠮᠲᠠᠯᠠᠵᠤ᠂ ᠲᠥᠮᠥᠰᠥ᠂ ᠡᠷᠳᠡᠨᠢ ᠰᠢᠰᠢ᠂ ᠰᠢᠷ᠎ᠠ ᠪᠤᠷᠴᠠᠭ᠂ | ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠴᠠᠷᠭᠠᠰᠤ᠂ ᠨᠣᠬᠠᠢ ᠶᠢᠨ ᠬᠤᠰᠢᠭᠤ᠂ ᠬᠤᠨᠢᠨ ᠡᠪᠡᠰᠦ᠂ ᠮᠥᠰᠥᠨ | ᠡᠪᠡᠰᠦ ᠵᠡᠷᠭᠡ ᠭᠤᠣᠯ ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠡᠪᠡᠰᠦᠨ ᠦᠷ᠎ᠡ ᠶᠢ ᠲᠤᠪᠤᠶᠢᠯᠭᠠᠵᠦ᠂ ᠠᠵᠤ | ᠠᠬᠤᠶᠢᠯᠠᠯ ᠤᠨ ᠰᠢᠯᠢᠳᠡᠭ ᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ ᠦᠷ᠎ᠡ ᠪᠣᠶᠢᠵᠢᠭᠤᠯᠬᠤ ᠬᠠᠮᠲᠤᠷᠠᠭᠰᠠᠨ | ᠪᠣᠭᠤᠮᠲᠠ ᠰᠢᠪᠲᠤᠯᠬᠤ ᠪᠠ ︽ᠪᠢᠴᠢᠭ ᠢᠶᠠᠷ ᠨᠡᠶᠢᠳᠡᠯᠡᠨ ᠮᠠᠩᠯᠠᠶᠢᠯᠠᠭᠤᠯᠬᠤ︾ ᠠᠵᠢᠯ ᠢ ᠥᠷᠨᠢᠭᠦᠯᠵᠦ᠂ ᠡᠬᠢ | ᠪᠠᠶᠠᠯᠢᠭ ᠢ ᠲᠥᠪᠯᠡᠷᠡᠭᠦᠯᠵᠦ᠂ ᠤᠨᠢᠨ ᠳᠡᠭᠡᠷ᠎ᠡ ᠨᠢ ᠲᠡᠳᠬᠦᠵᠦ᠂ ᠭᠤᠣᠯᠳᠠᠯᠭ᠎ᠠ ᠲᠠᠢ ᠪᠣᠭᠤᠮᠲᠠ ᠰᠢᠪᠲᠤᠯᠵᠤ᠂ | ᠳᠠᠪᠠᠭᠤᠯᠢᠭ ᠲᠠᠢ ᠶᠢ ᠨᠢ ᠦᠷᠭᠦᠯᠵᠢᠯᠡᠨ ᠥᠷᠭᠡᠳᠬᠡᠵᠦ᠂ ᠪᠠᠴᠢᠮ ᠬᠡᠷᠡᠭᠴᠡᠭᠡ ᠲᠠᠢ ᠶᠢ ᠨᠢ ᠲᠦᠷᠭᠡᠨ ᠰᠢᠪᠲᠤᠯᠬᠤ ᠪᠠᠷ | ᠴᠢᠷᠮᠠᠶᠢᠵᠤ᠂ 5 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠴᠠᠢ᠃ | ᠨᠢᠭᠡ ᠳᠤ ᠠᠵᠤ ᠠᠬᠤᠶᠢᠯᠠᠯ ᠤᠨ ᠰᠢᠯᠢᠳᠡᠭ ᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠵᠤ | ᠠᠬᠤᠶᠢᠯᠠᠯ ᠤᠨ ᠭᠤᠣᠯ ᠴᠣᠭᠴᠠ ᠶᠢᠨ ᠴᠢᠳᠠᠮᠵᠢ ᠶᠢ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠤᠨ ᠦᠷ᠎ᠡ | ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠳᠡᠮᠵᠢᠨ᠎ᠡ᠃ ᠤᠯᠤᠰ ᠤᠨ ᠦᠷ᠎ᠡ ᠶᠢᠨ ᠦᠢᠯᠡᠰ ᠤᠨ ᠵᠢᠭᠰᠠᠭᠠᠯ ᠤᠨ ᠬᠡᠯᠪᠡᠷᠢ ᠶᠢᠨ ᠠᠵᠤ | ᠠᠬᠤᠶᠢᠯᠠᠯ ᠤᠨ ︽ᠨᠢᠭᠡ ᠨᠢᠭᠡ︾ ᠶᠢᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ︽ᠨᠢᠭᠡ ᠠᠵᠤ ᠠᠬᠤᠶᠢᠯᠠᠯ | ᠨᠢᠭᠡ ᠪᠣᠳᠣᠯᠭ᠎ᠠ︾ ᠶᠢᠨ ᠱᠠᠲᠤᠯᠢᠭ ᠪᠣᠶᠢᠵᠢᠭᠤᠯᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠲᠠᠷᠢᠮᠠᠯ ᠤᠨ ᠦᠢᠯᠡᠰ ᠤᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ | ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠨ ᠱᠠᠩᠨᠠᠵᠤ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠤᠯᠤᠰ ᠤᠨ ᠦᠷ᠎ᠡ ᠶᠢᠨ ᠦᠢᠯᠡᠰ ᠤᠨ ᠵᠢᠭᠰᠠᠭᠠᠯᠳᠤ ᠠᠵᠤ ᠠᠬᠤᠶᠢᠯᠠᠯ᠂ ᠳᠤᠮᠳᠠᠳᠤ ᠤᠯᠤᠰ ᠤᠨ ᠦᠷ᠎ᠡ ᠶᠢᠨ | ᠨᠡᠶᠢᠭᠡᠮᠯᠢᠭ ᠤᠨ ᠢᠲᠡᠭᠡᠮᠵᠢ ᠶᠢᠨ ᠦᠨᠡᠯᠡᠯᠲᠡ ᠶᠢᠨ 3A ᠠᠵᠤ ᠠᠬᠤᠶᠢᠯᠠᠯ᠂ ᠪᠣᠶᠢᠵᠢᠭᠤᠯᠤᠨ ᠦᠷᠡᠵᠢᠭᠦᠯᠵᠦ | ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠵᠡᠷᠭᠡ ᠦᠷ᠎ᠡ ᠶᠢᠨ ᠦᠢᠯᠡᠰ ᠤᠨ ᠬᠥᠲᠥᠴᠢ ᠠᠵᠤ | ᠠᠬᠤᠶᠢᠯᠠᠯ ᠢ ᠪᠣᠶᠢᠵᠢᠭᠤᠯᠬᠤ ᠶᠢ ᠳᠡᠮᠵᠢᠨ᠎ᠡ᠃ ᠳᠠᠪᠠᠭᠤᠯᠢᠭ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠤᠯᠠᠨ | ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠳᠠᠬᠢ ᠵᠠᠬ᠎ᠠ ᠳᠡᠯᠭᠡᠭᠦᠷ ᠢ | ᠢᠳᠡᠪᠬᠢᠲᠡᠢ ᠪᠠᠷ ᠥᠷᠭᠡᠳᠬᠡᠵᠦ᠂ ᠳᠡᠯᠡᠬᠡᠶᠢᠴᠢᠯᠡᠭᠰᠡᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠶᠠᠷ ᠲᠤ ᠲᠠᠷᠢᠮᠠᠯ ᠤᠨ ᠦᠷ᠎ᠡ ᠪᠣᠶᠢᠵᠢᠭᠤᠯᠵᠤ ᠰᠢᠨ᠎ᠡ ᠶᠢ ᠡᠭᠦᠳᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ | ᠣᠷᠣᠨ ᠤ ᠦᠷ᠎ᠡ ᠪᠣᠶᠢᠵᠢᠭᠤᠯᠬᠤ ᠰᠤᠳᠤᠯᠭᠠᠨ ᠤ ᠰᠠᠭᠤᠷᠢ᠂ ᠣᠷᠣᠨ ᠪᠦᠰᠡ ᠶᠢᠨ ᠬᠠᠷᠢᠴᠠᠭᠤᠯᠤᠭᠰᠠᠨ ᠳᠠᠪᠠᠭᠤᠯᠢᠭ | ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷ᠎ᠠ | ᠪᠤᠷᠴᠠᠭ᠂ ᠨᠠᠷᠢᠮᠤ᠂ ᠨᠡᠷᠡᠨ ᠬᠤᠸᠠᠷ᠂ ᠡᠷᠳᠡᠨᠢ ᠰᠢᠰᠢ᠂ ᠲᠥᠮᠥᠰᠥ᠂ ᠤᠰᠤᠨ ᠲᠤᠲᠤᠷᠭ᠎ᠠ᠂ ᠪᠤᠭᠤᠳᠠᠢ᠂ ᠰᠢᠬᠢᠷ | ᠯᠤᠤᠪᠠᠩ᠂ ᠨᠣᠬᠠᠢ ᠶᠢᠨ ᠬᠤᠰᠢᠭᠤ ᠵᠡᠷᠭᠡ ᠳᠠᠪᠠᠭᠤᠯᠢᠭ ᠣᠨᠴᠠᠯᠢᠭᠲᠤ ᠲᠠᠷᠢᠮᠠᠯ ᠢᠶᠠᠷ ᠭᠤᠣᠯᠳᠠᠯᠭ᠎ᠠ ᠪᠣᠯᠭᠠᠵᠤ᠂ | ᠦᠷ᠎ᠡ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠪᠠ ︽ ᠪᠢᠴᠢᠭ ᠢᠶᠠᠷ ᠨᠡᠶᠢᠳᠡᠯᠡᠨ ᠮᠠᠩᠯᠠᠶᠢᠯᠠᠭᠤᠯᠬᠤ︾ | ᠶᠢ ᠬᠡᠷᠡᠭᠵᠢᠭᠦᠯᠵᠦ᠂ ᠦᠷ᠎ᠡ ᠪᠣᠶᠢᠵᠢᠭᠤᠯᠬᠤ ᠰᠤᠳᠤᠯᠤᠨ ᠨᠡᠭᠡᠭᠡᠬᠦ ᠲᠣᠭᠲᠠᠴᠠ ᠶᠢᠨ ᠰᠢᠨ᠎ᠡ ᠶᠢ ᠡᠭᠦᠳᠴᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠲᠣᠯᠣᠭᠠᠶᠢᠯᠠᠭᠴᠢ | ᠠᠵᠤ ᠠᠬᠤᠶᠢᠯᠠᠯ᠂ ᠠᠵᠢᠯ ᠲᠥᠷᠥᠯ ᠤᠨ ᠳᠠᠭᠠᠭᠤᠯᠤᠭᠴᠢ ᠰᠢᠨᠵᠢᠯᠡᠬᠦ ᠤᠬᠠᠭᠠᠨᠲᠠᠳ ᠤᠨ ᠦᠷ᠎ᠡ ᠪᠣᠶᠢᠵᠢᠭᠤᠯᠬᠤ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠡᠯ᠎ᠡ ᠲᠠᠯ᠎ᠠ ᠶᠢᠨ ᠦᠷ᠎ᠡ | ᠡᠳ᠋ ᠤᠨ ᠡᠬᠢ ᠪᠠᠶᠠᠯᠢᠭ᠂ ᠴᠢᠳᠠᠪᠤᠷᠢᠲᠠᠨ ᠤ ᠡᠬᠢ ᠪᠠᠶᠠᠯᠢᠭ᠂ ᠲᠠᠪᠴᠠᠩ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠠᠵᠤ ᠦᠢᠯᠡᠰᠵᠢᠭᠦᠯᠦᠯᠲᠡ ᠶᠢᠨ ᠵᠠᠭᠪᠤᠷ ᠶᠣᠰᠣᠭᠠᠷ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ᠂ | ᠬᠡᠷᠡᠭᠯᠡᠭᠡᠨ ᠤ ᠰᠤᠳᠤᠯᠭᠠᠨ᠂ ᠦᠷ᠎ᠡ ᠪᠣᠶᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ ᠲᠥᠪᠯᠡᠷᠡᠭᠦᠯᠦᠨ ᠪᠡᠷᠬᠡ ᠰᠡᠳᠦᠪ ᠢ | ᠰᠢᠢᠳᠪᠦᠷᠢᠯᠡᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠬᠤ ᠶᠢ ᠲᠦᠯᠬᠢᠨ | ᠠᠬᠢᠭᠤᠯᠵᠤ᠂ ᠵᠠᠩᠭᠢᠯᠠᠭ᠎ᠠ ᠶᠢᠨ ᠮᠡᠷᠭᠡᠵᠢᠯ᠂ ᠤᠰᠤ ᠠᠷᠪᠢᠯᠠᠵᠤ ᠭᠠᠩ ᠬᠠᠭᠰᠠᠷᠠᠭᠠᠨ ᠲᠠᠢ ᠲᠡᠮᠡᠴᠡᠬᠦ ᠪᠠ ᠬᠤᠵᠢᠷ ᠲᠤ | ᠲᠡᠰᠪᠦᠷᠢᠲᠡᠢ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠡᠷᠭᠡ ᠲᠠᠯ᠎ᠠ ᠪᠠᠷ ᠰᠢᠪᠲᠤᠯᠤᠯᠲᠠ ᠲᠠᠢ ᠪᠣᠯᠭᠠᠨ᠎ᠠ᠃ | ᠨᠡᠷᠡᠨ ᠬᠤᠸᠠᠷ᠂ ᠰᠢᠷ᠎ᠠ ᠪᠤᠷᠴᠠᠭ᠂ ᠨᠠᠷᠢᠮᠤ ᠶᠢᠨ ᠲᠥᠷᠥᠯ ᠵᠦᠢᠯ ᠤᠨ ᠪᠥᠬᠦ ᠤᠯᠤᠰ ᠤᠨ ᠲᠡᠷᠢᠭᠦᠨ ᠤ ᠪᠠᠶᠢᠷᠢ ᠶᠢ | ᠪᠠᠲᠤᠯᠠᠵᠤ᠂ ᠪᠤᠰᠤᠳ ᠲᠠᠷᠢᠮᠠᠯ ᠤᠨ ᠲᠥᠷᠥᠯ ᠵᠦᠢᠯ ᠤᠨ ᠥᠪᠡᠷ ᠢ ᠪᠠᠨ ᠬᠠᠩᠭᠠᠬᠤ ᠨᠣᠷᠮ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠲᠠᠪᠠᠭᠤᠯᠢᠭ ᠢᠶᠠᠨ ᠪᠠᠳᠠᠷᠠᠭᠤᠯᠤᠨ ᠂ ᠳᠤᠲᠠᠭᠤᠳᠠᠯ ᠢᠶᠠᠨ ᠨᠥᠬᠦᠪᠦᠷᠢᠯᠡᠵᠦ᠂ ᠵᠥᠷᠢᠶ᠎ᠡ ᠶᠢ | ᠪᠠᠭᠠᠰᠬᠠᠨ᠎ᠠ᠃ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ᠂ ᠰᠢᠷ᠎ᠠ ᠪᠤᠷᠴᠠᠭ᠂ ᠠᠮᠢᠳᠤ ᠪᠣᠳᠠᠰ ᠤᠨ | ᠡᠭᠦᠯᠳᠡᠷ ᠪᠣᠶᠢᠵᠢᠭᠤᠯᠬᠤ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠭᠤᠷᠪᠠ ᠳᠤ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠬᠤ ᠶᠢᠨ ᠰᠢᠨ᠎ᠡ ᠶᠢ ᠡᠭᠦᠳᠬᠦ ᠶᠢ ᠳᠡᠮᠵᠢᠨ᠎ᠡ᠃ | ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠋ᠠᠢ ᠵᠡᠷᠭᠡ ᠶᠢᠨ ᠡᠭᠦᠯᠳᠡᠷ ᠪᠣᠶᠢᠵᠢᠭᠤᠯᠬᠤ ᠲᠠᠯ᠎ᠠ ᠪᠠᠷ ᠬᠠᠮᠲᠤᠷᠠᠨ | ᠪᠣᠭᠤᠮᠲᠠ ᠰᠢᠪᠲᠤᠯᠬᠤ ᠪᠠ ︽ᠪᠢᠴᠢᠭ ᠢᠶᠠᠷ ᠨᠡᠶᠢᠳᠡᠯᠡᠨ ᠮᠠᠩᠯᠠᠶᠢᠯᠠᠭᠤᠯᠬᠤ︾ ᠠᠵᠢᠯ ᠢ ᠥᠷᠨᠢᠭᠦᠯᠵᠦ᠂ ᠰᠠᠭᠠᠯᠢ ᠶᠢᠨ | ᠦᠨᠢᠶ᠎ᠡ ᠶᠢᠨ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠴᠢᠩᠭᠠᠳᠬᠠᠨ᠎ᠠ᠃ ᠣᠷᠣᠨ ᠪᠦᠰᠡ ᠶᠢᠨ ᠴᠢᠨᠠᠷᠲᠠᠢ ᠬᠠᠮᠲᠤᠷᠠᠨ ᠡᠭᠦᠯᠳᠡᠷ ᠪᠣᠶᠢᠵᠢᠭᠤᠯᠬᠤ ᠶᠢ ᠵᠣᠷᠢᠭᠵᠢᠭᠤᠯᠤᠨ᠂ | ᠰᠢᠨᠵᠢᠯᠡᠬᠦ ᠤᠬᠠᠭᠠᠨᠴᠢ᠂ ᠰᠢᠰᠲ᠋ᠧᠮ ᠲᠠᠢ᠂ ᠵᠢᠷᠤᠮᠵᠢᠭᠰᠠᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ | ᠦᠢᠯᠡᠳᠪᠦᠷᠢᠯᠡᠯ ᠤᠨ ᠴᠢᠳᠠᠮᠵᠢ ᠶᠢ ᠬᠡᠮᠵᠢᠨ ᠲᠣᠭᠲᠠᠭᠠᠬᠤ ᠶᠢ ᠥᠷᠨᠢᠭᠦᠯᠵᠦ᠂ ᠬᠡᠪᠴᠢᠶᠡᠵᠢᠭᠰᠡᠨ᠂ ᠬᠠᠮᠵᠢᠯᠴᠠᠭᠰᠠᠨ᠂ | ᠣᠶᠤᠨᠴᠢᠯᠠᠭᠰᠠᠨ ᠣᠲᠣ ᠦᠶ᠎ᠡ ᠶᠢᠨ ᠡᠭᠦᠯᠳᠡᠷ ᠪᠣᠶᠢᠵᠢᠭᠤᠯᠬᠤ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠤᠨ᠎ᠠ᠃ | ᠠᠯᠠᠰᠢᠨ ᠦᠬᠡᠷ ᠢ ᠲᠠᠰᠤᠷᠠᠯᠲᠠ ᠦᠭᠡᠢ ᠰᠣᠩᠭᠤᠨ ᠪᠣᠶᠢᠵᠢᠭᠤᠯᠵᠤ ᠬᠤᠸᠠ ᠰᠢ ᠦᠬᠡᠷ ᠵᠡᠷᠭᠡ ᠰᠢᠯᠢᠳᠡᠭ | ᠡᠭᠦᠯᠳᠡᠷ ᠤᠨ ᠴᠢᠨᠠᠷ ᠴᠢᠨᠰᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠭᠦᠯᠳᠡᠷ ᠤᠨ ᠢᠷᠡᠯᠲᠡ ᠶᠢ ᠡᠵᠡᠨ | ᠮᠡᠳᠡᠵᠦ ᠡᠵᠡᠮᠳᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ︔ ᠠᠯᠠᠰᠢᠨ ᠬᠤᠨᠢᠨ ᠤ ᠣᠷᠣᠨ ᠨᠤᠲᠤᠭ ᠤᠨ ᠡᠭᠦᠯᠳᠡᠷ ᠤᠨ | ᠰᠢᠯᠢᠳᠡᠭ ᠣᠨᠴᠠᠯᠢᠭ ᠢ ᠭᠦᠢᠴᠡᠳ ᠠᠭᠤᠳᠠᠯᠵᠤ᠂ ᠦᠢᠯᠡᠳᠪᠦᠷᠢᠯᠡᠯ ᠤᠨ ᠴᠢᠳᠠᠪᠬᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠣᠯᠠᠨ ᠬᠦᠪᠦᠷᠡᠯᠳᠦ ᠥᠨᠳᠥᠷ ᠤᠨᠠᠯᠲᠠ ᠲᠠᠢ ᠲᠤᠰᠬᠠᠶᠢᠵᠢᠭᠰᠠᠨ ᠰᠢᠨ᠎ᠡ ᠡᠭᠦᠯᠳᠡᠷ ᠢ | ᠪᠣᠶᠢᠵᠢᠭᠤᠯᠤᠨ᠎ᠠ︔ ᠠᠮᠢᠳᠤ ᠭᠠᠭ᠋ᠠᠢ ᠶᠢᠨ ᠤᠳᠤᠮᠰᠢᠯ ᠢ ᠦᠨᠡᠯᠡᠨ ᠵᠢᠱᠢᠬᠦ᠂ ᠪᠥᠬᠦ ᠭᠧᠨ ᠤ ᠪᠦᠯᠦᠭ ᠢ ᠰᠣᠩᠭᠤᠬᠤ | ᠵᠡᠷᠭᠡ ᠮᠡᠷᠭᠡᠵᠢᠯ ᠢᠶᠠᠷ ᠲᠥᠯᠯᠡᠬᠦ ᠨᠣᠷᠮ᠎ᠠ᠂ ᠡᠪᠡᠳᠴᠢᠨ ᠢ ᠡᠰᠡᠷᠭᠦᠴᠡᠬᠦ ᠴᠢᠨᠠᠷ ᠢ ᠳᠡᠭᠡᠭᠰᠢᠯᠡᠭᠦᠯᠦᠨ᠎ᠡ᠃ ᠪᠦᠬᠦ | ᠤᠯᠤᠰ ᠲᠤ ᠲᠡᠷᠢᠭᠦᠯᠡᠭᠰᠡᠨ ᠦᠬᠡᠷ᠂ ᠬᠤᠨᠢ ᠪᠠ ᠠᠮᠢᠳᠤ ᠭᠠᠭ᠋ᠠᠢ ᠶᠢᠨ ᠡᠭᠦᠯᠳᠡᠷ ᠪᠣᠶᠢᠵᠢᠭᠤᠯᠬᠤ ᠰᠢᠰᠲ᠋ᠧᠮ ᠢ | ᠪᠠᠶᠢᠭᠤᠯᠵᠤ᠂ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠳᠠᠪᠬᠢ ᠪᠠ ᠶᠠᠰᠤ ᠴᠢᠨᠠᠷ ᠤᠨ ᠲᠦᠪᠰᠢᠨ ᠤ | ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠨᠣᠯᠤᠤᠷ ᠤᠨ ᠢᠮᠠᠭ᠎ᠠ᠂ ᠠᠳᠤᠭᠤ᠂ ᠲᠡᠮᠡᠭᠡ᠂ ᠰᠠᠭᠠᠯᠢ ᠶᠢᠨ ᠬᠤᠨᠢ᠂ | ᠭᠡᠷ ᠤᠨ ᠵᠢᠭᠦᠷᠲᠡᠨ ᠵᠡᠷᠭᠡ ᠣᠨᠴᠠᠯᠢᠭᠲᠤ ᠡᠭᠦᠯᠳᠡᠷ ᠰᠣᠩᠭᠤᠨ ᠪᠣᠶᠢᠵᠢᠭᠤᠯᠬᠤ ᠶᠢ ᠲᠡᠮᠵᠢᠨ ᠥᠷᠨᠢᠭᠦᠯᠦᠨ᠎ᠡ᠃ | ᠳᠥᠷᠪᠡ ᠳᠤ ᠣᠶ ᠰᠢᠭᠤᠢ ᠡᠪᠡᠰᠦ ᠪᠡᠯᠴᠢᠭᠡᠷ ᠤᠨ ᠦᠷ᠎ᠡ ᠪᠠ ᠵᠤᠯᠵᠠᠭ᠎ᠠ ᠮᠣᠳᠣᠨ ᠤ ᠦᠷ᠎ᠡ ᠪᠣᠶᠢᠵᠢᠭᠤᠯᠵᠤ | ᠰᠢᠨ᠎ᠡ ᠶᠢ ᠡᠭᠦᠳᠬᠦ ᠶᠢ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠳᠡᠭᠡᠳᠦ | ᠰᠤᠷᠭᠠᠭᠤᠯᠢ ᠵᠡᠷᠭᠡ ᠡᠬᠢ ᠪᠠᠶᠠᠯᠢᠭ ᠢ ᠬᠤᠷᠠᠮᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠪᠡᠰᠦ ︵ᠡᠭᠦᠯᠳᠡᠷ︶ | ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠢᠳᠡᠪᠬᠢᠲᠡᠢ ᠪᠠᠷ | ᠡᠭᠦᠳᠦᠨ ᠪᠠᠶᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠦᠢᠯᠡᠰ ᠤᠨ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ | ᠡᠪᠡᠰᠦᠨ ᠤ ᠲᠥᠷᠥᠯ ᠵᠦᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠠᠯᠢᠰᠤ ︵ᠬᠦᠬᠡ ᠡᠪᠡᠰᠦ︶᠂ | ᠶᠦᠷᠭᠦᠭ ᠤᠨ ᠡᠭᠦᠯᠳᠡᠷ ᠤᠨ ᠲᠤᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠨᠡᠮᠡᠭᠳᠡᠭᠦᠯᠵᠦ᠂ ᠥᠨᠳᠥᠷ ᠪᠥᠬᠡᠯᠢᠭ | ᠪᠥᠭᠡᠳ ᠰᠥᠷᠭᠡᠦ ᠥᠨᠳᠥᠷ ᠤᠨᠠᠯᠲᠠ ᠶᠢ ᠳᠠᠭᠠᠭᠠᠬᠤ ᠰᠢᠨ᠎ᠡ ᠡᠭᠦᠯᠳᠡᠷ ᠢ ᠲᠦᠷᠭᠡᠪᠴᠢᠯᠡᠨ ᠪᠣᠶᠢᠵᠢᠭᠤᠯᠵᠤ᠂ | ᠦᠷ᠎ᠡ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠶᠢᠵᠢᠭᠤᠯᠤᠨ | ᠦᠷᠡᠵᠢᠭᠦᠯᠵᠦ ᠳᠡᠯᠭᠡᠷᠡᠭᠦᠯᠬᠦ ᠠᠵᠤ ᠦᠢᠯᠡᠰ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ︔ | ᠴᠠᠷᠭᠠᠰᠤ ᠶᠢᠨ ᠭᠠᠳᠠᠭᠠᠳᠤ ᠠᠴᠠ ᠣᠷᠣᠭᠤᠯᠤᠭᠰᠠᠨ ᠡᠪᠡᠰᠦᠨ ᠦᠷ᠎ᠡ ᠳᠤ ᠲᠦᠰᠢᠭᠯᠡᠬᠦ ᠠᠴᠠ ᠠᠩᠭᠢᠵᠢᠷᠠᠵᠤ᠂ | ᠤᠯᠤᠰ ᠲᠠᠭᠠᠨ ᠦᠢᠯᠡᠳᠪᠦᠷᠢᠯᠡᠭᠰᠡᠨ ᠦᠷ᠎ᠡ ᠶᠢᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠨ᠎ᠠ︔ | ᠨᠣᠬᠠᠢ ᠶᠢᠨ ᠬᠤᠰᠢᠭᠤ ᠨᠢ ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠪᠠᠷ ᠥᠨᠳᠥᠷ᠂ ᠮᠧᠬᠠᠨᠢᠭᠵᠢᠭᠤᠯᠤᠨ | ᠦᠢᠯᠡᠳᠪᠦᠷᠢᠯᠡᠬᠦ ᠳᠤ ᠲᠣᠬᠢᠷᠠᠮᠵᠢᠲᠠᠢ᠂ ᠪᠣᠯᠪᠠᠰᠤᠷᠠᠭᠤᠯᠬᠤ ᠬᠡᠷᠡᠭᠴᠡᠭᠡᠨ ᠤ ᠴᠢᠨᠠᠷ ᠴᠢᠨᠰᠠᠭ᠎ᠠ ᠶᠢ ᠬᠠᠩᠭᠠᠬᠤ ᠰᠢᠨ᠎ᠡ | ᠡᠭᠦᠯᠳᠡᠷ ᠢ ᠪᠣᠶᠢᠵᠢᠭᠤᠯᠬᠤ ᠪᠠᠷ ᠭᠤᠣᠯ ᠴᠢᠭᠯᠡᠯ ᠪᠣᠯᠭᠠᠨ᠎ᠠ︔ ᠲᠣᠰᠣᠯᠢᠭ ᠨᠠᠷᠠᠰᠤ᠂ ᠨᠢᠮᠪᠡᠭᠡ᠂ ᠣᠷᠬᠢᠴᠠ᠂ | ᠡᠯᠡᠰᠦᠨ ᠪᠤᠷᠭᠠᠰᠤ ᠨᠢ ᠭᠠᠩ ᠢ ᠡᠰᠡᠷᠭᠦᠴᠡᠬᠦ᠂ ᠬᠤᠵᠢᠷ ᠢ ᠡᠰᠡᠷᠭᠦᠴᠡᠬᠦ᠂ ᠡᠯᠡᠰᠦ ᠶᠢ ᠲᠣᠭᠲᠠᠪᠤᠷᠢᠵᠢᠭᠤᠯᠬᠤ | ᠴᠢᠳᠠᠪᠤᠷᠢ ᠪᠠᠷ ᠴᠢᠩᠭ᠎ᠠ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠪᠠᠷ ᠭᠤᠣᠯ ᠴᠢᠭᠯᠡᠯ ᠪᠣᠯᠭᠠᠨ᠎ᠠ︔ ᠶᠤᠸᠠᠨ | ᠪᠦᠦ ᠹᠧᠩ᠂ ᠠᠭᠤᠯᠠ ᠶᠢᠨ ᠬᠦᠢᠯᠡᠰᠦ᠂ ᠪᠠᠷᠢᠭᠤᠯᠲᠤ ᠪᠤᠶᠢᠯᠠᠰᠤ᠂ ᠬᠡᠭᠡᠷ᠎ᠡ ᠶᠢᠨ ᠲᠢᠲᠢᠮ ᠤᠨ ᠵᠢᠮᠢᠰ ᠨᠢ ᠥᠨᠳᠥᠷ | ᠤᠨᠠᠯᠲᠠ ᠲᠠᠢ ᠴᠢᠨᠠᠷ ᠰᠠᠶᠢᠲᠠᠢ ᠮᠣᠳᠣᠯᠢᠭ ᠲᠣᠰᠣᠯᠢᠭ ᠲᠠᠷᠢᠮᠠᠯ ᠤᠨ ᠰᠠᠶᠢᠨ ᠡᠭᠦᠯᠳᠡᠷ ᠢ ᠰᠣᠩᠭᠤᠨ | ᠪᠣᠶᠢᠵᠢᠭᠤᠯᠬᠤ ᠪᠠᠷ ᠭᠤᠣᠯ ᠴᠢᠭᠯᠡᠯ ᠪᠣᠯᠭᠠᠨ᠎ᠠ᠃ ᠴᠢᠴᠠᠷᠭᠠᠨ᠎ᠠ᠂ ᠴᠠᠭᠠᠨ ᠭᠤᠶᠣᠣ᠂ ᠴᠢᠨ᠋ᠸ᠎ᠠ ᠶᠢᠨ ᠬᠠᠷᠮᠠᠭ ᠨᠢ | ᠥᠨᠳᠥᠷ ᠨᠡᠮᠡᠯᠲᠡ ᠥᠷᠲᠡᠭ ᠪᠦᠬᠦᠢ ᠠᠵᠤ ᠠᠬᠤᠢ ᠶᠢᠨ ᠣᠶ ᠵᠢᠮᠢᠰ ᠤᠨ ᠰᠠᠶᠢᠨ ᠡᠭᠦᠯᠳᠡᠷ ᠢ ᠰᠣᠩᠭᠤᠨ | ᠪᠣᠶᠢᠵᠢᠭᠤᠯᠬᠤ ᠪᠠᠷ ᠭᠤᠣᠯ ᠴᠢᠭᠯᠡᠯ ᠪᠣᠯᠭᠠᠵᠤ᠂ ᠣᠶ ᠰᠢᠭᠤᠢ ᠡᠪᠡᠰᠦᠨ ᠤ ᠡᠭᠦᠯᠳᠡᠷ ᠤᠨ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠵᠦ᠂ ᠡᠭᠦᠯᠳᠡᠷ ᠤᠨ | ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ | ᠲᠠᠪᠤ ᠳᠤ ᠲᠥᠷᠥᠯ ᠵᠦᠢᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠮᠠᠯ ᠤᠨ | ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ᠶᠢ ᠴᠢᠩᠳᠠᠯᠠᠵᠤ᠂ DNA ᠶᠢᠨ ᠪᠠᠶᠢᠷᠢ ᠶᠢᠨ ᠴᠡᠭ ᠤᠨ ᠲᠤᠭ᠎ᠠ᠂ | ᠤᠨᠠᠯᠲᠠ ᠶᠢᠨ ᠬᠡᠮᠵᠢᠶ᠎ᠡ ᠪᠠ ᠡᠰᠡᠷᠭᠦᠴᠡᠬᠦ ᠴᠢᠨᠠᠷ ᠤᠨ ᠱᠠᠭᠠᠷᠳᠠᠯᠭ᠎ᠠ ᠶᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ | ᠲᠥᠷᠥᠯ ᠵᠦᠢᠯ ᠤᠨ ᠴᠢᠬᠤᠯᠠ ᠭᠦᠢᠴᠡᠳᠬᠡᠯ ᠲᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠲᠤᠷᠰᠢᠯᠲᠠ ᠳᠤ ᠣᠷᠣᠯᠴᠠᠭᠰᠠᠨ ᠲᠥᠷᠥᠯ ᠵᠦᠢᠯ ᠳᠤ DNA ᠶᠢᠨ ᠬᠤᠷᠤᠭᠤᠨ ᠣᠷᠣᠮ᠂ ᠡᠰᠡᠷᠭᠦᠴᠡᠬᠦ ᠴᠢᠨᠠᠷ᠂ | ᠶᠠᠰᠤ ᠴᠢᠨᠠᠷ ᠪᠠ ᠭᠧᠨ ᠰᠢᠯᠵᠢᠭᠦᠯᠦᠭᠰᠡᠨ ᠪᠦᠷᠢᠯᠳᠦᠭᠦᠨ ᠢ ᠪᠠᠶᠢᠴᠠᠭᠠᠨ ᠰᠢᠯᠭᠠᠵᠤ᠂ ᠬᠢᠨᠠᠨ ᠲᠣᠭᠲᠠᠭᠠᠭᠰᠠᠨ ᠲᠥᠷᠥᠯ | ᠵᠦᠢᠯ ᠤᠨ ᠲᠤᠭ᠎ᠠ ᠬᠡᠮᠵᠢᠶ᠎ᠡ ᠶᠢ ᠦᠨᠡᠨ ᠬᠦ ᠪᠠᠭᠤᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠲᠤᠷᠰᠢᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠴᠢᠨᠠᠷ ᠰᠠᠶᠢᠲᠠᠢ ᠪᠠᠶᠢᠭᠤᠯᠤᠨ᠎ᠠ ᠡᠭᠦᠯᠳᠡᠷ | ᠣᠷᠣᠭᠤᠯᠬᠤ ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠭᠦᠯᠳᠡᠷ ᠣᠷᠣᠭᠤᠯᠬᠤ | ᠲᠤᠷᠰᠢᠯᠲᠠ ᠶᠢ ᠮᠡᠳᠡᠭᠦᠯᠦᠨ ᠳᠠᠩᠰᠠᠯᠠᠭᠤᠯᠬᠤ ᠶᠢ ᠵᠢᠷᠤᠮᠵᠢᠭᠤᠯᠬᠤ ᠶᠢᠨ ᠬᠠᠮᠲᠤ ᠡᠭᠦᠯᠳᠡᠷ ᠢ ᠮᠥᠷᠳᠡᠨ ᠦᠨᠡᠯᠡᠬᠦ ᠶᠢ | ᠥᠷᠨᠢᠭᠦᠯᠦᠨ᠎ᠡ᠃ | ︵ᠭᠤᠷᠪᠠ︶ ᠪᠠᠲᠤᠯᠠᠭ᠎ᠠ ᠪᠠᠨ ᠴᠢᠩᠭᠠᠳᠬᠠᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠲᠡᠰ ᠤᠨ | ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠤᠨ᠎ᠠ | ᠮᠠᠨ ᠤ ᠣᠷᠣᠨ ᠤ ᠦᠷᠡᠵᠢᠭᠦᠯᠦᠨ ᠪᠣᠶᠢᠵᠢᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ | ᠭᠠᠵᠠᠷ ᠤᠨ ᠣᠷᠣᠰᠢᠨ ᠲᠣᠭᠲᠠᠨᠢᠬᠤ ᠨᠥᠬᠦᠴᠡᠯ ᠪᠠ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠦᠨᠳᠦᠰᠦᠯᠡᠨ᠂ | ᠲᠠᠷᠢᠮᠠᠯ ᠤᠨ ᠡᠭᠦᠯᠳᠡᠷ ᠪᠣᠶᠢᠵᠢᠭᠤᠯᠬᠤ᠂ ᠮᠠᠯ ᠵᠢᠭᠦᠷᠲᠡᠨ ᠤ ᠡᠭᠦᠯᠳᠡᠷ ᠤᠨ ᠢᠷᠡᠯᠲᠡ᠂ ᠣᠶ ᠰᠢᠭᠤᠢ ᠡᠪᠡᠰᠦ | ᠪᠡᠯᠴᠢᠭᠡᠷ ᠤᠨ ᠦᠷ᠎ᠡ ᠴᠢᠬᠢ ᠪᠣᠶᠢᠵᠢᠭᠤᠯᠬᠤ ᠰᠠᠭᠤᠷᠢᠨ ᠭᠠᠵᠠᠷ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ ᠤᠨ ᠲᠠᠰ ᠤᠨ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠭᠤᠯᠵᠤ᠂ 4 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ᠨᠢᠭᠡ ᠳᠤ ᠲᠠᠷᠢᠮᠠᠯ ᠤᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠷ᠎ᠡ ᠪᠣᠶᠢᠵᠢᠭᠤᠯᠬᠤ ᠲᠣᠮᠣ ᠰᠢᠶᠠᠨ ᠢ | ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ᠂ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ | ᠬᠠᠮᠤᠷᠬᠤ ᠬᠡᠪᠴᠢᠶ᠎ᠡ ᠪᠠᠷ ᠨᠠᠩ ᠥᠷᠭᠡᠨ᠂ ᠳᠡᠮᠵᠢᠬᠦ ᠡᠷᠴᠢᠮ ᠢᠶᠠᠷ ᠨᠠᠩ ᠶᠡᠭᠡ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ ᠵᠡᠷᠭᠡ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠠᠶᠢᠨ ᠰᠠᠶᠢᠬᠠᠨ | ᠦᠢᠯᠡᠳᠪᠦᠷᠢᠯᠡᠯ ᠤᠨ ᠨᠥᠬᠦᠴᠡᠯ ᠪᠠ ᠬᠥᠭᠵᠢᠯᠲᠡ ᠶᠢᠨ ᠣᠷᠴᠢᠨ ᠲᠣᠭᠤᠷᠢᠨ ᠢᠶᠠᠷ ᠣᠷᠣᠨ ᠤ ᠳᠣᠲᠣᠷ᠎ᠠ ᠭᠠᠳᠠᠨᠠᠬᠢ | ᠨᠠᠷᠠᠲᠤ ᠦᠷ᠎ᠡ ᠶᠢᠨ ᠠᠵᠤ ᠠᠬᠤᠶᠢᠯᠠᠯ ᠢ ᠲᠠᠲᠠᠵᠤ ᠥᠪᠥᠷ ᠮᠣᠩᠭᠤᠯ ᠳᠤ ᠣᠷᠣᠭᠤᠯᠤᠨ᠎ᠠ᠃ ᠤᠯᠤᠰ ᠤᠨ ᠡᠷᠳᠡᠨᠢ | ᠰᠢᠰᠢ ᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ ᠪᠣᠶ ᠪᠣᠯᠭᠠᠵᠤ᠂ ᠤᠯᠠᠭᠠᠨᠬᠠᠳᠠ ᠬᠤᠲᠠ᠂ ᠪᠠᠶᠠᠨᠨᠠᠭᠤᠷ | ᠬᠤᠲᠠ ᠪᠠᠷ ᠭᠤᠣᠯᠳᠠᠯᠭ᠎ᠠ ᠪᠣᠯᠭᠠᠨ᠂ ᠪᠥᠬᠦ ᠤᠯᠤᠰ ᠤᠨ ᠭᠤᠣᠯ ᠪᠣᠯᠬᠤ ᠠᠮᠢ ᠠᠬᠤᠢ ᠶᠢᠨ ᠣᠷᠣᠨ ᠤ ᠦᠷ᠎ᠡ | ᠬᠡᠷᠡᠭᠯᠡᠬᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠷᠴᠤ᠂ ᠵᠢᠮᠢᠰ ᠤᠨ ᠲᠦᠷᠦᠭᠦᠸ ᠶᠢ ᠬᠠᠲᠠᠭᠠᠬᠤ᠂ | ᠮᠠᠰᠢᠨᠴᠢᠯᠠᠯᠲᠠ ᠪᠠᠷ ᠡᠷᠡᠭᠴᠢᠨ ᠡᠮᠡᠭᠴᠢᠨ ᠢ ᠢᠯᠭᠠᠬᠤ᠂ ᠨᠠᠷᠢᠯᠢᠭ ᠢᠯᠭᠠᠨ ᠲᠠᠨᠢᠬᠤ ᠵᠡᠷᠭᠡ ᠲᠣᠨᠤᠭ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠢ ᠲᠡᠳᠡᠨ | ᠥᠪᠡᠷᠲᠡᠭᠡᠨ ᠵᠠᠰᠠᠬᠤ ᠣᠷᠣᠨ ᠳᠤ ᠢᠷᠡᠭᠦᠯᠵᠦ ᠦᠷ᠎ᠡ ᠪᠣᠶᠢᠵᠢᠭᠤᠯᠵᠤ᠂ ᠡᠷᠳᠡᠨᠢ ᠰᠢᠰᠢ ᠶᠢᠨ ᠠᠮᠢᠳᠤ ᠪᠣᠳᠠᠰ ᠤᠨ | ᠦᠷ᠎ᠡ ᠪᠣᠶᠢᠵᠢᠭᠤᠯᠵᠤ ᠦᠷ᠎ᠡ ᠪᠣᠶᠢᠵᠢᠭᠤᠯᠬᠤ ᠶᠢ ᠵᠠᠯᠭᠠᠨ ᠠᠪᠤᠨ᠎ᠠ᠃ ᠤᠯᠤᠰ ᠤᠨ ᠰᠢᠷ᠎ᠠ ᠪᠤᠷᠴᠠᠭ ᠦᠷᠡᠵᠢᠭᠦᠯᠦᠨ | ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠣᠯᠳᠠᠯᠭ᠎ᠠ | ᠪᠣᠯᠭᠠᠨ᠂ ᠦᠷ᠎ᠡ ᠶᠢᠨ ᠥᠩᠭᠡ ᠶᠢ ᠨᠠᠷᠢᠯᠢᠭ ᠰᠣᠩᠭᠤᠬᠤ᠂ ᠴᠢᠨᠠᠷ ᠰᠠᠶᠢᠲᠠᠢ ᠬᠤᠪᠴᠠᠰᠤ ᠬᠤᠨᠠᠷ ᠢ ᠪᠠᠭᠯᠠᠬᠤ᠂ | ᠣᠶᠤᠨᠴᠢ ᠪᠠᠷ ᠲᠤᠰᠠᠯᠠᠬᠤ ᠲᠦᠬᠦᠭᠡᠷᠦᠮᠵᠢ ᠶᠢᠨ ᠬᠡᠷᠡᠭᠯᠡᠯᠲᠡ ᠶᠢ ᠲᠡᠭᠦᠯᠳᠡᠷᠵᠢᠭᠦᠯᠵᠦ᠂ ᠤᠯᠤᠰ ᠤᠨ ᠠᠮᠢᠳᠤ | ᠪᠣᠳᠠᠰ ᠤᠨ ᠡᠭᠦᠯᠳᠡᠷ ᠪᠣᠶᠢᠵᠢᠭᠤᠯᠬᠤ ᠰᠢᠷ᠎ᠠ ᠪᠤᠷᠴᠠᠭ ᠢ ᠦᠷᠡᠵᠢᠭᠦᠯᠦᠨ ᠳᠠᠷᠢᠬᠤ ᠡᠭᠦᠷᠭᠡ ᠶᠢ ᠳᠠᠭᠠᠭᠠᠨ ᠠᠪᠤᠨ᠎ᠠ᠃ | ᠤᠯᠤᠰ ᠤᠨ ᠲᠥᠮᠥᠰᠥ ᠦᠷᠡᠵᠢᠭᠦᠯᠦᠨ ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠴᠠᠪ ᠬᠤᠲᠠ᠂ | ᠬᠥᠯᠥᠨ ᠪᠤᠶᠢᠷ ᠬᠤᠲᠠ ᠪᠠᠷ ᠭᠤᠣᠯᠳᠠᠯᠭ᠎ᠠ ᠪᠣᠯᠭᠠᠨ᠂ ᠰᠠᠭᠤᠷᠢᠨ ᠭᠠᠵᠠᠷ ᠤᠨ ᠡᠪᠡᠳᠴᠢᠨ ᠬᠤᠷᠣᠬᠠᠢ ᠶᠢᠨ | ᠬᠥᠨᠥᠭᠡᠯ ᠢ ᠣᠶᠤᠨᠴᠢ ᠪᠠᠷ ᠬᠢᠨᠠᠨ ᠬᠡᠮᠵᠢᠬᠦ᠂ ᠰᠢᠷᠣᠢ ᠪᠠᠷ ᠲᠠᠷᠬᠠᠬᠤ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ᠂ | ᠶᠠᠰᠤ ᠴᠢᠨᠠᠷ ᠢ ᠪᠠᠶᠢᠴᠠᠭᠠᠨ ᠬᠡᠮᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠨᠠᠷᠢᠮᠤ ᠪᠠ ᠨᠣᠬᠠᠢ ᠶᠢᠨ | ᠬᠤᠰᠢᠭᠤ ᠦᠷᠡᠵᠢᠭᠦᠯᠦᠨ ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠬᠠᠳᠠ ᠬᠤᠲᠠ᠂ ᠤᠯᠠᠭᠠᠨᠴᠠᠪ | ᠬᠤᠲᠠ ᠪᠠᠷ ᠭᠤᠣᠯᠳᠠᠯᠭ᠎ᠠ ᠪᠣᠯᠭᠠᠨ᠂ ᠦᠷ᠎ᠡ ᠨᠠᠷᠢᠯᠢᠭ ᠰᠣᠩᠭᠤᠬᠤ᠂ ᠬᠠᠲᠠᠭᠠᠬᠤ᠂ ᠬᠤᠪᠴᠠᠰᠤ ᠪᠠᠭᠯᠠᠬᠤ᠂ | ᠦᠷ᠎ᠡ ᠶᠢᠨ ᠬᠥᠮᠥᠷᠭᠡ ᠵᠡᠷᠭᠡ ᠲᠣᠨᠤᠭ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠨᠠᠨ ᠹᠠᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ | ᠬᠤᠶᠠᠷ ᠲᠤ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯ ᠵᠢᠭᠦᠷᠲᠡᠨ ᠤ | ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠣᠨᠤᠭ | ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠠᠦ᠋ᠲ᠋ᠣᠴᠢᠯᠠᠬᠤ᠂ ᠬᠡᠮᠵᠢᠨ | ᠲᠣᠭᠲᠠᠭᠠᠵᠤ ᠦᠨᠡᠯᠡᠨ ᠵᠢᠱᠢᠬᠦ ᠶᠢ ᠣᠶᠤᠨᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠣᠰᠤᠭ᠎ᠠ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠢᠷᠤᠮᠵᠢᠭᠰᠠᠨ ᠨᠢᠭᠡᠳᠦᠯᠲᠡᠢ ᠦᠢᠯᠡᠳᠪᠦᠷᠢᠯᠡᠯ ᠤᠨ | ᠴᠢᠳᠠᠮᠵᠢ ᠶᠢ ᠬᠡᠮᠵᠢᠨ ᠲᠣᠭᠲᠠᠭᠠᠬᠤ ᠵᠢᠴᠢ ᠤᠳᠤᠮᠰᠢᠯ ᠢ ᠦᠨᠡᠯᠡᠨ ᠵᠢᠱᠢᠬᠦ ᠶᠢ ᠥᠷᠨᠢᠭᠦᠯᠵᠦ᠂ ᠵᠢᠯ ᠪᠦᠷᠢ ᠲᠠᠯᠠᠪᠠᠶ | ᠪᠦᠷᠢ ᠳᠤ 200 ᠲᠣᠯᠣᠭᠠᠢ ᠠᠴᠠ ᠳᠡᠭᠡᠭᠰᠢ᠂ 800 ᠬᠤᠨᠢ ᠠᠴᠠ ᠳᠡᠭᠡᠭᠰᠢ᠂ ᠭᠠᠭ᠋ᠠᠢ ᠶᠢ 1000 ᠲᠣᠯᠣᠭᠠᠢ | ᠠᠴᠠ ᠳᠡᠭᠡᠭᠰᠢ ᠶᠢ ᠬᠡᠮᠵᠢᠨ ᠲᠣᠭᠲᠠᠭᠠᠵᠤ᠂ ᠡᠭᠦᠯᠳᠡᠷ ᠤᠨ ᠮᠠᠯ ᠤᠨ ᠲᠤᠭ᠎ᠠ ᠬᠡᠮᠵᠢᠶ᠎ᠡ ᠶᠢ ᠥᠷᠭᠡᠳᠬᠡᠨ᠂ | ᠡᠭᠦᠯᠳᠡᠷ ᠤᠨ ᠮᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠭᠦᠯᠳᠡᠷ ᠬᠠᠩᠭᠠᠬᠤ ᠴᠢᠳᠠᠪᠤᠷᠢ ᠶᠢ ᠵᠢᠯ ᠳᠤ 10% ᠪᠠᠷ | ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢᠨ | ᠰᠠᠭᠤᠷᠢᠨ ᠭᠠᠵᠠᠷ ᠢ ᠪᠠᠶᠢᠭᠤᠯᠤᠨ᠎ᠠ᠃ ᠦᠬᠡᠷ᠂ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠳᠤ ᠵᠢᠯ | ᠪᠦᠷᠢ ᠲᠣᠰ ᠲᠣᠰ 60 ᠲᠦᠮᠡᠨ ᠲᠥᠭᠦᠷᠢᠭ᠂ 40 ᠲᠦᠮᠡᠨ ᠲᠥᠭᠦᠷᠢᠭ ᠠᠴᠠ ᠳᠡᠭᠡᠭᠰᠢᠬᠢ ᠨᠥᠬᠦᠪᠦᠷᠢ ᠣᠯᠭᠤᠵᠤ᠂ | ᠬᠢᠨᠠᠨ ᠬᠡᠮᠵᠢᠵᠦ ᠦᠨᠡᠯᠡᠨ ᠵᠢᠱᠢᠬᠦ ᠳᠤ ᠬᠢᠷᠢ ᠲᠡᠩᠴᠡᠭᠰᠡᠨ ᠦᠭᠡᠢ ᠶᠢ ᠨᠢ ᠬᠥᠳᠡᠯᠦᠩᠭᠦᠢ ᠪᠠᠷ ᠪᠤᠴᠠᠭᠠᠨ | ᠭᠠᠷᠭᠠᠬᠤ ᠶᠢ ᠬᠡᠷᠡᠭᠵᠢᠭᠦᠯᠦᠨ᠎ᠡ᠃ | ᠭᠤᠷᠪᠠ ᠳᠤ ᠣᠶ ᠰᠢᠭᠤᠢ ᠡᠪᠡᠰᠦ ᠪᠡᠯᠴᠢᠭᠡᠷ ᠤᠨ ᠦᠷ᠎ᠡ ᠪᠠ ᠵᠤᠯᠵᠠᠭ᠎ᠠ ᠮᠣᠳᠣ ᠶᠢ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠡᠪᠡᠰᠦᠨ ᠦᠷ᠎ᠡ ᠶᠢ | ᠦᠷᠡᠵᠢᠭᠦᠯᠦᠨ ᠪᠣᠶᠢᠵᠢᠭᠤᠯᠬᠤ ᠳᠤ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠪᠡᠰᠦᠨ | ᠦᠷ᠎ᠡ ᠶᠢ ᠦᠷᠡᠵᠢᠭᠦᠯᠦᠨ ᠪᠣᠶᠢᠵᠢᠭᠤᠯᠬᠤ ᠭᠤᠣᠯᠳᠠᠯᠭ᠎ᠠ ᠲᠠᠢ ᠭᠠᠵᠠᠷ ᠣᠷᠣᠨ ᠢ ᠵᠣᠷᠢᠭᠵᠢᠭᠤᠯᠤᠨ ᠬᠥᠲᠥᠯᠥᠨ | ᠵᠢᠯᠤᠭᠤᠳᠴᠤ ᠪᠠᠶᠢᠭᠠᠳ ᠨᠢᠭᠡ ᠪᠦᠯᠦᠭ ᠥᠨᠳᠥᠷ ᠪᠠᠷᠢᠮᠵᠢᠶᠠᠲᠤ ᠡᠪᠡᠰᠦᠨ ᠦᠷ᠎ᠡ ᠶᠢ ᠦᠷᠡᠵᠢᠭᠦᠯᠦᠨ ᠪᠣᠶᠢᠵᠢᠭᠤᠯᠬᠤ | ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠪᠠᠶᠢᠷᠢᠯᠠᠭᠤᠯᠤᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠪᠠ ᠠᠮᠢ ᠠᠬᠤᠢ ᠶᠢ ᠰᠡᠷᠭᠦᠭᠡᠬᠦ ᠳᠤ ᠬᠡᠷᠡᠭᠯᠡᠬᠦ ᠡᠭᠦᠯᠳᠡᠷ ᠤᠨ ᠬᠡᠷᠡᠭᠴᠡᠭᠡ | ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠭᠠᠵᠠᠷ ᠰᠢᠷᠣᠢ᠂ ᠪᠡᠯᠡ ᠮᠥᠩᠭᠦ᠂ ᠲᠥᠷᠥᠯ ᠵᠦᠢᠯ | ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠷᠢᠮᠵᠢᠶᠠᠵᠢᠭᠤᠯᠤᠭᠰᠠᠨ᠂ ᠡᠷᠴᠢᠮᠵᠢᠭᠦᠯᠦᠭᠰᠡᠨ᠂ | ᠬᠡᠪᠴᠢᠶᠡᠵᠢᠭᠦᠯᠦᠭᠰᠡᠨ ᠡᠪᠡᠰᠦᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠤᠨ᠎ᠠ᠃ ᠠᠯᠢᠰᠤ ︵ᠬᠦᠬᠡ ᠡᠪᠡᠰᠦ︶ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠣᠶ ᠪᠣᠯᠭᠠᠵᠤ᠂ | ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ ᠪᠠᠷ ᠭᠤᠣᠯᠳᠠᠯᠭ᠎ᠠ ᠪᠣᠯᠭᠠᠨ᠂ ᠬᠤᠵᠢᠷᠯᠢᠭ | ᠭᠠᠵᠠᠷ᠂ ᠡᠯᠡᠰᠦᠷᠬᠡᠭ ᠭᠠᠵᠠᠷ ᠲᠤ ᠬᠡᠷᠡᠭᠯᠡᠬᠦ ᠭᠠᠵᠠᠷ ᠤᠨ ᠳᠠᠯᠳᠠ ᠬᠦᠴᠦᠨ ᠢ ᠠᠭᠤᠳᠠᠯᠵᠤ᠂ ᠭᠠᠵᠠᠷ ᠰᠣᠩᠭᠤᠨ | ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ | ᠲᠤᠰᠬᠠᠢ ᠵᠦᠢᠯ ᠢᠶᠠᠷ ᠲᠤᠯᠭᠠᠭᠤᠷᠢᠯᠠᠯ ᠪᠣᠯᠭᠠᠨ᠂ ᠳᠠᠷᠢᠬᠤ᠂ ᠬᠤᠷᠢᠶᠠᠬᠤ᠂ ᠴᠡᠪᠡᠷᠯᠡᠨ ᠰᠣᠩᠭᠤᠬᠤ ᠲᠤᠰᠬᠠᠢ ᠮᠠᠰᠢᠨ | ᠮᠧᠬᠠᠨᠢᠭ ᠢ ᠵᠣᠬᠢᠶᠠᠨ ᠪᠠᠶᠢᠭᠤᠯᠤᠨ ᠰᠤᠳᠤᠯᠤᠨ ᠦᠢᠯᠡᠳᠦᠨ᠎ᠡ︔ ᠡᠪᠡᠰᠦ ᠪᠡᠯᠴᠢᠭᠡᠷ ᠢ ᠦᠷᠡᠵᠢᠭᠦᠯᠦᠨ ᠪᠣᠶᠢᠵᠢᠭᠤᠯᠬᠤ | ᠰᠠᠭᠤᠷᠢᠨ ᠭᠠᠵᠠᠷ ᠢ ᠪᠠᠶᠢᠭᠤᠯᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ ᠪᠠᠷ | ᠭᠤᠣᠯᠳᠠᠯᠭ᠎ᠠ ᠪᠣᠯᠭᠠᠨ᠂ ᠬᠤᠵᠢᠷᠯᠢᠭ ᠭᠠᠵᠠᠷ᠂ ᠡᠯᠡᠰᠦᠷᠬᠡᠭ ᠭᠠᠵᠠᠷ ᠲᠤ ᠬᠡᠷᠡᠭᠯᠡᠬᠦ ᠭᠠᠵᠠᠷ ᠤᠨ ᠳᠠᠯᠳᠠ ᠬᠦᠴᠦᠨ ᠢ | ᠠᠭᠤᠳᠠᠯᠤᠨ᠂ ᠭᠠᠵᠠᠷ ᠰᠣᠩᠭᠤᠨ ᠭᠠᠵᠠᠷ ᠬᠡᠷᠡᠭᠯᠡᠬᠦ ᠶᠢ ᠪᠠᠲᠤᠯᠠᠨ᠎ᠠ︔ ᠴᠠᠷᠭᠠᠰᠤ ᠶᠢ ᠦᠷᠡᠵᠢᠭᠦᠯᠦᠨ ᠪᠣᠶᠢᠵᠢᠭᠤᠯᠬᠤ | ᠰᠠᠭᠤᠷᠢᠨ ᠭᠠᠵᠠᠷ ᠢ ᠪᠠᠶᠢᠭᠤᠯᠵᠤ᠂ ᠬᠥᠬᠡᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ | ᠬᠤᠲᠠ ᠪᠠᠷ ᠭᠤᠣᠯᠳᠠᠯᠭ᠎ᠠ ᠪᠣᠯᠭᠠᠨ᠂ ᠲᠥᠪᠯᠡᠷᠡᠨ ᠵᠠᠯᠭᠠᠯᠳᠤᠭᠰᠠᠨ ᠬᠡᠪᠴᠢᠶᠡᠵᠢᠭᠰᠡᠨ ᠦᠢᠯᠡᠳᠪᠦᠷᠢᠯᠡᠯ ᠢ | ᠬᠥᠭᠵᠢᠭᠦᠯᠵᠦ᠂ ᠦᠷ᠎ᠡ ᠶᠢᠨ ᠶᠠᠰᠤ ᠴᠢᠨᠠᠷ ᠢ ᠮᠥᠷᠳᠡᠨ ᠬᠠᠮᠢᠶᠠᠷᠬᠤ ᠠᠵᠢᠯ ᠢ ᠥᠷᠨᠢᠭᠦᠯᠦᠨ᠂ ᠰᠢᠯᠢᠳᠡᠭ | ᠡᠭᠦᠯᠳᠡᠷ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠢᠵᠢ ᠪᠦᠷᠢᠳᠦᠭᠦᠯᠦᠭᠰᠡᠨ ᠦᠢᠯᠡᠳᠪᠦᠷᠢᠯᠡᠯ ᠤᠨ ᠮᠠᠰᠢᠨ | ᠮᠧᠬᠠᠨᠢᠭ ᠢ ᠲᠠᠰ ᠳᠡᠪᠰᠢᠭᠦᠯᠦᠨ ᠥᠭᠡᠷᠡᠴᠢᠯᠡᠨ᠎ᠡ︔ ᠠᠮᠢ ᠠᠬᠤᠢ ᠶᠢ ᠰᠡᠷᠭᠦᠭᠡᠬᠦ ᠳᠤ ᠬᠡᠷᠡᠭᠯᠡᠬᠦ ᠡᠪᠡᠰᠦᠨ ᠤ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠬᠠᠳᠠ ᠬᠤᠲᠠ ᠪᠣᠯᠣᠨ | ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢᠶᠠᠷ ᠭᠤᠣᠯᠳᠠᠯᠭ᠎ᠠ ᠪᠣᠯᠭᠠᠵᠤ᠂ | ᠰᠥᠷᠬᠦ ᠶᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠵᠣᠬᠢᠴᠠᠬᠤ ᠬᠡᠪᠴᠢᠶ᠎ᠡ ᠪᠠᠷ ᠥᠷᠭᠡᠨ ᠠᠮᠢ ᠠᠬᠤᠢ ᠳᠤ ᠬᠡᠷᠡᠭᠯᠡᠬᠦ | ᠡᠪᠡᠰᠦᠨ ᠤ ᠲᠥᠷᠥᠯ ᠵᠦᠢᠯ ᠢ ᠨᠠᠩ ᠣᠯᠠᠨ ᠦᠷᠡᠵᠢᠭᠦᠯᠦᠨ ᠪᠣᠶᠢᠵᠢᠭᠤᠯᠵᠤ᠂ ᠮᠠᠭᠤᠳᠠᠭᠰᠠᠨ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠬᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠡᠯᠡᠰᠦᠷᠬᠡᠭ ᠭᠠᠵᠠᠷ ᠢ | ᠵᠠᠰᠠᠬᠤ᠂ ᠬᠤᠵᠢᠷᠯᠢᠭ ᠭᠠᠵᠠᠷ ᠢ ᠳᠡᠯᠭᠡᠷᠡᠭᠦᠯᠬᠦ ᠳᠤ ᠲᠣᠬᠢᠷᠠᠬᠤ ᠠᠳᠠᠯᠢ ᠪᠤᠰᠤ ᠲᠥᠷᠥᠯ ᠬᠡᠯᠪᠡᠷᠢ ᠶᠢᠨ ᠠᠮᠢ | ᠠᠬᠤᠢ ᠶᠢ ᠰᠡᠷᠭᠦᠭᠡᠬᠦ ᠳᠤ ᠬᠡᠷᠡᠭᠯᠡᠬᠦ ᠡᠭᠦᠯᠳᠡᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠥᠪᠥᠷ ᠮᠣᠩᠭᠤᠯ ᠢ | ᠪᠥᠬᠦ ᠤᠯᠤᠰ ᠤᠨ ᠬᠠᠮᠤᠭ ᠤᠨ ᠲᠣᠮᠣ ᠡᠪᠡᠰᠦᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ | ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠡ ᠪᠠᠷ ᠪᠠᠶᠢᠭᠤᠯᠬᠤ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ | ᠮᠣᠳᠣᠨ ᠤ ᠬᠦᠷᠢᠶᠡᠯᠡᠩ ᠳᠤ ᠨᠥᠬᠦᠪᠦᠷᠢ ᠱᠠᠩᠨᠠᠯ ᠣᠯᠭᠤᠬᠤ ᠶᠢ ᠳᠡᠮᠵᠢᠨ᠎ᠡ᠃ ᠰᠢᠬᠢᠷ ᠡᠪᠡᠰᠦ᠂ ᠬᠤᠨᠴᠢᠷ᠂ | ᠤᠯᠠᠭᠠᠨ ᠴᠠᠨ᠎ᠠ᠂ ᠴᠠᠭᠠᠨ ᠭᠤᠶᠣᠣ᠂ ᠤᠯᠠᠭᠠᠨ ᠭᠤᠶᠣᠣ᠂ ᠬᠤᠷᠳᠤᠨ ᠴᠠᠭᠠᠨ᠂ ᠴᠢᠴᠠᠷᠭᠠᠨ᠎ᠠ᠂ ᠤᠮᠠᠷᠠᠲᠤ ᠶᠢᠨ | ᠬᠤᠨᠴᠢᠷ᠂ ᠬᠠᠯᠬᠠᠪᠴᠢ ᠵᠡᠷᠭᠡ ᠣᠨᠴᠠᠯᠢᠭᠲᠤ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠶᠢ ᠳᠡᠮᠵᠢᠨ᠎ᠡ᠃ | ᠳᠥᠷᠪᠡ ᠳᠤ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠲᠥᠷᠥ ᠶᠢᠨ | ᠪᠣᠳᠣᠯᠭ᠎ᠠ ᠪᠠ ᠲᠥᠷᠥᠯ ᠵᠦᠢᠯ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ | ᠲᠠᠷᠢᠮᠠᠯ ᠤᠨ ᠦᠷ᠎ᠡ ᠶᠢᠨ ᠰᠠᠭᠤᠷᠢᠨ ᠭᠠᠵᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠤᠷᠢᠳᠠᠪᠠᠷ ᠰᠢᠨ᠎ᠡ ᠪᠠᠷ | ᠪᠠᠶᠢᠭᠤᠯᠬᠤ ᠪᠤᠶᠤ ᠥᠭᠡᠷᠡᠴᠢᠯᠡᠨ ᠳᠡᠭᠡᠭᠰᠢᠯᠡᠭᠦᠯᠵᠦ᠂ ᠳᠠᠪᠠᠭᠤᠯᠢᠭ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠢ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠬᠤᠪᠢᠶᠠᠷᠢᠯᠠᠨ ᠣᠷᠣᠭᠤᠯᠬᠤ ᠶᠢᠨ ᠬᠠᠮᠲᠤ | ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠣᠷᠣᠭᠤᠯᠤᠨ ᠬᠠᠮᠠᠭᠠᠯᠠᠨ᠎ᠠ᠃ ᠲᠠᠷᠢᠶᠠᠨ ᠭᠠᠵᠠᠷ ᠤᠨ ᠡᠭᠡᠯᠵᠢᠯᠡᠨ | ᠳᠠᠷᠢᠬᠤ ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠦᠷ᠎ᠡ ᠪᠣᠶᠢᠵᠢᠭᠤᠯᠬᠤ ᠰᠠᠭᠤᠷᠢᠨ | ᠭᠠᠵᠠᠷ ᠲᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠳᠤ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ ᠡᠩ | ᠲᠡᠷᠢᠭᠦᠨ ᠳᠤ ᠬᠠᠮᠤᠷᠤᠭᠤᠯᠵᠤ᠂ ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ ᠵᠡᠷᠭᠡ | ᠦᠢᠯᠡᠴᠢᠯᠡᠭᠡ ᠶᠢ ᠥᠷᠨᠢᠭᠦᠯᠦᠨ᠎ᠡ᠃ ᠬᠡᠪᠴᠢᠶᠡᠵᠢᠭᠦᠯᠦᠨ ᠢᠲᠡᠭᠡᠮᠵᠢ ᠣᠯᠭᠤᠬᠤ ᠳᠦᠷᠢᠮ ᠢ ᠬᠡᠷᠡᠭᠵᠢᠭᠦᠯᠵᠦ᠂ ᠬᠢᠨᠠᠨ | ᠬᠠᠮᠢᠶᠠᠷᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠷ᠎ᠡ ᠪᠣᠶᠢᠵᠢᠭᠤᠯᠬᠤ ᠰᠠᠭᠤᠷᠢᠨ ᠭᠠᠵᠠᠷ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠪᠦᠷᠢᠨ ᠲᠡᠭᠦᠯᠳᠡᠷ ᠲᠣᠭᠲᠠᠴᠠ ᠶᠢ ᠪᠣᠶ ᠪᠣᠯᠭᠠᠨ᠎ᠠ᠃ ᠡᠪᠡᠰᠦᠨ ᠤ ᠦᠷ᠎ᠡ | ᠦᠢᠯᠡᠳᠪᠦᠷᠢᠯᠡᠬᠦ ᠣᠷᠣᠨ ᠤ ᠶᠣᠰᠣᠭᠠᠷ ᠤᠰᠤ ᠠᠷᠪᠢᠯᠠᠵᠤ ᠤᠰᠤᠯᠠᠬᠤ ᠨᠥᠬᠦᠴᠡᠯ ᠢ ᠪᠦᠷᠢᠳᠦᠭᠦᠯᠦᠭᠰᠡᠨ᠂ | ᠲᠥᠪᠯᠡᠷᠡᠨ ᠵᠠᠯᠭᠠᠯᠳᠤᠭᠰᠠᠨ ᠪᠥᠭᠡᠳ ᠮᠠᠰᠢᠨᠴᠢᠯᠠᠨ ᠦᠢᠯᠡᠳᠪᠦᠷᠢᠯᠡᠬᠦ ᠳᠤ ᠲᠣᠬᠢᠷᠠᠬᠤ ᠡᠩ ᠤᠨ ᠲᠠᠷᠢᠶᠠᠨ ᠭᠠᠵᠠᠷ᠂ | ᠲᠡᠵᠢᠭᠡᠯ ᠡᠪᠡᠰᠦᠨ ᠤ ᠭᠠᠵᠠᠷ ᠪᠣᠯᠣᠨ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠭᠰᠡᠨ ᠭᠠᠵᠠᠷ ᠵᠡᠷᠭᠡ | ᠭᠠᠵᠠᠷ ᠤᠨ ᠲᠥᠷᠥᠯ ᠢ ᠬᠤᠪᠢᠶᠠᠷᠢᠯᠠᠨ ᠲᠣᠭᠲᠠᠭᠠᠵᠤ᠂ ᠥᠨᠳᠥᠷ ᠪᠠᠷᠢᠮᠵᠢᠶᠠᠲᠤ ᠡᠪᠡᠰᠦᠨ ᠤ ᠦᠷ᠎ᠡ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠶᠢ ᠪᠦᠲᠦᠭᠡᠨ ᠪᠠᠶᠢᠭᠤᠯᠤᠨ᠎ᠠ᠃ | ︵ᠳᠥᠷᠪᠡ︶ ᠱᠠᠩᠨᠠᠨ ᠬᠦᠬᠢᠭᠦᠯᠬᠦ ᠲᠣᠭᠲᠠᠴᠠ ᠶᠢ ᠪᠠᠶᠢᠭᠤᠯᠤᠨ᠂ ᠰᠢᠯᠢᠳᠡᠭ ᠡᠭᠦᠯᠳᠡᠷ ᠢ ᠳᠡᠯᠭᠡᠷᠡᠭᠦᠯᠦᠨ | ᠬᠡᠷᠡᠭᠯᠡᠬᠦ ᠠᠯᠬᠤᠴᠠ ᠶᠢ ᠲᠦᠷᠭᠡᠳᠬᠡᠨ᠎ᠡ | ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ᠂ ᠲᠥᠷᠥᠯ ᠵᠦᠢᠯ ᠵᠢᠴᠢ ᠪᠡᠯᠡ ᠮᠥᠩᠭᠦ ᠵᠡᠷᠭᠡ ᠬᠦᠴᠦᠨ | ᠵᠦᠢᠯ ᠢ ᠡᠮᠬᠢᠯᠡᠨ ᠨᠡᠶᠢᠯᠡᠭᠦᠯᠵᠦ᠂ ᠲᠠᠷᠢᠮᠠᠯ᠂ ᠣᠶ ᠰᠢᠭᠤᠢ ᠡᠪᠡᠰᠦ ᠪᠡᠯᠴᠢᠭᠡᠷ᠂ ᠮᠠᠯ ᠵᠢᠭᠦᠷᠲᠡᠨ ᠤ ᠡᠭᠦᠯᠳᠡᠷ ᠲᠤ | ᠰᠢᠯᠢᠳᠡᠭ ᠡᠭᠦᠯᠳᠡᠷ ᠤᠨ ᠨᠥᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠤᠨ | ᠠᠵᠤ ᠠᠬᠤᠶᠢᠯᠠᠯ ᠤᠨ ᠳᠠᠷᠢᠵᠤ ᠲᠡᠵᠢᠭᠡᠨ ᠦᠷᠡᠵᠢᠭᠦᠯᠬᠦ ᠢᠳᠡᠪᠬᠢᠵᠢᠯ ᠢ ᠳᠡᠭᠡᠭᠰᠢᠯᠡᠭᠦᠯᠦᠨ᠎ᠡ︔ ᠲᠠᠷᠢᠶ᠎ᠠ ᠶᠢ ᠦᠵᠡᠵᠦ | ᠦᠷ᠎ᠡ ᠰᠣᠩᠭᠤᠬᠤ ᠲᠠᠪᠴᠠᠩ ᠢ ᠪᠠᠶᠢᠭᠤᠯᠬᠤ᠂ ᠦᠷ᠎ᠡ ᠶᠢᠨ ᠶᠠᠰᠤ ᠴᠢᠨᠠᠷ ᠢ ᠭᠡᠷᠡᠴᠢᠯᠡᠬᠦ᠂ ᠦᠷ᠎ᠡ ᠶᠢᠨ ᠦᠢᠯᠡᠰ ᠤᠨ | ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠰᠤᠭᠤᠯᠤᠨ ᠪᠠᠶᠢᠴᠠᠭᠠᠬᠤ ᠵᠡᠷᠭᠡ ᠪᠠᠷ ᠳᠠᠮᠵᠢᠭᠤᠯᠤᠨ ᠰᠠᠶᠢᠨ ᠦᠷ᠎ᠡ ᠶᠢ | ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ 6 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ ᠳᠤ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠲᠠᠷᠢᠶᠠᠨ | ᠭᠠᠵᠠᠷ ᠢ ᠦᠵᠡᠵᠦ ᠦᠷ᠎ᠡ ᠰᠣᠩᠭᠤᠬᠤ ᠲᠠᠪᠴᠠᠩ ᠢ ᠪᠠᠶᠢᠭᠤᠯᠵᠤ᠂ ᠪᠦᠬᠦ ᠣᠷᠣᠨ ᠳᠤ ᠲᠠᠷᠢᠮᠠᠯ ᠤᠨ ᠥᠨᠳᠥᠷ | ᠤᠨᠠᠯᠲᠠ ᠲᠠᠢ᠂ ᠴᠢᠨᠠᠷ ᠰᠠᠶᠢᠲᠠᠢ᠂ ᠪᠣᠬᠢᠷᠲᠤᠯ ᠦᠭᠡᠢ ᠰᠢᠨ᠎ᠡ ᠡᠭᠦᠯᠳᠡᠷ ᠤᠨ ︽ᠲᠠᠷᠢᠶ᠎ᠠ ᠶᠢ ᠨᠢ ᠦᠵᠡᠵᠦ ᠦᠷ᠎ᠡ | ᠰᠣᠩᠭᠤᠬᠤ︾ ᠲᠠᠪᠴᠠᠩ 60 ᠶᠢ ᠪᠠᠶᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ᠂ | ᠡᠯᠳᠡᠪ ᠠᠮᠤ ᠡᠯᠳᠡᠪ ᠪᠤᠷᠴᠠᠭ ᠵᠡᠷᠭᠡ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠪᠦᠰᠡ ᠶᠢᠨ ᠴᠢᠨᠠᠷᠲᠠᠢ | ᠲᠠᠪᠴᠠᠩ ᠢ ᠭᠤᠣᠯᠳᠠᠯᠭ᠎ᠠ ᠲᠠᠢ ᠪᠣᠶ ᠪᠣᠯᠭᠠᠵᠤ᠂ ᠰᠢᠨ᠎ᠡ ᠡᠭᠦᠯᠳᠡᠷ ᠢ ᠳᠡᠯᠭᠡᠨ ᠦᠵᠡᠭᠦᠯᠵᠦ ᠦᠨᠡᠯᠡᠬᠦ ᠪᠠ ᠠᠮᠤᠷ | ᠲᠦᠪᠰᠢᠨ ᠤ ᠬᠢᠨᠠᠨ ᠬᠡᠮᠵᠢᠯᠲᠡ ᠶᠢ ᠲᠥᠪᠯᠡᠷᠡᠭᠦᠯᠦᠨ ᠥᠷᠨᠢᠭᠦᠯᠵᠦ᠂ ᠰᠢᠯᠢᠳᠡᠭ ᠡᠭᠦᠯᠳᠡᠷ ᠢ ᠲᠠᠨᠢᠯᠴᠠᠭᠤᠯᠬᠤ | ᠨᠡᠷᠡᠰ ᠤᠨ ᠵᠢᠭᠰᠠᠭᠠᠯᠲᠠ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠡᠭᠦᠯᠳᠡᠷ ᠬᠡᠷᠡᠭᠯᠡᠬᠦ ᠡᠭᠦᠯᠳᠡᠷ ᠬᠠᠩᠭᠠᠬᠤ | ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠲᠠᠷᠢᠶᠠᠴᠢᠳ ᠤᠨ ᠦᠢᠯᠡᠳᠪᠦᠷᠢᠯᠡᠯ ᠤᠨ ᠡᠭᠦᠯᠳᠡᠷ ᠰᠣᠩᠭᠤᠵᠤ | ᠡᠭᠦᠯᠳᠡᠷ ᠬᠡᠷᠡᠭᠯᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠦᠷ᠎ᠡ ᠶᠢᠨ ᠶᠠᠰᠤ ᠴᠢᠨᠠᠷ ᠢ | ᠭᠡᠷᠡᠴᠢᠯᠡᠬᠦ ᠶᠢ ᠥᠷᠨᠢᠭᠦᠯᠵᠦ᠂ ᠴᠢᠨᠠᠷ ᠰᠠᠶᠢᠲᠠᠢ ᠠᠵᠤ ᠠᠬᠤᠶᠢᠯᠠᠯ ᠤᠨ ᠴᠢᠨᠠᠷ ᠰᠠᠶᠢᠲᠠᠢ ᠡᠭᠦᠯᠳᠡᠷ ᠢ ᠭᠡᠷᠡᠴᠢᠯᠡᠬᠦ ᠪᠠᠷ | ᠳᠠᠮᠵᠢᠭᠤᠯᠤᠨ ᠴᠢᠨᠠᠷ ᠰᠠᠶᠢᠲᠠᠢ ᠦᠨ᠎ᠡ ᠬᠠᠩᠰᠢ ᠶᠢ ᠪᠡᠶᠡᠯᠡᠭᠦᠯᠬᠦ ᠶᠢ ᠵᠣᠷᠢᠭᠵᠢᠭᠤᠯᠤᠨ᠂ ᠲᠥᠮᠥᠰᠥ ᠶᠢᠨ ᠦᠷ᠎ᠡ | ᠲᠥᠮᠥᠰᠥ ᠶᠢᠨ ᠶᠠᠰᠤ ᠴᠢᠨᠠᠷ ᠢ ᠭᠡᠷᠡᠴᠢᠯᠡᠬᠦ ᠲᠠᠯᠠᠪᠠᠶ ᠶᠢ ᠵᠢᠯ ᠪᠦᠷᠢ 4000 ᠮᠦ ᠠᠴᠠ ᠳᠣᠣᠷ᠎ᠠ ᠪᠠᠶᠢᠯᠭᠠᠬᠤ ᠦᠭᠡᠢ᠂ | ᠮᠦ ᠪᠦᠷᠢ ᠳᠤ 1000 ᠲᠥᠭᠦᠷᠢᠭ ᠤᠨ ᠨᠥᠬᠦᠪᠦᠷᠢ ᠥᠭᠴᠦ᠂ ᠡᠷᠳᠡᠨᠢ ᠰᠢᠰᠢ ᠶᠢᠨ ᠦᠷ᠎ᠡ ᠶᠢᠨ ᠶᠠᠰᠤ ᠴᠢᠨᠠᠷ ᠢ | ᠭᠡᠷᠡᠴᠢᠯᠡᠬᠦ ᠲᠠᠯᠠᠪᠠᠶ ᠶᠢ ᠵᠢᠯ ᠪᠦᠷᠢ 2 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠮᠦ ᠪᠦᠷᠢ ᠳᠤ 200 | ᠲᠥᠭᠦᠷᠢᠭ ᠤᠨ ᠨᠥᠬᠦᠪᠦᠷᠢ ᠥᠭᠴᠦ᠂ ᠰᠢᠷ᠎ᠠ ᠪᠤᠷᠴᠠᠭ ᠤᠨ ᠦᠷ᠎ᠡ ᠶᠢᠨ ᠶᠠᠰᠤ ᠴᠢᠨᠠᠷ ᠢ ᠭᠡᠷᠡᠴᠢᠯᠡᠬᠦ ᠲᠠᠯᠠᠪᠠᠶ ᠶᠢ ᠵᠢᠯ | ᠪᠦᠷᠢ 1 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠮᠦ ᠪᠦᠷᠢ ᠳᠤ 200 ᠲᠥᠭᠦᠷᠢᠭ ᠤᠨ ᠨᠥᠬᠦᠪᠦᠷᠢ | ᠥᠭᠭᠦᠨ᠎ᠡ᠃ ᠮᠠᠯ ᠵᠢᠭᠦᠷᠲᠡᠨ ᠤ ᠰᠠᠶᠢᠨ ᠡᠭᠦᠯᠳᠡᠷ ᠤᠨ ᠳᠡᠯᠭᠡᠷᠡᠭᠦᠯᠦᠯᠲᠡ ᠶᠢ ᠲᠦᠷᠭᠡᠳᠬᠡᠵᠦ᠂ ᠭᠠᠭ᠋ᠠᠢ ᠦᠬᠡᠷ | ᠬᠤᠨᠢᠨ ᠤ ᠰᠠᠶᠢᠨ ᠡᠭᠦᠯᠳᠡᠷ ᠤᠨ ᠨᠥᠬᠦᠪᠦᠷᠢ ᠶᠢ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢᠨ | ᠰᠠᠶᠢᠨ ᠡᠭᠦᠯᠳᠡᠷ ᠤᠨ ᠢᠴᠡᠭᠡᠯ ᠦᠷ᠎ᠡ᠂ ᠴᠢᠨᠠᠷ ᠰᠠᠶᠢᠲᠠᠢ ᠬᠤᠴᠠ ᠬᠡᠷᠡᠭᠯᠡᠨ ᠦᠷᠡᠵᠢᠭᠦᠯᠦᠨ ᠪᠣᠶᠢᠵᠢᠭᠤᠯᠬᠤ ᠶᠢ | ᠲᠡᠮᠵᠢᠨ᠎ᠡ᠃ ᠰᠠᠭᠠᠯᠢ ᠶᠢᠨ ᠦᠢᠯᠡᠰ ᠤᠨ ᠰᠠᠶᠢᠨ ᠡᠭᠦᠯᠳᠡᠷ ᠢ ᠦᠷᠡᠵᠢᠭᠦᠯᠦᠨ ᠳᠡᠯᠭᠡᠷᠡᠭᠦᠯᠬᠦ ᠶᠢ ᠱᠠᠩᠨᠠᠨ | ᠬᠥᠬᠢᠭᠦᠯᠬᠦ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢᠨ ᠬᠦᠪᠦᠷᠡᠯ ᠢ ᠡᠵᠡᠮᠳᠡᠬᠦ᠂ | ᠢᠴᠡᠭᠡᠯ ᠦᠷ᠎ᠡ ᠶᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ ᠲᠠᠷᠢᠮᠠᠯ ᠣᠶ ᠡᠪᠡᠰᠦᠨ ᠤ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭᠠᠬᠢ ᠨᠥᠬᠦᠪᠦᠷᠢ | ᠱᠠᠩᠨᠠᠯ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠨᠢᠭᠡᠴᠡ ᠶᠢᠨ ᠰᠢᠨ᠎ᠡ ᠪᠠᠷ | ᠪᠣᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠭᠤᠣᠯ ᠪᠣᠯᠬᠤ ᠲᠠᠷᠢᠮᠠᠯ ᠤᠨ ᠵᠦᠢᠯ ᠪᠠ | ᠣᠶ ᠡᠪᠡᠰᠦᠨ ᠤ ᠲᠥᠷᠥᠯ ᠵᠦᠢᠯ ᠳᠤ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ | ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠨᠢᠭᠡᠴᠡ ᠶᠢᠨ ᠰᠢᠨ᠎ᠡ ᠪᠠᠷ | ᠪᠣᠶᠢᠵᠢᠭᠤᠯᠤᠭᠰᠠᠨ ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠶᠢᠨ ᠡᠷᠬᠡ ᠶᠢ ᠣᠯᠣᠭᠰᠠᠨ ᠡᠭᠦᠯᠳᠡᠷ ᠲᠤ 5 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ︔ ᠴᠢᠬᠤᠯᠠ ᠶᠡᠭᠡ ᠲᠥᠷᠥᠯ ᠵᠦᠢᠯ ᠢ | ᠰᠤᠳᠤᠯᠤᠨ ᠨᠡᠭᠡᠭᠡᠬᠦ ᠪᠠ ᠳᠡᠯᠭᠡᠷᠡᠭᠦᠯᠦᠭᠰᠡᠨ ᠤ ᠳᠠᠷᠠᠭᠠᠬᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠯᠭᠡᠷᠡᠭᠦᠯᠬᠦ ᠲᠠᠯᠠᠪᠠᠶ ᠪᠠᠷ ᠶᠡᠭᠡ᠂ ᠲᠠᠯᠠᠪᠠᠶ ᠨᠢᠭᠡᠴᠢ ᠶᠢᠨ | ᠤᠨᠠᠯᠲᠠ ᠶᠢᠨ ᠬᠢᠷᠢ ᠬᠡᠮᠵᠢᠶ᠎ᠡ ᠪᠠᠷ ᠥᠨᠳᠥᠷ᠂ ᠭᠠᠷᠤᠯᠲᠠ ᠪᠠᠨ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ᠂ ᠴᠢᠨᠠᠷ | ᠰᠠᠶᠢᠲᠠᠢ ᠲᠤᠰᠬᠠᠢ ᠬᠡᠷᠡᠭᠯᠡᠭᠡᠨ ᠤ ᠴᠢᠨᠠᠷ ᠢᠶᠠᠷ ᠰᠠᠶᠢᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠲᠥᠷᠥᠯ | ᠵᠦᠢᠯ ᠳᠤ ᠲᠥᠷᠥᠯ ᠵᠦᠢᠯ ᠢ ᠳᠡᠯᠭᠡᠷᠡᠭᠦᠯᠦᠭᠰᠡᠨ ᠱᠠᠩᠨᠠᠯ ᠣᠯᠭᠤᠵᠤ᠂ ᠲᠠᠷᠢᠶᠠᠯᠠᠩ ᠤᠨ ᠰᠠᠶᠢᠨ ᠡᠭᠦᠯᠳᠡᠷ ᠤᠨ ᠬᠢᠷᠢ | ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ | ᠭᠤᠷᠪᠠ ᠳᠤ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠤᠭᠰᠠᠨ ᠤ ᠳᠠᠷᠠᠭ᠎ᠠ ᠨᠥᠬᠦᠪᠦᠷᠢ ᠥᠭᠴᠦ ᠱᠠᠩᠨᠠᠬᠤ ᠶᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠣᠶᠢᠵᠢᠭᠤᠯᠤᠭᠰᠠᠨ ᠤᠯᠤᠰ ᠤᠨ ᠬᠢᠨᠠᠨ | ᠲᠣᠭᠲᠠᠭᠠᠯᠲᠠ ᠶᠢ ᠥᠩᠭᠡᠷᠡᠭᠡᠭᠰᠡᠨ ᠮᠠᠯ ᠵᠢᠭᠦᠷᠲᠡᠨ ᠤ ᠰᠢᠨ᠎ᠡ ᠡᠭᠦᠯᠳᠡᠷ ︵ᠲᠥᠬᠦᠷᠵᠢᠭᠰᠡᠨ ᠤᠳᠤᠮ︶ ᠨᠢᠭᠡ ᠪᠦᠷᠢ | ᠶᠢ 100 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠤᠨ ᠵᠥᠪᠯᠡᠯ ᠤᠨ ᠬᠢᠨᠠᠨ ᠲᠣᠭᠲᠠᠭᠠᠵᠤ ᠪᠠᠲᠤᠯᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ | ᠨᠢᠭᠡ ᠪᠦᠷᠢ ᠶᠢ 50 ᠲᠦᠮᠡᠨ ᠲᠥᠭᠦᠷᠢᠭ ᠱᠠᠩᠨᠠᠨ᠎ᠠ︔ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠡᠷᠡᠰ ᠤᠨ | ᠵᠢᠭᠰᠠᠭᠠᠯᠲᠠ ᠶᠢ ᠦᠨᠳᠦᠰᠦᠯᠡᠪᠡᠯ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠶᠢᠨ | ᠡᠮᠦᠨ᠎ᠡ ᠾᠧᠰᠲ᠋ᠠᠨ ᠦᠬᠡᠷ᠂ ᠰᠢᠮᠧᠨ᠋ᠳᠡᠷ ᠦᠬᠡᠷ᠂ ᠰᠠᠨ ᠾᠧ ᠦᠬᠡᠷ ᠤᠨ ᠡᠭᠦᠯᠳᠡᠷ ᠤᠨ ᠪᠤᠬ᠎ᠠ ᠶᠢ | ᠪᠣᠶᠢᠵᠢᠭᠤᠯᠤᠭᠰᠠᠨ ᠠᠵᠤ ᠠᠬᠤᠶᠢᠯᠠᠯ ᠢ ᠬᠢᠨᠠᠨ ᠰᠢᠯᠭᠠᠬᠤ ᠪᠠᠷ ᠳᠡᠮᠵᠢᠨ ᠪᠠᠷᠢᠮᠵᠢᠶ᠎ᠠ ᠳᠤ ᠭᠦᠷᠦᠭᠰᠡᠨ ᠤ ᠳᠠᠷᠠᠭ᠎ᠠ | ᠱᠠᠩᠨᠠᠨ ᠬᠥᠬᠢᠭᠦᠯᠦᠨ᠎ᠡ︔ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ | ᠥᠷᠢᠰᠦᠯᠳᠦᠬᠦ ᠬᠦᠴᠦᠨ ᠤ ᠵᠢᠭᠠᠯᠲᠠ ᠲᠤᠭ᠎ᠠ ︵CBI︶ ᠶᠢᠨ ᠨᠡᠷᠡᠰ ᠤᠨ ᠵᠢᠭᠰᠠᠭᠠᠯᠲᠠ ᠨᠢ ᠤᠯᠤᠰ ᠤᠨ | ᠳᠣᠲᠣᠭᠠᠳᠤ ᠶᠢᠨ ᠲᠦᠷᠦᠭᠦᠸ 100 ᠨᠡᠷᠡᠰ ᠲᠤ ᠣᠷᠣᠭᠰᠠᠨ ᠮᠢᠬᠠᠨ ᠤ ᠡᠭᠦᠯᠳᠡᠷ ᠤᠨ ᠪᠤᠬ᠎ᠠ ᠶᠢᠨ ᠡᠭᠦᠯᠳᠡᠷ | ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 5 ᠲᠦᠮᠡᠨ ᠲᠥᠭᠦᠷᠢᠭ ᠢᠶᠠᠷ ᠱᠠᠩᠨᠠᠨ᠎ᠠ᠃ | ᠳᠥᠷᠪᠡ ᠳᠤ ᠮᠥᠩᠭᠦᠨ ᠭᠦᠢᠯᠭᠡᠭᠡᠨ ᠢᠶᠠᠷ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ | ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠢ ᠨᠡᠶᠢᠲᠡᠯᠡᠬᠦ ᠶᠢ ᠳᠡᠮᠵᠢᠵᠦ᠂ ᠦᠷ᠎ᠡ ᠶᠢᠨ ᠦᠢᠯᠡᠰ ᠤᠨ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠂ ᠦᠷ᠎ᠡ ᠶᠢᠨ | ᠦᠢᠯᠡᠰ ᠤᠨ ᠰᠤᠳᠤᠯᠤᠨ ᠨᠡᠭᠡᠭᠡᠬᠦ ᠦᠶᠡᠯᠡᠯ ᠤᠨ ᠬᠤᠭᠤᠴᠠᠭ᠎ᠠ ᠣᠷᠳᠣ ᠪᠠᠶᠢᠬᠤ ᠣᠨᠴᠠᠯᠢᠭ ᠤᠨ ᠲᠣᠭᠤᠷᠢᠨ ᠳᠤ | 3 ︱ 5 ᠵᠢᠯ ᠤᠨ ᠣᠷᠳᠣ ᠦᠶᠡᠯᠡᠯ ᠤᠨ ᠬᠤᠭᠤᠴᠠᠭ᠎ᠠ ᠲᠠᠢ ᠮᠥᠩᠭᠦᠨ ᠭᠦᠢᠯᠭᠡᠭᠡᠨ ᠤ ᠦᠢᠯᠡᠳᠬᠦᠨ ᠢ | ᠲᠣᠭᠲᠠᠭᠠᠵᠤ᠂ ᠦᠷ᠎ᠡ ᠪᠣᠶᠢᠵᠢᠭᠤᠯᠬᠤ ᠠᠵᠤ ᠠᠬᠤᠶᠢᠯᠠᠯ᠂ ᠦᠷ᠎ᠡ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠳᠤ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠶᠢ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠥᠪᠡᠷᠲᠡᠭᠡᠨ ᠵᠠᠰᠠᠬᠤ ᠣᠷᠣᠨ ᠤ ᠲᠠᠰ ᠠᠴᠠ | ᠳᠡᠭᠡᠭᠰᠢᠬᠢ ᠲᠠᠷᠢᠮᠠᠯ ᠤᠨ ᠦᠢᠯᠡᠰ ᠤᠨ ᠬᠥᠲᠥᠴᠢ ᠠᠵᠤ ᠠᠬᠤᠶᠢᠯᠠᠯ ᠤᠨ ᠲᠥᠷᠥᠯ ᠵᠦᠢᠯ ᠢ ᠰᠤᠳᠤᠯᠤᠨ ᠨᠡᠭᠡᠭᠡᠬᠦ᠂ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠶᠢ ᠥᠷᠨᠢᠭᠦᠯᠬᠦ ᠶᠢ | ᠳᠡᠮᠵᠢᠨ᠎ᠡ᠃ | ᠲᠠᠪᠤ ᠳᠤ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ | ᠦᠷ᠎ᠡ ᠶᠢᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠬᠠᠮᠠᠭᠠᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠵᠠᠷ | ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠬᠤᠯᠪᠤᠭᠠᠯᠠᠨ ᠬᠥᠳᠡᠯᠦᠯᠴᠡᠵᠦ ᠬᠠᠮᠠᠭᠠᠯᠠᠬᠤ ᠪᠠ ᠵᠠᠰᠠᠭ | ᠵᠠᠬᠢᠷᠭᠠᠨ ᠤ ᠬᠠᠤᠯᠢ ᠴᠠᠭᠠᠵᠠ ᠶᠢᠨ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ | ᠴᠢᠨᠠᠷ ᠮᠠᠭᠤ ᠢᠵᠢ ᠫᠠᠶᠢᠰᠠ ᠶᠢᠨ ᠡᠷᠬᠡ ᠳᠤ ᠬᠠᠯᠳᠠᠭᠰᠠᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠦᠷ᠎ᠡ ᠶᠢᠨ ᠦᠢᠯᠡᠰ ᠤᠨ ᠠᠩᠬᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠦᠷ᠎ᠡ ᠶᠢᠨ | ᠦᠢᠯᠡᠰ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠵᠤ᠂ ᠦᠷ᠎ᠡ ᠶᠢᠨ | ᠶᠠᠰᠤ ᠴᠢᠨᠠᠷ ᠢ ᠪᠠᠶᠢᠴᠠᠭᠠᠨ ᠰᠢᠯᠭᠠᠬᠤ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ | ᠵᠢᠷᠭᠤᠭ᠎ᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ | ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠰᠢᠨ᠎ᠡ ᠶᠢ ᠡᠭᠦᠳᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠂ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠨ᠂ ︽ᠮᠧᠩ ᠺᠧ ᠵᠢᠤᠢ ︾ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠲᠠᠪᠴᠠᠩ ᠢ ᠰᠠᠶᠢᠲᠤᠷ ᠠᠰᠢᠭᠯᠠᠵᠤ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠲᠥᠷᠥᠯ ᠵᠦᠢᠯ᠂ ᠪᠡᠯᠡ | ᠮᠥᠩᠭᠦ ᠶᠢ ᠪᠦᠲᠦᠮᠵᠢᠲᠡᠶ ᠵᠣᠯᠭᠠᠭᠤᠯᠵᠤ᠂ ᠨᠠᠷᠢᠯᠢᠭ ᠣᠨᠣᠴᠠᠲᠠᠢ ᠪᠠᠷ ︽ᠠᠭᠤᠯᠵᠠᠭᠤᠯᠬᠤ ︾ ᠬᠡᠷᠡᠭᠲᠡᠢ᠃ | ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ᠂ ᠡᠭᠦᠳᠡ ᠪᠠᠨ ᠨᠡᠭᠡᠭᠡᠵᠦ ᠬᠠᠮᠲᠤᠪᠠᠷ ᠡᠳ᠋ᠯᠡᠵᠦ ᠰᠢᠨ᠎ᠡ ᠶᠢ | ᠡᠭᠦᠳᠬᠦ᠂ ᠨᠡᠭᠡᠭᠡᠯᠲᠡᠲᠤ ᠬᠠᠮᠲᠤᠷᠠᠯᠴᠠᠭᠠᠨ ᠤ ᠳᠤᠭᠤᠶᠢᠯᠠᠩ ᠤᠨ ᠪᠦᠯᠬᠦᠮ ᠢ ᠪᠠᠶᠢᠭᠤᠯᠬᠤ ᠶᠢ ᠪᠠᠷᠢᠮᠲᠠᠯᠠᠵᠤ᠂ | ᠣᠷᠣᠨ ᠤ ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠨ ᠤ ᠪᠦᠯᠬᠦᠮ ᠤᠨ ᠦᠷ᠎ᠡ ᠶᠢᠨ ᠦᠢᠯᠡᠰ ᠤᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠵᠦ᠂ ᠣᠷᠣᠨ ᠤ ᠳᠣᠲᠣᠷᠠᠬᠢ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠣᠷᠣᠨ ᠨᠤᠲᠤᠭ ᠤᠨ ᠦᠷ᠎ᠡ ᠶᠢᠨ | ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠦᠨ᠎ᠡ᠃ | ᠦᠷ᠎ᠡ ᠶᠢᠨ ᠦᠢᠯᠡᠰ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠤᠷᠢᠵᠤ ᠲᠣᠮᠢᠯᠠᠬᠤ ᠳᠦᠷᠢᠮ᠂ ᠳᠠᠪᠬᠤᠷ ᠤᠷᠢᠬᠤ ᠳᠦᠷᠢᠮ ᠤᠨ ᠠᠷᠭ᠎ᠠ ᠮᠠᠶ᠋ᠢᠭ ᠢᠶᠠᠷ ᠳᠡᠭᠡᠳᠦ | ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠂ ︽ᠨᠢᠭᠡ ᠭᠡᠷᠡᠭ ᠢ ᠨᠢᠭᠡ ᠵᠦᠪᠯᠡᠬᠦ ︾ ᠠᠷᠭ᠎ᠠ ᠮᠠᠶ᠋ᠢᠭ ᠢᠶᠠᠷ | ᠳᠡᠮᠵᠢᠯᠭᠡ ᠦᠵᠡᠭᠦᠯᠦᠨ᠎ᠡ᠃ ᠲᠠᠷᠢᠮᠠᠯ ᠤᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠳᠤᠷᠢᠳᠬᠤ ᠲᠤᠰᠢᠶᠠᠯ ᠡᠭᠦᠷᠭᠡᠯᠡᠭᠡ ᠦᠭᠡᠢ ᠰᠢᠨᠵᠢᠯᠡᠬᠦ ᠤᠬᠠᠭᠠᠨ ᠤ | ᠰᠤᠳᠤᠯᠤᠯ ᠤᠨ ᠠᠵᠢᠯᠲᠠᠳ ᠤᠨ ᠠᠵᠤ ᠠᠬᠤᠶᠢᠯᠠᠯ ᠳᠤ ᠣᠴᠢᠵᠤ ᠲᠤᠰᠢᠶᠠᠯ ᠬᠠᠪᠰᠤᠷᠭᠠᠬᠤ ᠪᠠ ᠴᠠᠯᠢᠩ | ᠬᠠᠪᠰᠤᠷᠭᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠠᠰᠢᠭ ᠲᠤᠰᠠ ᠪᠠᠨ ᠬᠤᠯᠪᠣᠬᠤ ᠲᠣᠭᠲᠠᠴᠠ ᠪᠠᠷ | ᠳᠠᠮᠵᠢᠭᠤᠯᠤᠨ ᠰᠢᠨ᠎ᠡ ᠶᠢ ᠡᠭᠦᠳᠬᠦ ᠴᠢᠳᠠᠪᠤᠷᠢᠲᠠᠨ ᠡᠯᠰᠡᠨ ᠠᠪᠬᠤ ᠶᠢ ᠲᠡᠮᠵᠢᠵᠤ᠂ ᠲᠠᠷᠢᠮᠠᠯ ᠤᠨ ᠦᠢᠯᠡᠰ ᠤᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ | ᠨᠡᠪᠳᠡᠷᠡᠯ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠤᠷᠮᠠᠰᠢᠭᠤᠯᠬᠤ ᠪᠠᠲᠤᠯᠠᠭ᠎ᠠ ᠶᠢ ᠨᠡᠮᠡᠭᠳᠡᠭᠦᠯᠦᠨ᠂ ᠰᠢᠯᠵᠢᠭᠦᠯᠦᠨ ᠥᠭᠬᠦ᠂ | ᠵᠥᠪᠰᠢᠶᠡᠷᠡᠬᠦ᠂ ᠦᠨ᠎ᠡ ᠲᠣᠭᠲᠠᠭᠠᠨ ᠬᠤᠪᠢ ᠣᠷᠣᠭᠤᠯᠬᠤ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ | ᠳᠣᠲᠣᠷ᠎ᠠ ᠨᠠᠶᠢᠳᠠᠪᠤᠷᠢᠵᠢᠭᠤᠯᠤᠨ ᠤᠯᠠᠷᠢᠭᠤᠯᠤᠭᠰᠠᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠢ ᠱᠠᠩᠨᠠᠨ ᠬᠥᠬᠢᠭᠦᠯᠦᠨ᠎ᠡ᠃ ᠵᠠᠬᠢᠶᠠᠯᠠᠭ᠎ᠠ ᠶᠢᠨ ᠮᠠᠶ᠋ᠢᠭ ᠤᠨ᠂ | ᠦᠢᠯᠡᠴᠢᠯᠡᠭᠡᠨ ᠤ ᠮᠠᠶ᠋ᠢᠭ ᠤᠨ ᠰᠢᠨᠵᠢᠯᠡᠬᠦ ᠤᠬᠠᠭᠠᠨ ᠤ ᠰᠤᠳᠤᠯᠤᠯ ᠢ ᠬᠠᠶᠢᠨ ᠰᠦᠪᠡᠭᠴᠢᠯᠡᠵᠦ᠂ ᠦᠷ᠎ᠡ ᠶᠢᠨ | ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠥᠨᠳᠥᠷ | ᠦᠷ᠎ᠡ ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ | ᠦᠷ᠎ᠡ ᠪᠦᠲᠦᠭᠡᠯ ᠭᠠᠷᠭᠠᠬᠤ᠂ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠦᠷ᠎ᠡ ᠪᠦᠲᠦᠭᠡᠯ ᠢ ᠦᠷᠡᠵᠢᠭᠦᠯᠦᠨ | ᠳᠡᠯᠭᠡᠷᠡᠭᠦᠯᠬᠦ᠂ ᠮᠠᠯᠴᠢᠨ ᠲᠠᠷᠢᠶᠠᠴᠢᠨ ᠬᠠᠮᠤᠭ ᠤᠨ ᠰᠢᠯᠢᠳᠡᠭ ᠬᠠᠮᠤᠭ ᠤᠨ ᠲᠣᠬᠢᠷᠠᠮᠵᠢᠲᠠᠢ ᠲᠥᠷᠥᠯ ᠵᠦᠢᠯ ᠢ | ᠬᠡᠷᠡᠭᠯᠡᠬᠦ ᠶᠢ ᠪᠡᠶᠡᠯᠡᠭᠦᠯᠵᠦ᠂ ᠦᠷ᠎ᠡ ᠶᠢᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ ᠭᠤᠭᠴᠤᠭ᠎ᠠ ᠶᠢ | ᠨᠢᠭᠲᠠᠷᠠᠭᠤᠯᠤᠨ ᠪᠥᠬᠦ ᠬᠡᠯᠬᠢᠶ᠎ᠡ ᠪᠠᠷ ᠬᠥᠭᠵᠢᠭᠦᠯᠬᠦ ᠶᠢ ᠠᠬᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ | | | | |