︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︿ᠲᠦᠷᠦᠭᠦᠴᠢ ᠭᠠᠯᠠᠭᠤ﹀ ᠶᠢ ᠬᠦᠮᠦᠵᠢᠭᠦᠯᠬᠦ ᠲᠥᠷᠥᠯ ᠵᠦᠢᠯ ᠤᠨ ᠬᠡᠯᠪᠡᠶᠢᠯᠭᠡᠬᠦ ᠲᠥᠷᠥ ᠶᠢᠨ ᠪᠣᠳᠣᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/16
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠦ ᠭᠠᠯᠠᠭᠤ︾ ᠶᠢ ᠬᠦᠮᠦᠵᠢᠭᠦᠯᠬᠦ ᠲᠥᠷᠥᠯ ᠵᠦᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠂ ︽ᠲᠦᠷᠦᠭᠦᠴᠢ ᠭᠠᠯᠠᠭᠤ︾ ᠶᠢᠨ ᠴᠢᠳᠠᠪᠤᠷᠢᠲᠠᠨ ᠢ ᠨᠠᠩ ᠰᠠᠶᠢᠨ ᠲᠡᠳᠡᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤᠮᠳᠠ ᠭᠠᠪᠢᠶ᠎ᠠ ᠵᠢᠳᠬᠦᠯ ᠪᠠᠶᠢᠭᠤᠯᠵᠤ᠂ ︽ᠲᠦᠷᠦᠭᠦᠴᠢ ᠭᠠᠯᠠᠭᠤ︾ ᠶᠢᠨ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠬᠥᠭᠵᠢᠭᠡᠵᠦ᠂ ᠲᠡᠭᠦᠨ ᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ ᠴᠢᠳᠠᠬᠤ ᠪᠤᠯᠭᠠᠬᠤ ᠶᠢᠨ ᠲᠦᠯᠦᠭᠡ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠡᠳ᠋ ᠤᠨ ᠵᠠᠰᠠᠭ ᠤᠨ ᠶᠠᠮᠤᠨ ᠤ ︿ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︿ᠲᠦᠷᠦᠭᠦᠴᠢ ᠭᠠᠯᠠᠭᠤ﹀ ᠶᠢ ᠬᠦᠮᠦᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠠᠷᠢᠶᠠᠴᠢᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ ᠂ ᠲᠡᠷᠡᠴᠢᠯᠡᠨ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠭᠠᠯᠠᠭᠤ︾ ᠬᠦᠮᠦᠵᠢᠭᠦᠯᠬᠦ ᠲᠥᠷᠥᠯ ᠵᠦᠢᠯ ᠤᠨ ᠬᠡᠯᠪᠡᠶᠢᠯᠭᠡᠬᠦ ᠲᠥᠷᠥ ᠶᠢᠨ ᠪᠣᠳᠣᠯᠭ᠎ᠠ︾ ᠶᠢ ᠣᠨᠴᠠᠭᠠᠶᠢᠯᠠᠨ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠣᠰ ᠲᠥᠷᠥ ᠶᠢᠨ ᠪᠣᠳᠣᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠭᠠᠯᠠᠭᠤ︾ ᠬᠦᠮᠦᠵᠢᠭᠦᠯᠬᠦ ᠲᠥᠷᠥᠯ ᠵᠦᠢᠯ ᠳᠤ ᠬᠡᠷᠡᠭᠯᠡᠨ᠎ᠡ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠦᠷᠦᠭᠦᠴᠢ ᠭᠠᠯᠠᠭᠤ︾ ᠰᠤᠷᠤᠭᠴᠢᠳ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠪᠠᠷ ᠲᠡᠳᠬᠦᠨ ᠳᠡᠮᠵᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ︽ᠲᠦᠷᠦᠭᠦᠴᠢ ᠭᠠᠯᠠᠭᠤ︾ ᠬᠦᠮᠦᠵᠢᠭᠦᠯᠬᠦ ᠲᠥᠷᠥᠯ ᠵᠦᠢᠯ ᠤᠨ ᠬᠡᠯᠪᠠᠶᠢᠯᠲᠡ ᠶᠢᠨ ᠲᠥᠷᠥ ᠶᠢᠨ ᠪᠣᠳᠣᠯᠭ᠎ᠠ      1. ᠨᠦᠭᠦᠴᠡᠯ ᠳᠤ ᠨᠡᠶᠢᠴᠡᠭᠰᠡᠨ ᠬᠥᠮᠥᠵᠢᠭᠦᠯᠬᠦ ᠡᠲᠡᠭᠡᠳ  ᠠᠴᠠ ︽ᠬᠠᠤᠯᠢ ᠴᠠᠭᠠᠵᠠ ᠶᠢᠨ  ᠲᠣᠳᠤᠷᠬᠠᠢ ᠬᠥᠮᠥᠨ︾᠂ ︽ᠮᠠᠯᠵᠢᠬᠤ ᠲᠠᠷᠢᠶᠠᠯᠠᠬᠤ ᠣᠷᠣᠨ ᠤ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ︾ ᠶᠢ ᠦᠨᠨᠡᠯᠡᠬᠦ ᠳᠤᠮᠳᠠ ᠭᠤᠣᠯᠳᠠᠯᠭ᠎ᠠ ᠲᠠᠢ ᠪᠣᠳᠣᠯᠬᠢᠯᠠᠨ᠎ᠠ᠃      2. ᠪᠣᠶᠢᠵᠢᠭᠤᠯᠬᠤ ᠡᠲᠡᠭᠡᠳ ᠤᠨ ᠲᠥᠷᠥᠯ ᠬᠡᠯᠪᠡᠷᠢ᠂ ᠨᠥᠬᠦᠴᠡᠯ ᠬᠢᠭᠡᠳ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠨᠥᠬᠦᠴᠡᠯ ᠳᠤ ᠨᠡᠶᠢᠴᠡᠬᠦ ᠬᠦᠮᠦᠵᠢᠭᠦᠯᠬᠦ ᠡᠲᠡᠭᠡᠳ ᠤᠨ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢ ᠤᠷᠢᠳᠠᠪᠠᠷ ᠳᠡᠮᠵᠢᠵᠦ᠂ ᠤᠯᠤᠰ ᠤᠨ ᠠᠵᠤ ᠦᠢᠯᠡᠰ ᠤᠨ ᠪᠦᠯᠦᠭᠯᠡᠯ᠂ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃      3. ᠮᠠᠯᠴᠢᠨ ᠲᠠᠷᠢᠶᠠᠴᠢᠨ ᠤ ᠬᠤᠷᠰᠢᠶ᠎ᠠ ᠶᠢ ᠳᠠᠭᠠᠭᠤᠯᠤᠨ ᠡᠷᠭᠢᠯᠡᠬᠦ ᠡᠲᠡᠭᠡᠳ ᠢ ᠪᠣᠶᠢᠵᠢᠭᠤᠯᠪᠠᠯ᠂ ᠮᠠᠯᠴᠢᠨ ᠲᠠᠷᠢᠶᠠᠴᠢᠨ ᠤ ᠬᠤᠷᠰᠢᠶ᠎ᠠ ᠶᠢ ᠵᠢᠷᠤᠮᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠳᠤ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠪᠣᠳᠣᠯᠬᠢᠯᠠᠨ ᠳᠡᠮᠵᠢᠨ᠎ᠡ᠃      4. ᠨᠦᠭᠦᠴᠡᠯ ᠳᠤ ᠨᠡᠶᠢᠴᠡᠭᠰᠡᠨ ᠬᠥᠮᠥᠵᠢᠭᠦᠯᠬᠦ ᠡᠲᠡᠭᠡᠳ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠭᠠᠯᠠᠭᠤ︾ ᠶᠢᠨ ᠲᠥᠷᠥᠯ ᠵᠦᠢᠯ ᠤᠨ ᠰᠤᠷᠤᠯᠭ᠎ᠠ ᠲᠡᠭᠦᠰᠦᠭᠰᠡᠨ ᠦᠨᠡᠮᠯᠡᠯ ᠢ ᠣᠯᠣᠭᠰᠠᠨ ᠤ ᠳᠠᠷᠠᠭ᠎ᠠ᠂ ᠮᠠᠯᠴᠢᠨ ᠲᠠᠷᠢᠶᠠᠴᠢᠨ ᠤ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠰᠢᠯᠭᠠᠷᠠᠭᠤᠯᠬᠤ ᠪᠠᠷ ᠰᠢᠭᠤᠳ ᠮᠡᠳᠡᠭᠦᠯᠵᠦ ᠪᠣᠯᠣᠨ᠎ᠠ᠃      5. ᠬᠦᠮᠦᠵᠢᠭᠦᠯᠬᠦ ᠡᠲᠡᠭᠡᠳ ᠤᠨ ᠲᠥᠷᠥᠯ ᠬᠡᠯᠪᠡᠷᠢ᠂ ᠨᠥᠬᠦᠴᠡᠯ ᠬᠢᠭᠡᠳ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠮᠡᠨ ᠨᠡᠷᠡᠰ ᠲᠤᠰᠬᠠᠢ ᠮᠡᠷᠭᠡᠵᠢᠯᠲᠡᠨ ᠢ ᠦᠨᠳᠦᠰᠦᠨ ᠱᠠᠲᠤᠨ ᠳᠤ ᠪᠠᠭᠤᠯᠭᠠᠬᠤ︾ ᠲᠥᠷᠥᠯ ᠵᠦᠢᠯ ᠳᠤ᠂ ᠳᠠᠭᠠᠭᠤᠯᠤᠭᠴᠢ ᠳᠤ ᠤᠷᠢᠳᠠᠪᠠᠷ ᠮᠡᠷᠭᠡᠵᠢᠯ ᠤᠨ ᠵᠢᠯᠣᠭᠤᠳᠤᠯᠭ᠎ᠠ ᠪᠠ ᠠᠵᠤ ᠦᠢᠯᠡᠰ ᠤᠨ ᠬᠠᠪᠰᠤᠷᠤᠨ ᠲᠡᠳᠬᠦᠮᠵᠢ ᠶᠢ ᠬᠠᠩᠭᠠᠨ᠎ᠠ᠃      6. ᠨᠦᠭᠦᠴᠡᠯ ᠳᠤ ᠨᠡᠶᠢᠴᠡᠭᠰᠡᠨ ᠬᠥᠮᠥᠵᠢᠭᠦᠯᠬᠦ ᠡᠲᠡᠭᠡᠳ  ᠢ ᠴᠢᠳᠠᠪᠤᠷᠢᠲᠠᠨ ᠰᠢᠯᠭᠠᠷᠠᠭᠤᠯᠬᠤ᠂ ᠰᠢᠯᠢᠳᠡᠭ ᠢ ᠬᠥᠬᠢᠭᠦᠯᠦᠨ ᠰᠠᠶᠢᠰᠢᠶᠠᠬᠤ ᠵᠡᠷᠭᠡ ᠴᠢᠳᠠᠪᠤᠷᠢᠲᠠᠨ ᠢ ᠦᠨᠡᠯᠡᠬᠦ ᠠᠵᠢᠯ ᠤᠨ ᠳᠤᠮᠳᠠ ᠤᠷᠢᠳᠠᠪᠠᠷ ᠲᠠᠨᠢᠯᠴᠠᠭᠤᠯᠵᠤ᠂ ᠭᠤᠣᠯᠳᠠᠯᠭ᠎ᠠ ᠲᠠᠢ ᠪᠣᠳᠣᠯᠬᠢᠯᠠᠨ᠎ᠠ᠃      7.  ᠬᠦᠮᠦᠵᠢᠭᠦᠯᠬᠦ ᠡᠲᠡᠭᠡᠳ ᠤᠨ ᠳᠣᠲᠣᠷᠠᠬᠢ ᠨᠥᠬᠦᠴᠡᠯ ᠳᠤ ᠨᠡᠶᠢᠴᠡᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠨ ᠨᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠦᠮᠦᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠳᠠᠭᠠᠨ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠪᠣᠳᠣᠯᠬᠢᠯᠠᠬᠤ ᠬᠡᠷᠡᠭᠲᠡᠢ᠃      8. ᠨᠦᠭᠦᠴᠡᠯ ᠳᠤ ᠨᠡᠶᠢᠴᠡᠭᠰᠡᠨ ᠬᠦᠮᠦᠵᠢᠭᠦᠯᠬᠦ ᠡᠲᠡᠭᠡᠳ  ᠲᠤ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ︾ ᠶᠢᠨ ᠡᠯᠪᠡᠭ ᠬᠤᠷᠢᠶᠠᠯᠲᠠ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠲᠠᠯ᠎ᠠ ᠪᠠᠷ ᠡᠩ ᠲᠡᠷᠢᠭᠦᠨ ᠳᠤ ᠳᠡᠮᠵᠢᠯᠭᠡ ᠦᠵᠡᠭᠦᠯᠦᠨ᠎ᠡ᠃      9. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠪᠡᠯ᠂ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ᠂ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠥᠬᠦᠪᠦᠷᠢ ᠵᠡᠷᠭᠡ ᠮᠠᠯ ᠠᠵᠤ ᠠᠬᠤᠢ ᠶᠢᠨ ᠲᠥᠷᠥᠯ ᠵᠦᠢᠯ ᠳᠤ ᠤᠷᠢᠳᠠᠪᠠᠷ ᠳᠡᠮᠵᠢᠯᠭᠡᠦᠵᠡᠭᠦᠯᠦᠨ᠎ᠡ᠃      10. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠪᠡᠯ᠂ ᠵᠢᠭᠠᠰᠤᠨ ᠤ ᠠᠵᠤ ᠦᠢᠯᠡᠰ ᠤᠨ ᠪᠣᠬᠢᠷᠲᠤᠯ ᠦᠭᠡᠢ ᠡᠷᠭᠢᠯᠲᠡᠲᠦ ᠬᠥᠭᠵᠢᠯᠲᠡ ᠶᠢᠨ ᠨᠥᠬᠦᠪᠦᠷᠢ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠦᠶᠡᠰ᠂ ︽ᠲᠦᠷᠦᠭᠦᠴᠢ ᠭᠠᠯᠠᠭᠤ︾ ᠶᠢᠨ ᠵᠢᠱᠢᠭᠳᠡᠭᠴᠢ ᠶᠢ ᠠᠳᠠᠯᠢ ᠲᠡᠭᠰᠢ ᠪᠠᠷ ᠤᠷᠢᠳᠠᠪᠠᠷ ᠪᠣᠳᠣᠯᠬᠢᠯᠠᠨ᠎ᠠ᠃      11. ᠬᠦᠮᠦᠵᠢᠭᠦᠯᠬᠦ ᠡᠲᠡᠭᠡᠳ ᠤᠨ ᠳᠣᠲᠣᠷᠠᠬᠢ ᠨᠥᠬᠦᠴᠡᠯ ᠳᠤ ᠨᠡᠶᠢᠴᠡᠬᠦ ᠶᠢ ᠨᠢ ᠤᠷᠢᠳᠠᠪᠠᠷ ᠮᠤᠵᠢ ᠶᠢᠨ ᠱᠠᠲᠤᠨ ᠤ ᠲᠠᠷᠢᠶᠠᠯᠠᠩ ᠤᠨ ᠮᠠᠰᠢᠨ ᠬᠡᠷᠡᠭᠯᠡᠬᠦ ᠨᠢᠭᠡᠳᠦᠭᠡᠷ ᠹᠷᠣᠨᠲ ᠤᠨ ︽ᠰᠢᠷᠣᠢ ᠶᠢᠨ ᠮᠡᠷᠭᠡᠵᠢᠯᠲᠡᠨ︾ ᠪᠠ ᠪᠥᠬᠦ ᠤᠯᠤᠰ ᠤᠨ ᠲᠠᠷᠢᠶᠠᠯᠠᠩ ᠤᠨ ᠮᠠᠰᠢᠨ ᠬᠡᠷᠡᠭᠯᠡᠬᠦ ᠨᠢᠭᠡᠳᠦᠭᠡᠷ ᠹᠷᠣᠨᠲ ᠤᠨ ︽ᠰᠢᠷᠣᠢ ᠶᠢᠨ ᠮᠡᠷᠭᠡᠵᠢᠯᠲᠡᠨ︾ ᠢᠶᠠᠷ ᠲᠠᠨᠢᠯᠴᠠᠭᠤᠯᠵᠤ ᠪᠣᠯᠣᠨ᠎ᠠ᠃      12. ᠨᠥᠬᠦᠴᠡᠯ ᠳᠤ ᠨᠡᠶᠢᠴᠡᠬᠦ᠂ ᠵᠣᠬᠢᠬᠤ ᠳᠠᠶᠢᠴᠢᠯᠠᠬᠤ ᠴᠢᠳᠠᠪᠤᠷᠢ ᠲᠠᠢ ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠲᠦᠬᠦᠭᠡᠷᠦᠮᠵᠢᠲᠦ ᠢᠳᠡᠰᠢᠨ ᠨᠣᠭᠤᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠵᠦ᠂ ᠤᠯᠤᠰ ᠤᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠭᠰᠡᠨ ᠬᠡᠪᠴᠢᠶᠡᠨ ᠳᠣᠲᠣᠷ᠎ᠠ ᠤᠷᠢᠳᠠᠪᠠᠷ ᠪᠣᠳᠣᠯᠬᠢᠯᠠᠬᠤ ᠬᠡᠷᠡᠭᠲᠡᠢ᠃      13. ᠨᠥᠬᠦᠴᠡᠯ ᠳᠤ ᠨᠡᠶᠢᠴᠡᠬᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠣᠨᠣᠯᠵᠢᠬᠤᠨ ᠢ ᠴᠢᠳᠠᠮᠠᠭᠠᠢ ᠪᠠᠷ ᠭᠥᠯᠢᠶᠡᠨ ᠠᠪᠬᠤ ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠮᠠᠯ ᠤᠨ ᠦᠢᠯᠡᠰ ᠤᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠲᠥᠷᠥᠯ ᠵᠦᠢᠯ ᠤᠨ ᠬᠡᠷᠡᠭᠵᠢᠭᠦᠯᠦᠯᠲᠡ ᠳᠤ ᠣᠷᠣᠯᠴᠠᠬᠤ ᠶᠢ ᠳᠡᠮᠵᠢᠵᠦ᠂ ᠤᠯᠤᠰ ᠤᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠬᠦ ᠬᠡᠪᠴᠢᠶᠡᠨ ᠳᠣᠲᠣᠷ᠎ᠠ ᠤᠷᠢᠳᠠᠪᠠᠷ ᠪᠣᠳᠣᠯᠬᠢᠯᠠᠨ᠎ᠠ᠃      14. ᠬᠦᠮᠦᠵᠢᠭᠦᠯᠬᠦ ᠡᠲᠡᠭᠡᠳ ᠤᠨ ᠲᠥᠷᠥᠯ ᠬᠡᠯᠪᠡᠷᠢ᠂ ᠨᠥᠬᠦᠴᠡᠯ ᠬᠢᠭᠡᠳ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠢ ᠡᠳ᠋ᠰᠢᠭᠦᠯᠬᠦ ᠠᠵᠤ ᠠᠬᠤᠶᠢᠯᠠᠯ ︵ᠦᠢᠯᠡᠳᠬᠡᠯ︶ ᠤᠨ ᠵᠢᠷᠤᠮᠵᠢᠭᠰᠠᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠭᠤᠣᠯᠳᠠᠯᠭ᠎ᠠ ᠲᠠᠢ ᠪᠣᠳᠣᠯᠬᠢᠯᠠᠵᠤ᠂ ᠤᠷᠢᠳᠠᠪᠠᠷ ᠲᠡᠳᠬᠦᠬᠦ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃      15. ᠬᠦᠮᠦᠵᠢᠭᠦᠯᠬᠦ ᠡᠲᠡᠭᠡᠳ ᠤᠨ ᠳᠣᠲᠣᠷᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠷᠢᠶ᠎ᠠ ᠪᠠᠨ ᠦᠵᠡᠵᠦ ᠦᠷ᠎ᠡ ᠰᠣᠩᠭᠤᠬᠤ ᠲᠠᠪᠴᠠᠩ ᠤᠨ ᠲᠤᠬᠠᠢ ᠶᠢᠨ ᠲᠠᠯᠠᠪᠠᠶ ᠶᠢᠨ ᠲᠣᠭᠤᠷᠢᠨ ᠦᠵᠡᠬᠦ ᠠᠵᠢᠯᠯᠠᠭ᠎ᠠ ᠳᠤ ᠲᠡᠳᠡᠨ ᠢ ᠤᠷᠢᠳᠠᠪᠠᠷ ᠵᠣᠬᠢᠶᠠᠨ ᠪᠠᠶᠢᠭᠤᠯᠤᠨ ᠣᠷᠣᠯᠴᠠᠭᠤᠯᠵᠤ᠂ ᠦᠷ᠎ᠡ ᠰᠣᠩᠭᠤᠵᠤ ᠦᠷ᠎ᠡ ᠬᠡᠷᠡᠭᠯᠡᠬᠦ ᠳᠤ ᠬᠠᠪᠰᠤᠷᠤᠯᠭ᠎ᠠ ᠬᠠᠩᠭᠠᠨ᠎ᠠ᠃      16. ᠠᠶᠢᠮᠠᠭ ᠬᠤᠲᠠ ᠬᠤᠰᠢᠭᠤ ᠰᠢᠶᠠᠨ ᠤ ︽ᠲᠦᠷᠦᠭᠦᠴᠢ ᠭᠠᠯᠠᠭᠤ︾ ᠶᠢᠨ ᠬᠥᠮᠥᠰ ᠢ ᠤᠷᠢᠳᠠᠪᠠᠷ ᠤᠷᠢᠨ ᠬᠡᠷᠡᠭᠯᠡᠵᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠯᠴᠢᠨ ᠲᠠᠷᠢᠶᠠᠴᠢᠨ ᠤ ᠬᠢᠨᠠᠯᠲᠠ ᠲᠠᠯᠪᠢᠭᠴᠢ ᠶᠢᠨ ᠨᠡᠶᠢᠲᠡ ᠶᠢᠨ ᠠᠰᠠᠷᠠᠮᠵᠢ ᠶᠢᠨ ᠲᠤᠰᠢᠶᠠᠯ ᠡᠭᠦᠷᠭᠡᠯᠡᠭᠦᠯᠬᠦ ᠶᠢ ᠳᠡᠮᠵᠢᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠲᠥᠷᠥᠯ ᠵᠦᠢᠯ ᠤᠨ ᠣᠷᠣᠨ ᠤ ᠳᠣᠲᠣᠷᠠᠬᠢ ︽ᠲᠦᠷᠦᠭᠦᠴᠢ ᠭᠠᠯᠠᠭᠤ︾ ᠶᠢᠨ ᠵᠢᠱᠢᠭᠳᠡᠭᠴᠢ ᠶᠢ ᠣᠷᠣᠭᠤᠯᠤᠨ ᠠᠪᠴᠤ ᠬᠦᠴᠦ ᠬᠥᠳᠡᠯᠮᠦᠷᠢ ᠣᠷᠣᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠠᠭᠠᠭᠠᠴᠢᠯᠠᠨ ᠡᠵᠡᠩᠨᠡᠬᠦ ᠶᠢᠨ ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ 100 ᠲᠥᠭᠦᠷᠢᠭ ᠠᠴᠠ ᠳᠤᠲᠠᠭᠤ ᠦᠭᠡᠢ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠤᠨ ᠬᠦᠴᠦ ᠬᠥᠳᠡᠯᠮᠦᠷᠢ ᠣᠷᠣᠭᠤᠯᠬᠤ ᠶᠢ ᠳᠡᠮᠵᠢᠬᠦ ᠪᠠ ᠬᠥᠲᠥᠯᠥᠨ ᠵᠢᠯᠣᠭᠤᠳᠤᠨ᠎ᠠ᠃      17. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠪᠡᠶᠡᠴᠢ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ ᠂ ᠲᠡᠭᠦᠨ ᠤ ᠪᠡᠶᠡᠴᠢ ᠴᠣᠭᠴᠠ ᠶᠢᠨ ᠬᠤᠪᠢ ᠪᠠᠷ ᠲᠠᠷᠢᠶᠠᠯᠠᠩ ᠤᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ᠂ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠵᠡᠷᠭᠡ ᠵᠦᠢᠯᠡᠰ ᠲᠤ ᠣᠷᠣᠯᠴᠠᠬᠤ ᠶᠢ ᠤᠷᠢᠳ ᠢᠶᠠᠷ ᠪᠣᠳᠣᠯᠬᠢᠯᠠᠵᠤ ᠪᠣᠯᠣᠨ᠎ᠠ ᠃      18. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠦᠮᠦᠵᠢᠭᠦᠯᠬᠦ ᠡᠲᠡᠭᠡᠳ ᠤᠨ ᠡᠵᠡᠩᠨᠡᠵᠦ ᠪᠠᠶᠢᠭ᠎ᠠ ᠦᠷ᠎ᠡ ᠶᠢᠨ ᠮᠠᠯ ᠵᠢᠭᠦᠷᠲᠡᠨ ᠤ ᠲᠠᠯᠠᠪᠠᠶ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯ ᠪᠣᠯᠬᠤ ᠡᠭᠦᠯᠳᠡᠷ ᠬᠦᠮᠦᠵᠢᠭᠦᠯᠬᠦ ᠲᠠᠯᠠᠪᠠᠶ᠂ ᠡᠭᠦᠯᠳᠡᠷ ᠬᠠᠮᠠᠭᠠᠯᠠᠬᠤ ᠲᠠᠯᠠᠪᠠᠶ ᠪᠠᠷ ᠮᠡᠳᠡᠭᠦᠯᠬᠦ ᠶᠢ ᠤᠷᠢᠳᠠᠪᠠᠷ ᠳᠡᠮᠵᠢᠨ᠎ᠡ᠃      19. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠢ ᠂ ᠭᠤᠣᠯ ᠴᠣᠭᠴᠠ ᠶᠢᠨ ᠬᠤᠪᠢ ᠪᠠᠷ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ᠂ ᠰᠠᠶᠢᠨ ᠠᠷᠭ᠎ᠠ ᠶᠢ ᠳᠡᠯᠭᠡᠷᠡᠭᠦᠯᠬᠦ᠂ ᠲᠦᠬᠦᠭᠡᠷᠦᠮᠵᠢᠲᠦ ᠲᠠᠷᠢᠶᠠᠯᠠᠩ ᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ ᠳᠤ ᠣᠷᠣᠯᠴᠠᠬᠤ ᠶᠢ ᠳᠡᠮᠵᠢᠨ᠎ᠡ᠃      20. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠢ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠤᠷᠢᠳᠠᠪᠠᠷᠳᠡᠮᠵᠢᠨ᠎ᠡ᠃      21. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠨᠢ ᠂ ᠡᠯ᠎ᠡ ᠱᠠᠲᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨ᠎ᠡ ᠮᠡᠷᠭᠡᠵᠢᠯ ᠰᠢᠨ᠎ᠡ ᠮᠠᠰᠢᠨ ᠪᠠᠭᠠᠵᠢ ᠶᠢᠨ ᠲᠤᠷᠰᠢᠯᠲᠠ ᠬᠢᠵᠦ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠲᠠᠷᠢᠶᠠᠯᠠᠩ ᠤᠨ ᠮᠠᠰᠢᠨ ᠪᠠᠭᠠᠵᠢ ᠶᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠲᠥᠷᠥᠯ ᠵᠦᠢᠯ ᠢ ᠤᠷᠢᠳᠠᠪᠠᠷ ᠵᠠᠯᠭᠠᠨ ᠵᠣᠯᠭᠠᠭᠤᠯᠬᠤ ᠪᠤᠶᠤ ᠲᠡᠭᠦᠨ ᠳᠤ ᠣᠷᠣᠯᠴᠠᠵᠤ ᠪᠣᠯᠣᠨ᠎ᠠ᠃      22. ᠬᠥᠮᠥᠵᠢᠭᠦᠯᠬᠦ ᠡᠲᠡᠭᠡᠳ ᠤᠨ ᠳᠣᠲᠣᠷᠠᠬᠢ ᠨᠥᠬᠦᠴᠡᠯ ᠳᠤ ᠨᠡᠶᠢᠴᠡᠬᠦ ᠶᠢ ᠨᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠪᠠᠭᠰᠢ ᠶᠢᠨ ᠬᠥᠮᠥᠷᠭᠡ ᠳᠤ ᠵᠢᠭᠰᠠᠭᠠᠨ ᠣᠷᠣᠭᠤᠯᠵᠤ᠂ ᠪᠤᠯᠪᠠᠰᠤᠷᠠᠭᠤᠯ ᠤᠨ ᠡᠭᠦᠷᠭᠡ ᠶᠢ ᠡᠭᠦᠷᠭᠡᠯᠡᠬᠦ ᠬᠦᠰᠡᠯ ᠲᠠᠢ ᠬᠥᠮᠥᠰ ᠪᠠᠭᠰᠢ ᠶᠢᠨ ᠵᠢᠭᠠᠨ ᠰᠤᠷᠭᠠᠯᠲᠠ ᠶᠢᠨ  ᠪᠤᠯᠪᠠᠰᠤᠷᠠᠭᠤᠯ ᠤᠨ ᠡᠭᠦᠷᠭᠡ ᠶᠢ ᠡᠭᠦᠷᠭᠡᠯᠡᠵᠦ ᠪᠣᠯᠣᠨ᠎ᠠ᠃      23. ᠪᠣᠶᠢᠵᠢᠭᠤᠯᠬᠤ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠬᠦ ᠶᠢ ᠨᠢ ᠪᠥᠬᠦ ᠤᠯᠤᠰ ᠤᠨ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠣᠳᠣᠨ ᠲᠠᠰ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠤᠷᠢᠳᠠᠪᠠᠷ ᠲᠠᠨᠢᠯᠴᠠᠭᠤᠯᠤᠨ ᠮᠡᠳᠡᠭᠦᠯᠦᠨ᠎ᠡ᠃      24. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠨᠢ ᠂ ᠪᠥᠬᠦ ᠤᠯᠤᠰ ᠤᠨ ᠵᠠᠭᠤᠨ ᠬᠦᠴᠦᠷᠬᠡᠭ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠤᠷᠢᠳᠠᠪᠠᠷ ᠲᠠᠨᠢᠯᠴᠠᠭᠤᠯᠤᠨ ᠮᠡᠳᠡᠭᠦᠯᠦᠨ᠎ᠡ᠃      25. ᠬᠦᠮᠦᠵᠢᠭᠦᠯᠬᠦ ᠡᠲᠡᠭᠡᠳ ᠤᠨ ᠪᠠᠶᠢᠭ᠎ᠠ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠠᠬᠢ ᠵᠢᠭᠠᠰᠤᠨ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠨᠥᠬᠦᠴᠡᠯ ᠳᠤ ᠨᠡᠶᠢᠴᠡᠭᠰᠡᠨ ᠪᠠᠶᠢᠪᠠᠯ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠭᠤᠣᠯᠳᠠᠯᠭ᠎ᠠ ᠲᠠᠢ ᠤᠷᠢᠳᠠᠪᠠᠷ ᠪᠣᠳᠣᠯᠬᠢᠯᠠᠨ᠎ᠠ᠃      26. ᠬᠦᠮᠦᠵᠢᠭᠦᠯᠬᠦ ᠡᠲᠡᠭᠡᠳ ᠤᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠢ ᠡᠩ ᠲᠡᠷᠢᠭᠦᠨ ᠳᠤ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠮᠡᠷᠭᠡᠵᠢᠯ ᠢ ᠳᠡᠯᠭᠡᠷᠡᠭᠦᠯᠬᠦ ᠨᠢᠭᠡᠳᠦᠭᠡᠷ ᠹᠷᠣᠨᠲ ᠤᠨ ᠨᠤᠲᠤᠭ ᠤᠨ ᠲᠤᠰᠬᠠᠢ ᠮᠡᠷᠭᠡᠵᠢᠯᠲᠡᠨ ᠢᠶᠠᠷ ᠲᠠᠨᠢᠯᠴᠠᠭᠤᠯᠵᠤ ᠪᠣᠯᠣᠨ᠎ᠠ᠃      27. ᠪᠣᠶᠢᠵᠢᠭᠤᠯᠬᠤ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠨᠢ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠤᠶᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ᠂ ᠳᠡᠯᠭᠡᠷᠡᠭᠦᠯᠬᠦ ᠲᠥᠷᠥᠯ ᠵᠦᠢᠯ ᠢ ᠤᠷᠢᠳᠠᠪᠠᠷ ᠳᠠᠭᠠᠭᠠᠨ ᠠᠪᠬᠤ ᠪᠤᠶᠤ ᠲᠡᠭᠦᠨ ᠳᠤ ᠣᠷᠣᠯᠴᠠᠬᠤ ᠪᠤᠶᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ᠂ ᠳᠡᠯᠭᠡᠷᠡᠭᠦᠯᠬᠦ ᠲᠥᠷᠥᠯ ᠵᠦᠢᠯ ᠳᠤ ᠬᠠᠮᠲᠤᠷᠠᠯᠴᠠᠨ ᠣᠷᠣᠯᠴᠠᠵᠤ ᠪᠣᠯᠣᠨ᠎ᠠ᠃      28. ᠪᠣᠶᠢᠵᠢᠭᠤᠯᠬᠤ ᠡᠲᠡᠭᠡᠳ ᠨᠢ ᠰᠦᠨ ᠤ ᠦᠢᠯᠡᠰ ᠢ ᠬᠥᠭᠵᠢᠭᠦᠯᠬᠦ ᠨᠥᠬᠦᠴᠡᠯ ᠳᠤ ᠨᠡᠶᠢᠴᠡᠪᠡᠯ ᠂ ᠮᠡᠷᠭᠡᠵᠢᠯ ᠤᠨ ᠭᠤᠣᠯᠳᠠᠯᠭ᠎ᠠ ᠲᠠᠢ ᠰᠢᠯᠭᠠᠨ ᠬᠢᠨᠠᠬᠤ ᠲᠥᠷᠥᠯ ᠵᠦᠢᠯ ᠤᠨ ᠬᠠᠮᠢᠶᠠᠷᠤᠯᠲᠠ ᠳᠤ ᠣᠷᠣᠭᠤᠯᠤᠨ᠎ᠠ᠃      29. ᠬᠦᠮᠦᠵᠢᠭᠦᠯᠬᠦ ᠡᠲᠡᠭᠡᠳ ᠤᠨ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠵᠦ ᠪᠠᠶᠢᠭᠠᠳ ᠪᠥᠬᠦ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠤᠷᠢᠳᠠᠪᠠᠷ ᠬᠡᠷᠡᠭᠵᠢᠭᠦᠯᠬᠦ ᠣᠷᠣᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃      30. ᠬᠥᠮᠥᠵᠢᠭᠦᠯᠬᠦ ᠡᠲᠡᠭᠡᠳ ᠨᠢ 2023 ᠣᠨ ᠤ ᠥᠪᠥᠷ ᠮᠣᠩᠭᠤᠯ ᠤᠨ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠳᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠳᠤᠮᠳᠠ ᠢᠯᠡᠷᠡᠯ ᠢᠶᠠᠷ ᠲᠣᠪᠣᠶᠢᠮ᠎ᠠ᠂ ᠣᠨᠴᠣᠭᠤᠢ ᠬᠤᠪᠢ ᠨᠡᠮᠡᠷᠢ ᠦᠵᠡᠭᠦᠯᠦᠭᠰᠡᠨ ᠬᠥᠮᠥᠵᠢᠭᠦᠯᠬᠦ ᠡᠲᠡᠭᠡᠳ ᠤᠨ ᠲᠡᠷᠢᠭᠦᠨ ᠤ ᠬᠡᠷᠡᠭ ᠤᠨ ᠵᠢᠱᠢᠶ᠎ᠡ᠂ ᠰᠢᠯᠢᠳᠡᠭ ᠦᠶᠯᠡ ᠠᠵᠢᠯᠯᠠᠭ᠎ᠠ ᠶᠢ ᠤᠷᠢᠳᠠᠪᠠᠷ ᠤᠬᠠᠭᠤᠯᠤᠨ᠎ᠠ᠃      31. ᠬᠦᠮᠦᠵᠢᠭᠦᠯᠬᠦ ᠡᠲᠡᠭᠡᠳ ᠤᠨ ᠲᠥᠷᠥᠯ ᠬᠡᠯᠪᠡᠷᠢ᠂ ᠨᠥᠬᠦᠴᠡᠯ ᠬᠢᠭᠡᠳ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤ᠂ ᠳᠡᠮᠵᠢᠬᠦ ᠬᠡᠪᠴᠢᠶᠡᠨ ᠳᠤ ᠤᠷᠢᠳᠠᠪᠠᠷ ᠣᠷᠣᠭᠤᠯᠤᠨ᠎ᠠ᠃      32. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠪᠡᠯ᠂ ᠤᠯᠤᠰ ᠤᠨ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠦᠨᠡᠯᠡᠯᠲᠡ ᠶᠢ ᠲᠠᠨᠢᠯᠴᠠᠭᠤᠯᠬᠤ ᠶᠢ ᠤᠷᠢᠳᠠᠪᠠᠷ ᠪᠣᠳᠣᠯᠬᠢᠯᠠᠬᠤ ᠬᠡᠷᠡᠭᠲᠡᠢ᠃      33. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠠᠮᠢᠲᠠᠨ ᠤ ᠬᠢᠵᠢᠭ ᠡᠪᠡᠳᠴᠢᠨ ᠢ ᠴᠡᠪᠡᠷᠰᠢᠭᠦᠯᠬᠦ ᠨᠥᠬᠦᠴᠡᠯ ᠳᠤ ᠨᠡᠶᠢᠴᠡᠭᠰᠡᠳ ᠢ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠴᠡᠪᠡᠷᠰᠢᠭᠦᠯᠬᠦ ᠬᠡᠪᠴᠢᠶᠡᠨ ᠳᠤ ᠤᠷᠢᠳᠠᠪᠠᠷ ᠣᠷᠣᠭᠤᠯᠤᠨ᠎ᠠ᠃      34. ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠳᠤ᠂ ᠪᠥᠬᠦ ᠣᠷᠣᠨ ᠤ ᠬᠢᠵᠢᠭ ᠦᠭᠡᠢ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠬᠢᠵᠢᠭ ᠦᠭᠡᠢ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠦᠨ᠎ᠡ᠃      35. ᠬᠥᠮᠥᠵᠢᠭᠦᠯᠬᠦ ᠡᠲᠡᠭᠡᠳ ᠤᠨ ᠳᠣᠲᠣᠷᠠᠬᠢ ᠨᠥᠬᠦᠴᠡᠯ ᠳᠤ ᠨᠡᠶᠢᠴᠡᠭᠰᠡᠳ ᠢ ᠂ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠴᠠ ᠳᠤ᠂ ︽ᠮᠢᠩᠭᠠᠨ ᠬᠥᠮᠥᠨ ᠢᠶᠠᠷ ᠲᠦᠮᠡᠨ ᠬᠤᠷᠰᠢᠶ᠎ᠠ ᠶᠢ ᠳᠠᠭᠠᠭᠤᠯᠬᠤ︾ ᠬᠤᠷᠰᠢᠶ᠎ᠠ ᠶᠢᠨ ᠬᠠᠪᠰᠤᠷᠤᠨ ᠵᠢᠯᠣᠭᠤᠳᠤᠭᠴᠢ ᠶᠢᠨ ᠡᠩᠨᠡᠭᠡ ᠳᠤ ᠤᠷᠢᠳᠠᠪᠠᠷ ᠣᠷᠣᠭᠤᠯᠤᠨ᠎ᠠ᠃      36. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷ᠎ᠠ ᠨᠢ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠬᠤᠶᠠᠷ ᠵᠦᠢᠯ ᠨᠢᠭᠡ ᠲᠡᠮᠳᠡᠭ︾ ᠤᠨ ᠭᠡᠷᠡᠴᠢᠯᠡᠭᠡ ᠳᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠡᠯᠪᠡᠶᠢᠯᠭᠡᠬᠦ ᠪᠤᠶᠤ ᠲᠡᠷᠢᠭᠦᠯᠡᠬᠦ ᠡᠷᠬᠡ ᠣᠯᠭᠤᠬᠤ ᠶᠢᠨ ᠬᠠᠮᠲᠤ᠂ ᠱᠠᠩᠨᠠᠵᠤ ᠲᠤᠰᠠᠯᠠᠬᠤ ᠦᠶ᠎ᠡ ᠳᠤ ᠤᠷᠢᠳᠠᠪᠠᠷ ᠣᠯᠭᠤᠨ᠎ᠠ᠃      37. ᠬᠦᠮᠦᠵᠢᠭᠦᠯᠬᠦ ᠡᠲᠡᠭᠡᠳ ᠵᠢᠴᠢ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠪᠥᠬᠦ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠳᠤᠮᠳᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠡᠯᠪᠡᠶᠢᠯᠭᠡᠬᠦ ᠪᠤᠶᠤ ᠲᠡᠷᠢᠭᠦᠯᠡᠬᠦ ᠡᠷᠬᠡ ᠣᠯᠭᠤᠨ᠎ᠠ᠃       ᠳᠠᠭᠠᠯᠳᠤᠭᠤᠯᠤᠯ ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︿ᠲᠦᠷᠦᠭᠦᠴᠢ ᠭᠠᠯᠠᠭᠤ﹀ ᠶᠢ ᠬᠦᠮᠦᠵᠢᠭᠦᠯᠬᠦ ᠲᠥᠷᠥᠯ ᠵᠦᠢᠯ ᠤᠨ ᠬᠡᠯᠪᠡᠶᠢᠯᠭᠡᠬᠦ ᠲᠥᠷᠥ ᠶᠢᠨ ᠪᠣᠳᠣᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ᠃      1 ᠬᠥᠬᠡᠬᠤᠲᠠ      2 ᠪᠤᠭᠤᠲᠤ ᠬᠤᠲᠠ      3 ᠤᠯᠠᠭᠠᠨᠬᠠᠳᠠ ᠬᠤᠲᠠ      4 ᠬᠥᠯᠥᠨ ᠪᠤᠶᠢᠷ ᠬᠤᠲᠠ      5 ᠲᠦᠩᠯᠢᠶᠣᠣ ᠬᠤᠲᠠ      6. ᠤᠯᠠᠭᠠᠨᠴᠠᠪ ᠬᠤᠲᠠ      7 ᠣᠷᠳᠣᠰ ᠬᠤᠳᠠ      8 ᠪᠠᠶᠠᠨᠨᠠᠭᠤᠷ ᠬᠤᠲᠠ      9 ᠬᠢᠩᠭᠠᠨ ᠠᠶᠢᠮᠠᠭ      10 ᠰᠢᠯᠢ ᠶᠢᠨ ᠭᠤᠣᠯ ᠠᠶᠢᠮᠠᠭ      11 ᠦᠬᠠᠢ ᠬᠤᠲᠠ      12 ᠠᠯᠠᠱᠠ ᠠᠶᠢᠮᠠᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号