ᠨᠦᠩ ᠬᠤᠸᠠ 50-CP-2.5kg
ᠨᠡᠶᠢᠲᠡᠯᠡᠭᠰᠡᠨ ᠴᠠᠭ᠄
2024/1/21
      ᠲᠥᠷᠥᠯ ᠵᠦᠢᠯ ᠤᠨ ᠨᠡᠷᠡᠶᠢᠳᠦᠯ᠄ ᠡᠷᠳᠡᠨᠢ ᠰᠢᠰᠢ      ᠡᠭᠦᠯᠳᠡᠷ ᠤᠨ ᠨᠡᠷᠡᠶᠢᠳᠦᠯ᠄ ᠨᠦᠩ ᠬᠤᠸᠠ 50-CP-2.5kg      ᠮᠤᠵᠢ ᠶᠢᠨ ᠱᠠᠲᠤᠨ ᠤ ᠬᠢᠨᠠᠨ ᠲᠣᠭᠲᠠᠭᠠᠯᠲᠠ ᠶᠢᠨ ᠳ᠋ᠤᠭᠠᠷ᠄ ᠱᠠᠨ ᠱᠧᠨ ᠢᠦᠢ 2000011      ᠥᠪᠡᠷᠮᠢᠴᠡ ᠣᠨᠴᠠᠯᠢᠭ      ᠨᠢᠯᠬ᠎ᠠ ᠴᠢᠬᠢ ᠶᠢᠨ ᠨᠠᠪᠴᠢᠨ ᠤ ᠳᠤᠭᠲᠤᠢ ᠨᠢ ᠪᠣᠷᠣ ᠥᠩᠭᠡᠲᠡᠢ᠂ ᠰᠠᠭᠤᠷᠢ ᠶᠢᠨ ᠬᠡᠯᠪᠡᠷᠢ ᠨᠢ ᠨᠢᠭᠲᠠ ᠴᠢᠩᠭ᠎ᠠ ᠪᠠᠶᠢᠵᠤ᠂ ᠥᠨᠳᠥᠷ ᠨᠢ 260 ᠰᠠᠨᠲ᠋ᠢᠮᠧᠲᠷ᠂ ᠲᠦᠷᠦᠭᠦᠦ ᠶᠢᠨ ᠪᠠᠶᠢᠷᠢ ᠨᠢ 115 ᠰᠠᠨᠲ᠋ᠢᠮᠧᠲᠷ᠂ ᠲᠦᠷᠦᠭᠦᠦ ᠶᠢᠨ ᠤᠷᠳᠤ ᠨᠢ 20.5 ᠰᠠᠨᠲ᠋ᠢᠮᠧᠲᠷ᠂ ᠲᠦᠷᠦᠭᠦᠦ ᠶᠢᠨ ᠪᠦᠳᠦᠭᠦᠨ ᠨᠢ 5.4 ᠰᠠᠨᠲ᠋ᠢᠮᠧᠲᠷ︔ ᠦᠷ᠎ᠡ ᠶᠢᠨ ᠲᠦᠷᠦᠭᠦᠦ ᠨᠢ ᠪᠦᠳᠦᠭᠦᠨ ᠲᠦᠩᠰᠡ ᠶᠢᠨ ᠬᠡᠯᠪᠡᠷᠢ ᠲᠠᠢ᠂ ᠲᠦᠷᠦᠭᠦᠦ ᠶᠢᠨ ᠲᠡᠩᠭᠡᠯᠢᠭ ᠨᠢ ᠴᠠᠭᠠᠨ᠂ ᠲᠦᠷᠦᠭᠦᠦ ᠶᠢᠨ ᠮᠥᠷ ᠨᠢ 16 ᠮᠥᠷ ᠣᠷᠴᠢᠮ᠂ ᠮᠥᠬᠦᠯᠢᠭ ᠨᠢ ᠰᠢᠷ᠎ᠠ᠂ ᠮᠣᠷᠢᠨ ᠰᠢᠳᠦᠨ ᠤ ᠬᠡᠯᠪᠡᠷᠢ ᠲᠠᠢ︔ ᠦᠷ᠎ᠡ ᠭᠠᠷᠬᠤ ᠨᠤᠷᠮ᠎ᠠ  ᠨᠢ 88%᠂ ᠮᠢᠩᠭᠠᠨ ᠮᠥᠬᠦᠯᠢᠭ ᠤᠨ ᠬᠦᠨᠳᠦ  ᠨᠢ 415 ᠭᠷᠡᠮ︔ ᠡᠪᠡᠳᠴᠢᠨ ᠢ ᠡᠰᠡᠷᠭᠦᠴᠡᠬᠦ ᠴᠢᠨᠠᠷ ᠢᠶᠠᠷ ᠰᠠᠶᠢᠨ ᠪᠠᠶᠢᠳᠠᠭ᠃ ᠦᠷᠡᠵᠢᠯ ᠤᠨ ᠬᠤᠭᠤᠴᠠᠭ᠎ᠠ ᠨᠢ 92 ᠡᠳᠦᠷ ᠣᠷᠴᠢᠮ ᠪᠠᠶᠢᠵᠤ᠂ ᠵᠧᠩ ᠳ᠋ᠠᠨ 958 ᠲᠠᠢ ᠬᠠᠷᠢᠴᠠᠭᠤᠯᠪᠠᠯ 2 ᠡᠳᠦᠷ ᠡᠷᠲᠡ ᠪᠠᠶᠢᠳᠠᠭ᠃      ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠤᠷᠭᠤᠮᠠᠯ ᠤᠨ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠶᠢᠨ 2006 ᠣᠨ ᠤ ᠡᠪᠡᠳᠴᠢᠨ ᠢ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠶᠢᠨ ᠦᠷ᠎ᠡ ᠳ᠋ᠦᠩ᠄ ᠡᠰᠢ ᠢᠯᠵᠢᠷᠡᠬᠦ ᠡᠪᠡᠳᠴᠢᠨ᠂ ᠲᠣᠮᠣ ᠲᠣᠯᠪᠣᠲᠤ ᠡᠪᠡᠳᠴᠢᠨ᠂ ᠵᠢᠵᠢᠭ ᠲᠣᠯᠪᠣᠲᠤ ᠡᠪᠡᠳᠴᠢᠨ ᠢ ᠡᠰᠡᠷᠭᠦᠴᠡᠬᠦ ᠴᠢᠳᠠᠯ ᠢᠶᠠᠷ ᠴᠢᠩᠭ᠎ᠠ ᠪᠠᠶᠢᠳᠠᠭ᠃      ᠱᠠᠨᠰᠢ ᠮᠤᠵᠢ ᠶᠢᠨ ᠠᠮᠤ ᠳᠤᠰᠤᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠦᠷᠳᠡᠭᠡ ᠶᠢᠨ 2006 ᠣᠨ ᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠦᠷ᠎ᠡ ᠳ᠋ᠦᠩ᠄ ᠪᠦᠳᠦᠭᠦᠯᠢᠭ ᠤᠭᠤᠷᠠᠭ 8.9%᠂ ᠴᠠᠷᠳᠠᠭᠤᠯ 69.6%᠂ ᠪᠦᠳᠦᠭᠦᠯᠢᠭ ᠥᠭᠡᠬᠦ 3.7%᠂ ᠯᠠᠶᠢᠰᠢᠨ ᠰᠢᠪᠲᠦᠷᠲᠦ ᠬᠦᠴᠢᠯ 0.289% ᠠᠭᠤᠯᠤᠭᠳᠠᠨ᠎ᠠ᠃      ᠤᠨᠠᠯᠲᠠ ᠶᠢᠨ ᠬᠡᠮᠵᠢᠶᠡᠨ ᠤ ᠢᠯᠡᠷᠡᠯ      2004 ᠣᠨ ᠳᠤ ᠱᠠᠨᠰᠢ ᠮᠤᠵᠢ ᠶᠢᠨ ᠵᠤᠨ ᠤ ᠲᠠᠷᠢᠶᠠᠯᠠᠭ᠎ᠠ ᠶᠢᠨ ᠪᠡᠯᠡᠳᠬᠡᠯ ᠲᠤᠷᠰᠢᠯᠲᠠ ᠳᠤ ᠣᠷᠣᠯᠴᠠᠵᠤ᠂ 3 ᠲᠤᠷᠰᠢᠯᠲᠠ ᠶᠢᠨ ᠴᠡᠭ ᠤᠨ ᠤᠨᠠᠯᠲᠠ  ᠨᠢ ᠪᠦᠬᠦᠨ ᠢᠶᠠᠷ ᠢᠶᠠᠨ ᠨᠡᠮᠡᠭᠳᠡᠵᠦ᠂ ᠮᠦ ᠪᠦᠷᠢ  ᠶᠢᠨ ᠳᠤᠮᠳᠠᠴᠢ ᠤᠨᠠᠯᠲᠠ  ᠨᠢ 649.1 ᠺᠢᠯᠣᠭ᠍ᠷᠠᠮ ᠳᠤ ᠬᠦᠷᠴᠦ᠂ ᠬᠤ᠋ ᠳ᠋ᠠᠨ 4 ᠳ᠋ᠤᠭᠡᠷ ᠨᠣᠮᠧᠷ ᠲᠠᠢ ᠬᠠᠷᠢᠴᠠᠭᠤᠯᠪᠠᠯ 16.8% ᠪᠠᠷ ᠨᠡᠮᠡᠭᠳᠡᠵᠡᠢ᠃      2005 ᠣᠨ ᠳᠤ ᠱᠠᠨᠰᠢ ᠮᠤᠵᠢ ᠶᠢᠨ ᠵᠣᠨ ᠤ ᠲᠠᠷᠢᠶᠠᠯᠠᠭ᠎ᠠ ᠶᠢᠨ ᠣᠷᠣᠨ ᠤ ᠲᠤᠷᠰᠢᠯᠲᠠ ᠳᠤ ᠣᠷᠣᠯᠴᠠᠵᠤ᠂ 5 ᠲᠤᠷᠰᠢᠯᠲᠠ ᠶᠢᠨ ᠴᠡᠭ ᠤᠨ ᠤᠨᠠᠯᠲᠠ  ᠨᠢ ᠪᠦᠬᠦᠨ ᠢᠶᠠᠷ ᠢᠶᠠᠨ ᠨᠡᠮᠡᠭᠳᠡᠵᠦ᠂ ᠵᠧᠩ ᠳ᠋ᠠᠨ 958 ᠶᠢᠨ ᠬᠢ ᠠᠴᠠ3.3% ᠨᠡᠮᠡᠭᠳᠡᠵᠦ᠂ ᠨᠢᠭᠡᠳᠦᠭᠡᠷ ᠲᠤ ᠣᠷᠣᠪᠠ᠃      2006 ᠣᠨ ᠳᠤ ᠱᠠᠨᠰᠢ ᠮᠤᠵᠢ ᠶᠢᠨ ᠵᠣᠨ ᠤ ᠲᠠᠷᠢᠶᠠᠯᠠᠭ᠎ᠠ ᠶᠢᠨ ᠣᠷᠣᠨ ᠤ ᠲᠤᠷᠰᠢᠯᠲᠠ ᠳᠤ ᠣᠷᠣᠯᠴᠠᠵᠤ᠂ 7 ᠲᠤᠷᠰᠢᠯᠲᠠ ᠶᠢᠨ ᠴᠡᠭ ᠤᠨ 6 ᠴᠡᠭ ᠤᠨ ᠤᠨᠠᠯᠲᠠ ᠨᠢ ᠨᠡᠮᠡᠭᠳᠡᠵᠦ᠂ ᠵᠧᠩ ᠳ᠋ᠠᠨ 958 ᠲᠠᠢ ᠬᠠᠷᠢᠴᠠᠭᠤᠯᠪᠠᠯ5.6% ᠪᠠᠷ ᠨᠡᠮᠡᠭᠳᠡᠵᠦ᠂ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠨᠢᠭᠡᠳᠦᠭᠡᠷ ᠲᠤ ᠵᠢᠭᠰᠠᠭᠠᠭᠳᠠᠵᠠᠢ᠃      ᠲᠣᠬᠢᠷᠠᠮᠵᠢᠲᠠᠢ ᠣᠷᠣᠨ      ᠱᠠᠨᠰᠢ ᠮᠤᠵᠢ᠂ ᠱᠠᠨ ᠰᠢ ᠮᠤᠵᠢ ᠶᠢᠨ ᠵᠤᠨ ᠤ ᠲᠠᠷᠢᠶᠠᠯᠠᠭ᠎ᠠ ᠶᠢᠨ ᠣᠷᠣᠨ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号