ᠰᠦᠯᠵᠢᠶ᠎ᠡ ᠶᠢ ᠬᠦᠴᠦᠨ ᠦᠭᠡᠢ ᠪᠣᠯᠭᠠᠬᠤ ᠪᠠ ᠨᠡᠶᠢᠲᠡ ᠶᠢᠨ ᠳ᠋ᠤᠭᠠᠷ ᠢ ᠰᠢᠯᠵᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/1/23
      ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠣᠰᠣᠭᠠᠷ᠂ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠪᠦᠬᠦᠯᠢ ᠪᠠᠶᠢᠭᠤᠯᠤᠮᠵᠢ ᠪᠠᠷ  ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠨᠡᠶᠢᠯᠡᠭᠦᠯᠦᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠤᠰᠠᠭᠠᠷ ᠪᠠᠶᠢᠭᠤᠯᠤᠮᠵᠢ ᠶᠢᠨ ᠬᠤᠪᠢ ᠪᠠᠷ ᠣᠷᠣᠰᠢᠬᠤ ᠦᠭᠡᠢ ᠪᠣᠯᠵᠠᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤ ᠵᠠᠬᠢᠳᠠᠯ ︵ᠥᠪᠥᠷ ᠵᠠᠰᠠᠭ ᠲᠤᠭ᠎ᠠ ᠵᠠᠬᠢᠳᠠᠯ [2024] 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠰᠦᠯᠵᠢᠶ᠎ᠡ ᠶᠢ ᠡᠭᠦᠷᠢᠳᠡ ᠰᠦᠯᠵᠢᠶᠡᠨ ᠠᠴᠠ ᠪᠠᠭᠤᠯᠭᠠᠵᠤ᠂ ᠠᠷᠤ ᠲᠠᠪᠴᠠᠩ ᠤᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠰᠦᠯᠵᠢᠶ᠎ᠡ ᠳᠤ ᠰᠢᠯᠵᠢᠭᠦᠯᠦᠨ ᠬᠠᠳᠠᠭᠠᠯᠠᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠬᠦᠴᠦᠨ ᠦᠭᠡᠢ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠰᠢᠨ ᠯᠠᠩ ᠪᠢᠴᠢᠯ ᠪᠯᠤᠭ ᠤᠨ ᠨᠡᠷ᠎ᠡ ᠶᠢ ᠦᠭᠡᠷᠡᠴᠢᠯᠡᠵᠦ ᠦᠷᠭᠦᠯᠵᠢᠯᠡᠨ ᠬᠡᠷᠡᠭᠯᠡᠨ᠎ᠡ︔ ︽ᠸᠢᠴᠠᠲ ᠪᠠ ᠪᠢᠴᠢᠯ  ᠪᠦᠷᠭᠦᠭᠡ︾ ᠶᠢ ᠠᠩᠬᠠᠷᠴᠤ ᠪᠠᠶᠢᠭ᠎ᠠ ᠬᠡᠷᠡᠭᠯᠡᠭᠴᠢᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠨᠡᠭᠦᠯᠭᠡᠨ᠎ᠡ᠃ ᠬᠦᠴᠦᠨ ᠦᠭᠡᠢ ᠪᠣᠯᠭᠠᠬᠤ ᠪᠠ ᠨᠡᠭᠦᠯᠭᠡᠬᠦ ᠬᠤᠯᠪᠣᠭᠳᠠᠯ ᠪᠦᠬᠦᠢ ᠠᠵᠢᠯ ᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠲᠣᠭᠲᠠᠭᠠᠭᠰᠠᠨ ᠶᠠᠪᠤᠴᠠ ᠪᠠ ᠴᠠᠭ ᠤᠨ ᠬᠢᠵᠠᠭᠠᠷ ᠶᠣᠰᠣᠭᠠᠷ ᠭᠦᠢᠴᠡᠳᠬᠡᠨ᠎ᠡ᠃      ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠶᠢ ᠲᠡᠳᠬᠦᠬᠦ ᠦᠢᠯᠡᠰ ᠢ ᠬᠠᠯᠠᠮᠵᠢᠯᠠᠨ ᠠᠩᠬᠠᠷᠤᠭᠰᠠᠨ ᠳᠤ ᠲᠠᠯᠠᠷᠬᠠᠵᠤ ᠪᠠᠶᠢᠨ᠎ᠠ︕                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                       ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶                             2024 ᠣᠨ ᠤ 1 ᠰᠠᠷ᠎ᠠ ᠶᠢᠨ 23 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号