︽ᠭᠤᠷᠪᠠᠳᠤᠭᠠᠷ ᠬᠤᠭᠤᠴᠠᠭᠠᠨ ᠤ ︿ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ | ᠰᠣᠨᠢᠨ ᠮᠡᠳᠡᠭᠡ﹀ ᠶᠢ ᠰᠢᠯᠭᠠᠷᠠᠭᠤᠯᠬᠤ ᠲᠤᠬᠠᠢ ᠮᠡᠳᠡᠭᠳᠡᠯ︾ ᠤᠨ ᠶᠣᠰᠣᠭᠠᠷ᠂ ᠡᠯ᠎ᠡ ᠵᠠᠭᠤᠴᠢᠯᠠᠭᠤᠷ ᠤᠨ ᠨᠢᠭᠡᠴᠡ ᠶᠢᠨ | ᠲᠠᠨᠢᠯᠴᠠᠭᠤᠯᠤᠨ ᠬᠢᠨᠠᠨ ᠬᠠᠷᠭᠤᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ | ᠶᠡᠷᠦᠩᠬᠡᠶᠢᠯᠡᠨ ᠬᠢᠨᠠᠨ ᠰᠢᠯᠭᠠᠷᠠᠭᠤᠯᠬᠤ ᠪᠠᠷ ᠳᠡᠮᠵᠢᠨ᠂ 127 ᠬᠤᠪᠢ ᠰᠣᠨᠢᠨ ᠮᠡᠳᠡᠭᠡ ᠶᠢᠨ ᠪᠦᠲᠦᠭᠡᠯ ᠢ | ᠬᠥᠬᠢᠭᠦᠯᠦᠨ ᠰᠠᠶᠢᠰᠢᠶᠠᠬᠤ ᠪᠦᠲᠦᠭᠡᠯ ᠢᠶᠠᠷ ᠲᠣᠭᠲᠠᠭᠠᠵᠤ᠂ ᠡᠳᠦᠭᠡ ᠱᠠᠩᠨᠠᠯ ᠭᠥᠷᠳᠡᠭᠰᠡᠨ ᠪᠦᠲᠦᠭᠡᠯ ᠢ ᠵᠠᠷᠯᠠᠨ | ᠨᠡᠶᠢᠲᠡᠯᠡᠵᠦ ᠪᠠᠶᠢᠨ᠎ᠠ᠃ | ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 24 ᠤ ᠡᠳᠦᠷ ᠠᠴᠠ 31 ᠤ ᠡᠳᠦᠷ | ᠪᠣᠯᠲᠠᠯ᠎ᠠ᠂ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠪᠦᠲᠦᠭᠡᠯ ᠳᠤ ᠣᠨᠳᠣᠣ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ | ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ᠂ ᠤᠲᠠᠰᠤ᠂ ᠵᠠᠬᠢᠳᠠᠯ᠂ ᠢᠮᠧᠯ ᠤᠨ ᠬᠡᠯᠪᠡᠷᠢ ᠪᠠᠷ | ᠲᠤᠰᠬᠠᠵᠦ᠂ ᠬᠤᠷᠢᠶᠠᠵᠦ ᠠᠪᠤᠭᠰᠠᠨ ᠡᠳᠦᠷ ᠢᠶᠠᠷ ᠪᠠᠷᠢᠮᠵᠢᠶᠠᠯᠠᠨ᠎ᠠ᠃ ᠨᠢᠭᠡᠴᠡ ᠶᠢᠨ ᠨᠡᠷ᠎ᠡ ᠪᠠᠷ ᠪᠠᠶᠢᠳᠠᠯ ᠢ | ᠲᠤᠰᠬᠠᠬᠤ ᠳᠤ ᠨᠢᠭᠡᠴᠡ ᠶᠢᠨ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠤ ᠨᠡᠷ᠎ᠡ ᠪᠠᠷ ᠪᠠᠶᠢᠳᠠᠯ ᠢ ᠲᠤᠰᠬᠠᠬᠤ ᠳᠤ | ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ ᠪᠠᠨ ᠬᠠᠩᠭᠠᠬᠤ ᠬᠡᠷᠡᠭᠲᠡᠢ᠃ | ᠬᠠᠷᠢᠯᠴᠠᠬᠤ ᠤᠲᠠᠰᠤ᠄ 0471-6652245 | ᠵᠠᠬᠢᠳᠠᠯ ᠨᠡᠪᠲᠡᠷᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ | ᠰᠢᠤᠳᠠᠨ ᠳ᠋ᠤᠭᠠᠷ᠄ 010010 | ᠢᠮᠧᠯ᠄ 1253285776@qq.com | | | ᠳᠠᠭᠠᠯᠳᠤᠭᠤᠯᠤᠯ᠄ ᠭᠤᠷᠪᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠰᠠᠶᠢᠨ ᠰᠣᠨᠢᠨ ᠮᠡᠳᠡᠭᠡ︾ ᠶᠢᠨ ᠱᠠᠩᠨᠠᠯ ᠬᠦᠷᠲᠡᠭᠰᠡᠳ ᠤᠨ ᠨᠡᠷᠡᠰ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 1 ᠰᠠᠷ᠎ᠠ ᠶᠢᠨ 24 ᠤ ᠡᠳᠦᠷ |