2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ ᠪᠠ 2025 ᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠴᠠᠭᠠᠨ ᠬᠡᠮᠵᠢᠵᠦ ᠬᠢᠨᠠᠨ ᠲᠣᠭᠲᠠᠭᠠᠬᠤ ᠳᠤ ᠣᠷᠣᠭᠤᠯᠤᠭᠰᠠᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠨᠡᠷᠡᠰ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/1/25
      2023 ᠣᠨ ᠤ 10 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽2024 ᠣᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠲᠦᠯᠦᠪᠵᠢᠭᠦᠯᠭᠡ ᠲᠠᠷᠬᠠᠭᠠᠭᠰᠠᠨ ﹇2023﹈ 578 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ 2023 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ᠂ ᠨᠡᠶᠢᠲᠡ 21 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠮᠡᠳᠡᠭᠦᠯᠦᠯᠲᠡ ᠶᠢᠨ ᠪᠢᠴᠢᠭ ᠢ ᠮᠡᠳᠡᠭᠦᠯᠦᠨ ᠬᠦᠷᠭᠡᠪᠡ᠃ ᠠᠶᠢᠮᠠᠭ ᠬᠤᠲᠠ ᠠᠴᠠ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠪᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠳᠦᠭᠡ 2024 ᠣᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠵᠥᠪᠰᠢᠶᠡᠷᠡᠬᠦ ᠪᠠᠷ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠣᠨ 2025 ᠣᠨ ᠤ ᠠᠵᠤ ᠦᠢᠯᠡᠰ ᠤᠨ ᠬᠦᠷᠢᠶᠡᠯᠡᠩ ᠤᠨ ᠪᠠᠶᠢᠴᠠᠭᠠᠨ ᠬᠡᠮᠵᠢᠵᠦ ᠬᠢᠨᠠᠨ ᠲᠣᠭᠲᠠᠭᠠᠬᠤ ᠳᠤ ᠣᠷᠣᠭᠤᠯᠤᠭᠰᠠᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠨᠡᠷᠡᠰ ᠢ ᠵᠠᠷᠯᠠᠨ ᠨᠡᠶᠢᠲᠡᠯᠡᠵᠦ ᠪᠠᠶᠢᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 25 ᠤ ᠡᠳᠦᠷ ᠠᠴᠠ 1 ᠰᠠᠷ᠎ᠠ ᠶᠢᠨ 31 ᠤ ᠡᠳᠦᠷ ᠪᠣᠯᠲᠠᠯ᠎ᠠ᠃ ᠲᠣᠰ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠣᠯ᠂ ᠦᠨᠡᠨ ᠨᠡᠷ᠎ᠡ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ᠂ ᠪᠠᠶᠢᠳᠠᠯ ᠢᠶᠠᠨ ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃      ᠬᠠᠷᠢᠯᠴᠠᠬᠤ ᠬᠡᠯᠪᠡᠷᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠦᠭᠵᠢᠭᠦᠯᠦᠯᠲᠡ ᠲᠦᠯᠦᠪᠵᠢᠭᠦᠯᠭᠡ ᠶᠢᠨ ᠭᠠᠵᠠᠷ      ᠵᠧᠦ ᠬᠤᠩ ᠡᠾᠦ᠋ᠢ 0471-6651903       ᠳᠠᠭᠠᠯᠳᠤᠭᠤᠯᠤᠯ᠄ 1.2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ      2.2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠴᠠᠭᠠᠨ ᠬᠡᠮᠵᠢᠵᠦ ᠬᠢᠨᠠᠨ ᠲᠣᠭᠲᠠᠭᠠᠬᠤ ᠳᠤ ᠤᠷᠤᠭᠤᠯᠤᠭᠰᠠᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠨᠡᠷᠡᠰ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2024 ᠣᠨ ᠤ 1 ᠰᠠᠷ᠎ᠠ ᠶᠢᠨ 25 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号