ᠢᠦᠢ ᠵᠧᠨ ᠰᠢᠶᠠᠩ ᠱᠦᠢ ᠤᠰᠤᠨ ᠲᠤᠲᠤᠷᠭ᠎ᠠ ᠶᠢᠨ ᠡᠭᠦᠯᠳᠡᠷ
ᠨᠡᠶᠢᠲᠡᠯᠡᠭᠰᠡᠨ ᠴᠠᠭ᠄
2024/1/26
      ᠨᠢᠭᠡ᠂ ᠡᠭᠦᠯᠳᠡᠷ ᠤᠨ ᠨᠡᠷᠡᠶᠢᠳᠦᠯ᠄ ᠢᠦᠢ ᠵᠧᠨ ᠰᠢᠶᠠᠩ ᠱᠦᠢ      ᠬᠤᠶᠠᠷ᠂ ᠡᠭᠦᠯᠳᠡᠷ ᠤᠨ ᠲᠥᠷᠥᠯ ᠵᠦᠢᠯ᠄ ᠡᠩ ᠤᠨ ᠳᠤᠮᠳᠠ ᠵᠡᠷᠭᠡ ᠶᠢᠨ ᠪᠣᠯᠪᠠᠰᠤᠷᠠᠭᠰᠠᠨ ᠣᠷᠣᠢ ᠶᠢᠨ ᠰᠢᠯᠤᠭᠡᠢ ᠪᠣᠰᠤ ᠤᠰᠤᠨ ᠳᠣᠳᠤᠷᠭ᠎ᠠ      ᠭᠤᠷᠪᠠ᠂ ᠰᠣᠩᠭᠤᠨ ᠪᠣᠶᠢᠵᠢᠭᠤᠯᠬᠤ ᠨᠢᠭᠡᠴᠢ᠄ ᠬᠤᠨᠠᠨ ᠮᠤᠵᠢ ᠶᠢᠨ ᠤᠰᠤᠨ ᠲᠤᠲᠤᠷᠭ᠎ᠠ ᠶᠢᠨ ᠰᠣᠳᠤᠯᠭᠠᠨ ᠤ ᠭᠠᠵᠠᠷ᠂ ᠬᠤᠨᠠᠨ ᠤ ᠶᠢᠨ ᠵᠢᠶᠠᠨ ᠠᠮᠤ ᠪᠤᠳᠠᠭᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ      ᠳᠥᠷᠪᠡ᠂ ᠬᠢᠨᠠᠨ ᠲᠣᠭᠲᠠᠭᠠᠭᠰᠠᠨ ᠳ᠋ᠤᠭᠠᠷᠯᠠᠯ᠄ ᠬᠤᠨᠠᠨ ᠬᠢᠨᠠᠯᠲᠠ ᠲᠤᠲᠤᠷᠭ᠎ᠠ 2009038      ᠲᠠᠪᠤ᠂ ᠲᠠᠷᠢᠬᠤ ᠳᠤ ᠲᠣᠬᠢᠷᠠᠮᠵᠢᠲᠠᠢ ᠣᠷᠣᠨ᠄ ᠬᠤᠨᠠᠨ ᠮᠤᠵᠢ ᠶᠢᠨ ᠲᠤᠲᠤᠷᠭ᠎ᠠ ᠶᠢᠨ ᠬᠢᠵᠢᠭ ᠤᠨ ᠡᠪᠡᠳᠴᠢᠨ ᠬᠥᠩᠭᠡᠨ ᠡᠭᠦᠰᠳᠡᠭ ᠣᠷᠣᠨ ᠳᠤ ᠬᠤᠶᠠᠷ ᠤᠯᠠᠷᠢᠯ ᠤᠨ ᠣᠷᠣᠢ ᠶᠢᠨ ᠲᠤᠲᠤᠷᠭ᠎ᠠ ᠲᠠᠷᠢᠬᠤ ᠳᠤ ᠲᠣᠬᠢᠷᠠᠮᠵᠢᠲᠠᠢ      ᠵᠢᠷᠭᠤᠭ᠎ᠠ᠂ ᠡᠭᠦᠯᠳᠡᠷ ᠤᠨ ᠢᠷᠡᠯᠲᠡ᠄ ᠲᠢᠶᠠᠨ ᠯᠦᠩ ᠰᠢᠶᠠᠩ 103/R4015      ᠲᠤᠯᠤᠭ᠎ᠠ᠂ ᠮᠦ ᠪᠦᠷᠢ ᠶᠢᠨ ᠤᠨᠠᠯᠲᠠ᠄ 2007 ᠣᠨ ᠳᠤ ᠮᠤᠵᠢ ᠣᠷᠣᠨ ᠤ ᠲᠤᠷᠰᠢᠯᠲᠠ ᠶᠢᠨ ᠮᠦ ᠪᠦᠷᠢ ᠶᠢᠨ ᠳᠤᠮᠳᠠᠴᠢ ᠤᠨᠠᠯᠲᠠ  ᠨᠢ 426.38 ᠺᠢᠯᠣᠭ᠍ᠷᠠᠮ ᠳᠤ ᠬᠦᠷᠪᠡ︔ 2008 ᠣᠨ ᠳᠤ  ᠲᠤᠷᠰᠢᠯᠲᠠ ᠶᠢᠨ ᠮᠦ ᠪᠦᠷᠢ ᠶᠢᠨ ᠳᠤᠮᠳᠠᠴᠢ ᠤᠨᠠᠯᠲᠠ  ᠨᠢ 461.56 ᠺᠢᠯᠣᠭ᠍ᠷᠠᠮ ᠳᠤ ᠬᠦᠷᠪᠡ᠃ ᠬᠤᠶᠠᠷ ᠵᠢᠯ ᠤᠨ ᠣᠷᠣᠨ ᠤ ᠲᠤᠷᠰᠢᠯᠲᠠ ᠶᠢᠨ ᠮᠦ ᠪᠦᠷᠢ ᠶᠢᠨ ᠳᠤᠮᠳᠠᠴᠢ ᠤᠨᠠᠯᠲᠠ  ᠨᠢ 443.97 ᠺᠢᠯᠣᠭ᠍ᠷᠠᠮ ᠳᠤ ᠬᠦᠷᠴᠡᠢ᠃      ᠨᠠᠢᠮᠠ᠂ ᠡᠭᠦᠯᠳᠡᠷ ᠤᠨ ᠣᠨᠴᠠᠯᠢᠭ      ᠢᠦᠢ ᠵᠧᠨ ᠰᠢᠶᠠᠩ ᠱᠦᠢ ᠤᠰᠤᠨ ᠲᠤᠲᠤᠷᠭ᠎ᠠ ᠶᠢᠨ ᠡᠭᠦᠯᠳᠡᠷ ᠢ ᠬᠤᠨᠠᠨ ᠮᠤᠵᠢ ᠳᠤ ᠬᠤᠶᠠᠷ ᠤᠯᠠᠷᠢᠯ ᠤᠨ ᠣᠷᠣᠢ ᠶᠢᠨ ᠲᠤᠲᠤᠷᠭ᠎ᠠ ᠪᠠᠷ ᠲᠠᠷᠢᠵᠦ ᠪᠣᠶᠢᠵᠢᠭᠤᠯᠳᠠᠭ᠂ ᠪᠦᠬᠦᠯᠢ ᠦᠷᠡᠵᠢᠯ ᠤᠨ ᠬᠤᠭᠤᠴᠠᠭ᠎ᠠ ᠨᠢ 114 ᠡᠳᠦᠷ ᠣᠷᠴᠢᠮ ᠪᠠᠶᠢᠳᠠᠭ᠃ ᠰᠠᠭᠤᠷᠢ ᠶᠢᠨ ᠥᠨᠳᠥᠷ ᠨᠢ 119 ᠰᠠᠨᠲ᠋ᠢᠮᠧᠲᠷ ᠣᠷᠴᠢᠮ᠂ ᠰᠠᠭᠤᠷᠢ ᠶᠢᠨ ᠬᠡᠯᠪᠡᠷᠢ ᠨᠢ ᠲᠣᠬᠢᠷᠠᠮᠵᠢᠲᠠᠢ᠃ ᠨᠠᠪᠴᠢᠨ ᠤ ᠳᠤᠭᠲᠤᠢ᠂ ᠬᠡᠪᠡᠭ ᠲᠣᠭᠤᠰᠤ  ᠨᠢ ᠥᠩᠭᠡ ᠦᠭᠡᠢ᠂ ᠥᠩᠭᠡ ᠨᠢ ᠰᠠᠶᠢᠨ᠃ ᠮᠤᠵᠢ ᠣᠷᠣᠨ ᠤ ᠲᠤᠷᠰᠢᠯᠲᠠ ᠶᠢᠨ ᠦᠷ᠎ᠡ ᠳ᠋ᠦᠩ᠄ ᠮᠦ ᠪᠦᠷᠢ  ᠶᠢᠨ ᠠᠰᠢᠭᠲᠤ ᠲᠦᠷᠦᠭᠦᠦ  ᠨᠢ 28.1 ᠲᠦᠮᠡᠨ ᠲᠦᠷᠦᠭᠦᠦ᠂ ᠲᠦᠷᠦᠭᠦᠦ ᠪᠦᠷᠢ ᠶᠢᠨ ᠪᠦᠬᠦ ᠮᠥᠬᠦᠯᠢᠭ ᠤᠨ ᠲᠤᠭ᠎ᠠ  ᠨᠢ 115.8 ᠮᠥᠬᠦᠯᠢᠭ᠂ ᠵᠢᠮᠢᠰᠯᠡᠬᠦ ᠨᠣᠷᠮ᠎ᠠ  ᠨᠢ 81.1%᠂ ᠮᠢᠩᠭᠠᠨ ᠮᠥᠬᠦᠯᠢᠭ ᠪᠦᠷᠢ ᠶᠢᠨ ᠬᠦᠨᠳᠦ  ᠨᠢ 28.0 ᠭᠷᠡᠮ ᠪᠣᠯᠤᠨ᠎ᠠ᠃ ᠡᠰᠡᠷᠭᠦᠴᠡᠬᠦ ᠴᠢᠨᠠᠷ᠄ ᠲᠤᠲᠤᠷᠭ᠎ᠠ ᠶᠢᠨ ᠬᠢᠵᠢᠭ ᠤᠨ ᠡᠰᠡᠷᠭᠦᠴᠡᠬᠦ ᠴᠢᠨᠠᠷ ᠤᠨ ᠶᠡᠷᠦᠩᠬᠡᠢ ᠵᠢᠭᠠᠯᠲᠠ ᠲᠤᠭ᠎ᠠ  ᠨᠢ 8.2᠂ ᠴᠠᠭᠠᠨ ᠨᠠᠪᠴᠢ ᠬᠤᠪᠠᠭ᠋ᠠᠶᠢᠷᠠᠬᠤ ᠡᠪᠡᠳᠴᠢᠨ ᠤ ᠡᠰᠡᠷᠭᠦᠴᠡᠬᠦ ᠴᠢᠨᠠᠷ  ᠨᠢ 7 ᠳᠡᠰ᠂ ᠲᠤᠲᠤᠷᠭ᠎ᠠ ᠶᠢᠨ ᠬᠢᠵᠢᠭ ᠢ ᠡᠰᠡᠷᠭᠦᠴᠡᠬᠦ ᠴᠢᠨᠠᠷ ᠢᠶᠠᠷ ᠴᠢᠩᠭ᠎ᠠ ᠂ ᠴᠠᠭᠠᠨ ᠨᠠᠪᠴᠢ ᠬᠤᠪᠠᠭ᠋ᠠᠶᠢᠷᠠᠬᠤ ᠡᠪᠡᠳᠴᠢᠨ ᠢ ᠡᠰᠡᠷᠭᠦᠴᠡᠳᠡᠭ︔ ᠬᠦᠢᠲᠡᠨ ᠢ ᠲᠡᠰᠪᠦᠷᠢᠯᠡᠬᠦ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠳᠠᠭ᠃ ᠠᠮᠤ ᠪᠤᠳᠠᠭᠠᠨ ᠤ ᠴᠢᠨᠠᠷ᠄ ᠠᠯᠠᠰᠢ ᠠᠮᠤ ᠶᠢᠨ ᠨᠣᠷᠮ᠎ᠠ ᠨᠢ 80.0%᠂ ᠨᠠᠷᠢᠯᠢᠭ ᠠᠮᠤ ᠶᠢᠨ ᠨᠣᠷᠮ᠎ᠠ ᠨᠢ 65.7%᠂ ᠪᠦᠬᠦᠯᠢ ᠨᠠᠷᠢᠯᠢᠭ ᠠᠮᠤ ᠶᠢᠨ ᠨᠣᠷᠮ᠎ᠠ ᠨᠢ 55.8%᠂ ᠮᠥᠬᠦᠯᠢᠭ ᠤᠨ ᠣᠷᠳᠣ ᠨᠢ 8.8 ᠮᠢᠯᠢᠮᠧᠲᠷ᠂ ᠣᠷᠳᠣ ᠥᠷᠭᠡᠨ ᠤ ᠬᠠᠷᠢᠴᠠᠯ ᠨᠢ 4.9᠂ ᡁᠢ ᠪᠠᠢ ᠮᠥᠬᠦᠯᠢᠭ ᠤᠨ ᠨᠣᠷᠮ᠎ᠠ ᠨᠢ 3%᠂ ᡁᠢ ᠪᠠᠢ ᠶᠢᠨ ᠬᠡᠮᠵᠢᠶ᠎ᠡ ᠨᠢ 0.4%᠂ ᠲᠤᠩᠭᠠᠯᠠᠭ ᠤᠨ ᠬᠡᠮᠵᠢᠶ᠎ᠡ ᠨᠢ 1 ᠲᠠᠰ᠂ ᠱᠦᠯᠲᠦ ᠶᠢᠨ ᠬᠤᠷᠣᠭᠳᠠᠯ ᠤᠨ ᠬᠡᠮᠵᠢᠭᠳᠡᠯ ᠨᠢ 6 ᠲᠠᠰ᠂ ᠴᠠᠪᠠᠤᠯᠢᠭ ᠥᠳᠬᠡᠴᠡ ᠨᠢ 86 ᠮᠢᠯᠢᠮᠧᠲᠷ᠂ ᠰᠢᠯᠤᠭᠤᠨ ᠬᠡᠯᠬᠢᠶᠡᠲᠦ ᠴᠠᠷᠳᠠᠭᠤᠯ ᠤᠨ ᠠᠭᠤᠯᠤᠭᠳᠠᠴᠠ ᠨᠢ 16.0% ᠪᠣᠯᠣᠨ᠎ᠠ᠃ 2006 ᠣᠨ ᠳᠤ ᠬᠤᠨᠠᠨ ᠮᠤᠵᠢ ᠶᠢᠨ ᠵᠢᠷᠭᠤᠳᠤᠭᠠᠷ ᠤᠳᠠᠭᠠᠨ ᠤ ᠰᠢᠯᠢᠳᠡᠭ ᠲᠤᠲᠤᠷᠭ᠎ᠠ ᠶᠢᠨ ᠡᠭᠦᠯᠳᠡᠷ ᠤᠨ ᠰᠢᠯᠭᠠᠷᠠᠭᠤᠯᠤᠯᠲᠠ ᠳᠤ ᠨᠢᠭᠡᠳᠦᠭᠡᠷ ᠳᠡᠰ ᠤᠨ ᠰᠢᠯᠢᠳᠡᠭ ᠲᠤᠲᠤᠷᠭ᠎ᠠ ᠶᠢᠨ ᠡᠭᠦᠯᠳᠡᠷ ᠢᠶᠠᠷ ᠦᠨᠡᠯᠡᠭᠳᠡᠪᠡ᠃      ᠶᠢᠰᠦ᠂ ᠲᠠᠷᠢᠮᠠᠯ ᠤᠨ ᠭᠤᠣᠯᠳᠠᠯᠭ᠎ᠠ      ᠢᠦᠢ ᠵᠧᠨ ᠰᠢᠶᠠᠩ ᠱᠦᠢ ᠤᠰᠤᠨ ᠲᠤᠲᠤᠷᠭ᠎ᠠ ᠶᠢᠨ ᠡᠭᠦᠯᠳᠡᠷ ᠢ ᠬᠤᠨᠠᠨ ᠮᠤᠵᠢ ᠳᠤ ᠬᠤᠶᠠᠷ ᠤᠯᠠᠷᠢᠯ ᠤᠨ ᠣᠷᠣᠢ ᠶᠢᠨ ᠲᠤᠲᠤᠷᠭ᠎ᠠ ᠪᠠᠷ ᠲᠠᠷᠢᠵᠤ᠂ ᠬᠤᠨᠠᠨ ᠤ ᠳᠤᠮᠳᠠ ᠬᠡᠰᠡᠭ ᠲᠤ 6 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠲᠠᠷᠢᠵᠤ᠂ ᠬᠤᠨᠠᠨ ᠤ ᠬᠤᠶᠢᠲᠤ ᠬᠡᠰᠡᠭ ᠲᠤ 2 ᠡᠳᠦᠷ ᠤᠷᠢᠳᠴᠢᠯᠠᠵᠤ᠂ ᠬᠤᠨᠠᠨ ᠤ ᠡᠮᠦᠨᠡᠲᠦ ᠬᠡᠰᠡᠭ ᠲᠤ 2 ᠡᠳᠦᠷ ᠬᠤᠶᠢᠰᠢᠯᠠᠳᠠᠭ᠃ ᠮᠦ ᠪᠦᠷᠢ ᠶᠢᠨ ᠶᠡᠭᠡ ᠲᠠᠷᠢᠶᠠᠨ ᠳᠤ ᠬᠡᠷᠡᠭᠯᠡᠬᠦ ᠲᠠᠷᠢᠮᠠᠯ ᠤᠨ ᠬᠡᠮᠵᠢᠶ᠎ᠡ  ᠨᠢ 2.5 ᠺᠢᠯᠣᠭ᠍ᠷᠠᠮ ᠪᠣᠯᠤᠨ᠎ᠠ᠃ 7 ᠰᠠᠷ᠎ᠠ ᠶᠢᠨ 25 ᠤ ᠡᠳᠦᠷ ᠠᠴᠠ ᠡᠮᠦᠨ᠎ᠡ ᠴᠢᠬᠢ ᠰᠠᠭᠤᠯᠭᠠᠵᠤ ᠳᠠᠭᠤᠰᠬᠠᠭᠠᠳ᠂ ᠴᠢᠬᠢ ᠶᠢᠨ ᠨᠠᠰᠤ ᠶᠢ 35 ᠡᠳᠦᠷ ᠤᠨ ᠳᠣᠲᠣᠷ᠎ᠠ ᠬᠢᠵᠠᠭᠠᠷᠯᠠᠵᠤ᠂ ᠲᠠᠷᠢᠬᠤ ᠨᠢᠭᠲᠠᠴᠠ ᠶᠢ 165 ᠰᠠᠨᠲ᠋ᠢᠮᠧᠲᠷ × 20 ᠰᠠᠨᠲ᠋ᠢᠮᠧᠲᠷ᠂ ᠰᠠᠭᠤᠷᠢ ᠪᠦᠷᠢ ᠳᠤ 4~5 ᠴᠢᠬᠢ ᠰᠠᠭᠤᠯᠭᠠᠵᠤ᠂ ᠮᠦ ᠪᠦᠷᠢ ᠶᠢᠨ ᠦᠨᠳᠦᠰᠦᠨ ᠴᠢᠬᠢ ᠶᠢ7.5~9 ᠲᠦᠮᠡ ᠰᠠᠭᠤᠯᠭᠠᠳᠠᠭ᠃ ᠳᠤᠮᠳᠠ ᠵᠡᠷᠭᠡ ᠶᠢᠨ ᠥᠨᠳᠥᠷ ᠰᠢᠭ ᠬᠦᠴᠦ ᠰᠢᠮ᠎ᠡ ᠶᠢᠨ ᠬᠡᠮᠵᠢᠶ᠎ᠡ ᠪᠠᠷ ᠲᠠᠷᠢᠵᠦ ᠪᠣᠶᠢᠵᠢᠭᠤᠯᠬᠤ ᠨᠢ᠂ ᠲᠤᠰ ᠡᠭᠦᠯᠳᠡᠷ ᠤᠨ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠳᠤ ᠲᠣᠬᠢᠷᠠᠮᠵᠢᠲᠠᠢ ᠪᠠᠶᠢᠳᠠᠭ᠃ ᠡᠬᠢᠨ ᠤ ᠬᠤᠭᠤᠴᠠᠭᠠᠨ ᠳᠤ ᠰᠠᠭᠤᠷᠢ ᠪᠣᠷᠳᠣᠭᠤᠷ ᠢ ᠭᠦᠢᠴᠡᠳ ᠣᠷᠣᠭᠤᠯᠵᠤ᠂ ᠣᠷᠭᠠᠨᠢᠭ ᠪᠣᠷᠳᠣᠭᠤᠷ ᠢᠶᠠᠷ ᠭᠤᠣᠯ ᠪᠣᠯᠭᠠᠬᠤ ᠬᠡᠷᠡᠭᠲᠡᠢ︔ ᠡᠷᠲᠡ ᠨᠡᠮᠡᠯᠲᠡ ᠪᠣᠷᠳᠣᠭᠤᠷ ᠣᠷᠣᠭᠤᠯᠵᠤ᠂ ᠪᠤᠳᠠᠯᠠᠬᠤ ᠶᠢ ᠠᠬᠢᠭᠤᠯᠤᠨ᠂ ᠳᠤᠮᠳᠠ ᠪᠠ ᠰᠡᠭᠦᠯᠴᠢ ᠶᠢᠨ ᠬᠤᠭᠤᠴᠠᠭᠠᠨ ᠳᠤ ᠢᠳᠡᠷᠬᠡᠭ ᠪᠣᠷᠳᠣᠭᠤᠷ ᠪᠠ ᠢᠳᠡᠷᠬᠡᠭ ᠦᠷ᠎ᠡ ᠶᠢᠨ ᠪᠣᠷᠳᠣᠭᠤᠷ ᠢ ᠯᠠᠪᠳᠠᠭᠤᠨ ᠢᠶᠠᠷ ᠣᠷᠤᠭᠤᠯᠬᠤ ᠬᠡᠷᠡᠭᠲᠡᠢ︔ ᠡᠬᠢᠨ ᠤ ᠬᠤᠭᠤᠴᠠᠭᠠᠨ ᠳᠤ ᠭᠦᠢᠬᠡᠨ ᠤᠰᠤ ᠪᠠᠷ ᠪᠣᠳᠠᠯᠠᠬᠤ ᠶᠢ ᠠᠬᠢᠭᠤᠯᠬᠤ ᠪᠠᠷ ᠭᠤᠣᠯᠯᠠᠵᠤ᠂ ᠳᠤᠮᠳᠠ ᠪᠠ ᠰᠡᠭᠦᠯᠴᠢ ᠶᠢᠨ ᠬᠤᠭᠤᠴᠠᠭᠠᠨ ᠳᠤ ᠨᠣᠶᠢᠲᠠᠨ ᠴᠢᠭᠢᠭᠯᠢᠭ ᠪᠠᠶᠢᠯᠭᠠᠬᠤ ᠪᠠᠷ ᠭᠤᠣᠯᠯᠠᠵᠤ᠂ ᠬᠡᠲᠦᠷᠬᠡᠢ ᠡᠷᠲᠡ ᠤᠰᠤ ᠠᠯᠳᠠᠬᠤ ᠶᠢ ᠴᠡᠭᠡᠷᠯᠡᠬᠦ ᠬᠡᠷᠡᠭᠲᠡᠢ᠃ ᠴᠢᠬᠢᠯᠡᠬᠦ ᠬᠤᠭᠤᠴᠠᠭ᠎ᠠ᠂ ᠪᠤᠳᠠᠯᠠᠬᠤ ᠬᠤᠭᠤᠴᠠᠭ᠎ᠠ ᠪᠠ ᠲᠦᠷᠦᠭᠦᠳᠡᠬᠦ ᠬᠤᠭᠤᠴᠠᠭ᠎ᠠ ᠳᠤ ᠲᠤᠲᠤᠷᠭ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠠᠵᠢᠯ ᠢ ᠡᠷᠬᠡᠪᠰᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠬᠡ ᠬᠤᠪᠠᠭ᠋ᠠᠶᠢᠷᠠᠬᠤ ᠡᠪᠡᠳᠴᠢᠨ᠂ ᠴᠠᠭᠠᠨ ᠨᠠᠪᠴᠢ ᠬᠤᠪᠠᠭ᠋ᠠᠶᠢᠷᠠᠬᠤ ᠡᠪᠡᠳᠴᠢᠨ ᠵᠡᠷᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠠᠩᠬᠠᠷᠬᠤ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号