2024 ᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠯᠭᠠᠬᠤ ᠭᠤᠶᠤᠴᠢᠯᠠᠯ ᠢ ᠬᠦ᠋ᠯᠢᠶᠡᠨ ᠠᠪᠴᠤ ᠰᠢᠢᠳᠪᠦᠷᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/29
ᠬᠤᠯᠪᠣᠭᠳᠠᠯ ᠪᠦᠬᠦᠢ ᠨᠢᠭᠡᠴᠢ ᠨᠦᠭᠦᠳ ᠄      ︽ᠦᠷ᠎ᠡ ᠶᠢᠨ ᠬᠠᠤᠯᠢ︾ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠳᠦᠭᠡ 2024 ᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠯᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠭᠤᠶᠤᠴᠢᠯᠠᠬᠤ ᠮᠠᠲ᠋ᠧᠷᠢᠶᠠᠯ      ᠭᠤᠶᠤᠴᠢᠯᠠᠭᠴᠢ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ ᠄      1. ᠭᠤᠶᠤᠴᠢᠯᠠᠯ ᠤᠨ ᠪᠢᠴᠢᠭ ᠃ ᠭᠤᠶᠤᠴᠢᠯᠠᠯ ᠤᠨ ᠪᠢᠴᠢᠭ ᠤᠨ ᠬᠡᠯᠪᠡᠷᠢ ᠮᠠᠶ᠋ᠢᠭ ︵ᠳᠠᠭᠠᠯᠳᠤᠭᠤᠯᠤᠯ 1︶ ᠶᠣᠰᠣᠭᠠᠷ᠂ ᠬᠠᠮᠢᠶ᠎ᠠ ᠪᠦᠬᠦᠢ ᠠᠭᠤᠯᠭ᠎ᠠ ᠶᠢ ᠲᠠᠭᠯᠠᠨ ᠮᠡᠳᠡᠭᠦᠯᠬᠦ ᠬᠡᠷᠡᠭᠲᠡᠢ ︵ᠡᠭᠦᠨ ᠳᠤ ᠲᠥᠷᠥᠯ ᠵᠦᠢᠯ ᠢ ᠰᠣᠩᠭᠤᠨ ᠪᠣᠶᠢᠵᠢᠭᠤᠯᠤᠭᠰᠠᠨ ᠪᠠᠶᠢᠳᠠᠯ ᠤᠨ ᠲᠣᠶᠢᠮᠣᠴᠢᠯᠠᠯ ᠨᠢ ᠪᠥᠬᠦ ᠲᠠᠯ᠎ᠠ ᠶᠢᠨ᠂ ᠨᠠᠷᠢᠨ ᠲᠣᠳᠣᠷᠬᠠᠢ ᠪᠠᠶᠢᠬᠤ ᠬᠡᠷᠡᠭᠲᠡᠢ᠂ ᠢᠯᠠᠩᠭᠤᠶ᠎ᠠ ᠡᠴᠢᠭᠡ ᠡᠬᠡ ᠪᠡᠶ᠎ᠡ ᠶᠢᠨ ᠢᠷᠡᠯᠲᠡ ᠶᠢ ᠵᠠᠪᠠᠯ ᠲᠣᠳᠣᠷᠬᠠᠢ ᠲᠣᠭᠠᠴᠢᠬᠤ ᠬᠡᠷᠡᠭᠲᠡᠢ︶᠃ ᠡᠭᠦᠯᠳᠡᠷ ᠤᠨ ᠲᠤᠷᠰᠢᠯᠲᠠ ᠶᠢᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠰᠦᠯᠵᠢᠶ᠎ᠡ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠯᠳᠡᠷ ᠤᠨ ᠦᠢᠯᠡᠰ ᠤᠨ ᠮᠡᠳᠡᠭᠡ ᠵᠠᠩᠭᠢ ᠶᠢᠨ ᠰᠦᠯᠵᠢᠶ᠎ᠡ ᠶᠢᠨ ᠨᠡᠶᠢᠲᠡᠯᠡᠭᠰᠡᠨ ᠠᠭᠤᠯᠭ᠎ᠠ ᠶᠢᠨ ᠶᠣᠰᠣᠭᠠᠷ ᠲᠠᠭᠯᠠᠨ ᠮᠡᠳᠡᠭᠦᠯᠵᠦ᠂ ᠪᠡᠶ᠎ᠡ ᠪᠠᠨ ᠳᠠᠭᠠᠭᠠᠭᠰᠠᠨ ᠲᠤᠷᠰᠢᠯᠲᠠ ᠶᠢᠨ ᠲᠤᠭ᠎ᠠ ᠪᠠᠷᠢᠮᠲᠠ ᠶᠢ ᠭᠤᠶᠤᠴᠢᠯᠠᠭᠴᠢ   ᠠᠴᠠ ᠬᠠᠩᠭᠠᠬᠤ ᠶᠢᠨ ᠬᠠᠮᠲᠤ ᠦᠨᠡᠨ ᠪᠤᠲᠠᠲᠠᠢ ᠪᠠᠶᠢᠬᠤ ᠳᠤ ᠬᠠᠷᠢᠭᠤᠴᠠᠯᠭ᠎ᠠ ᠡᠷᠭᠦᠭᠡᠯᠡᠬᠦ ᠬᠡᠷᠡᠭᠲᠡᠢ᠃      2. ᠶᠠᠰᠤ ᠴᠢᠨᠠᠷ ᠂ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠪᠠ ᠭᠧᠨ ᠬᠤᠪᠢᠷᠠᠭᠤᠯᠤᠭᠰᠠᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠃ ᠭᠤᠶᠤᠴᠢᠯᠠᠭᠴᠢ ᠳᠤ ᠶᠠᠰᠤ ᠴᠢᠨᠠᠷ ᠂ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠂ ᠭᠧᠨ ᠬᠤᠪᠢᠷᠠᠭᠤᠯᠤᠭᠰᠠᠨ ᠰᠢᠯᠭᠠᠨ ᠪᠠᠶᠢᠴᠠᠭᠠᠯᠲᠠ ᠵᠡᠷᠭᠡ ᠶᠢᠨ ᠮᠡᠳᠡᠭᠦᠯᠦᠯᠲᠡ ᠶᠢᠨ ᠤᠭ ᠮᠠᠲ᠋ᠧᠷᠢᠶᠠᠯ ᠲᠠᠢ ᠪᠠᠶᠢᠪᠠᠯ ᠂ ᠥᠪᠡᠷ ᠢᠶᠠᠨ ᠲᠠᠭᠯᠠᠨ ᠮᠡᠳᠡᠭᠦᠯᠬᠦ ᠪᠥᠭᠡᠳ ᠮᠡᠳᠡᠭᠦᠯᠦᠯᠲᠡ ᠪᠠᠨ ᠬᠠᠩᠭᠠᠨ᠎ᠠ ︔ ᠥᠪᠡᠷᠲᠡᠭᠡᠨ ᠵᠠᠰᠠᠬᠤ ᠣᠷᠣᠨ  ᠠᠴᠠ ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠴᠠᠭᠠᠨ ᠰᠢᠯᠭᠠᠭᠰᠠᠨ ᠪᠠᠶᠢᠪᠠᠯ᠂ ᠲᠤᠷᠰᠢᠯᠲᠠ ᠶᠢ ᠵᠣᠬᠢᠶᠠᠨ ᠪᠠᠶᠢᠭᠤᠯᠤᠭᠰᠠᠨ ᠨᠢᠭᠡᠴᠢ ᠶᠢᠨ ᠬᠠᠩᠭᠠᠭᠰᠠᠨ ᠮᠡᠳᠡᠭᠦᠯᠦᠯᠲᠡ ᠶᠢᠨ ᠶᠣᠰᠣᠭᠠᠷ ᠲᠠᠭᠯᠠᠨ ᠮᠡᠳᠡᠭᠦᠯᠬᠦ ᠬᠡᠷᠡᠭᠲᠡᠢ᠃      3. ᠥᠪᠡᠷᠮᠢᠴᠡ ᠴᠢᠨᠠᠷ᠂ ᠨᠢᠭᠡᠳᠦᠯᠲᠦ ᠴᠢᠨᠠᠷ᠂ ᠲᠣᠭᠲᠠᠪᠤᠷᠢᠲᠤ ᠴᠢᠨᠠᠷ ᠤᠨ ᠰᠢᠯᠭᠠᠯᠲᠠ ᠶᠢᠨ ᠮᠡᠳᠡᠭᠦᠯᠦᠯᠲᠡ᠃ ︽ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠶᠢᠨ ᠥᠪᠡᠷᠮᠢᠴᠡ ᠴᠢᠨᠠᠷ ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ ᠤᠨ ᠰᠣᠷᠢᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠤᠨ ᠡᠭᠦᠯᠳᠡᠷ ᠤᠨ ᠥᠷᠲᠡᠭᠡ ᠶᠢᠨ ᠪᠦᠲᠦᠭᠡᠭᠳᠡᠬᠦᠨ ᠬᠠᠮᠢᠶᠠᠷᠤᠯᠲᠠ ᠲᠠᠷᠬᠠᠭᠠᠭᠰᠠᠨ ﹇2017﹈ 8 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ DUS ᠰᠣᠷᠢᠯᠲᠠ ᠶᠢᠨ ᠮᠡᠳᠡᠭᠦᠯᠦᠯᠲᠡ ︵ᠨᠠᠭᠠᠲᠤ ᠵᠠᠬ᠎ᠠ ᠳᠠᠭᠠᠨ ᠨᠢᠭᠡ ᠬᠤᠪᠢ ᠤᠭ ᠮᠠᠲ᠋ᠧᠷᠢᠶᠠᠯ ᠢ ᠬᠠᠩᠭᠠᠨ᠎ᠠ︶ ᠶᠢ ᠬᠠᠩᠭᠠᠨ᠎ᠠ᠃      4. ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ︵ᠳᠠᠭᠠᠯᠳᠤᠭᠤᠯᠤᠯ 2 ︶ ᠃      5. ᠭᠧᠨ ᠬᠤᠪᠢᠷᠠᠭᠤᠯᠤᠭᠰᠠᠨ ᠪᠤᠰᠤ ᠠᠮᠠᠯᠠᠯᠲᠠ ᠶᠢᠨ ᠪᠢᠴᠢᠭ ︵ ᠳᠠᠭᠠᠯᠳᠤᠭᠤᠯᠤᠯ 3 ︶ ︵ ᠡᠷᠳᠡᠨᠢ ᠰᠢᠰᠢ ᠂ ᠰᠢᠷ᠎ᠠ ᠪᠤᠷᠴᠠᠭ ᠂ ᠤᠰᠤᠨ ᠲᠤᠲᠤᠷᠭ᠎ᠠ ᠶᠢᠨ ᠲᠦᠷᠦᠯ ᠵᠦᠢᠯ ᠳᠤ 2023 ᠣᠨ ᠳᠤ ᠨᠢᠭᠡᠨᠲᠡ ᠭᠧᠨ ᠬᠤᠪᠢᠷᠠᠭᠤᠯᠤᠭᠰᠠᠨ ᠪᠦᠷᠢᠯᠳᠦᠭᠦᠨ ᠤ ᠪᠠᠶᠢᠴᠠᠭᠠᠨ ᠬᠡᠮᠵᠢᠯᠲᠡ ᠶᠢ ᠨᠢᠭᠡᠳᠦᠯᠲᠡᠢ ᠬᠢᠭᠰᠡᠨ ᠪᠣᠯᠬᠤᠷ ᠭᠧᠨ ᠬᠤᠪᠢᠷᠠᠭᠤᠯᠤᠭᠰᠠᠨ ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠶᠢ ᠬᠠᠩᠭᠠᠬᠤ ᠴᠢᠬᠤᠯᠠᠲᠠᠢ ︔ ᠪᠤᠭᠤᠳᠠᠢ ᠵᠡᠷᠭᠡ ᠲᠦᠷᠦᠯ ᠵᠦᠢᠯ ᠳᠤ ᠠᠮᠠᠯᠠᠯᠲᠠ ᠶᠢᠨ ᠪᠢᠴᠢᠭ ᠬᠠᠩᠭᠠᠨ᠎ᠠ ︶ ᠃      ᠬᠤᠶᠠᠷ᠂ ᠮᠡᠳᠡᠭᠦᠯᠬᠦ ᠴᠤᠪᠤᠷᠠᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵http://zwfw.nmg.gov.cn︶ ᠲᠤ ᠭᠠᠷᠴᠤ᠂ ᠰᠠᠯᠠᠭ᠎ᠠ ᠮᠥᠴᠢᠷ ︱ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ︱ ᠵᠠᠰᠠᠭ ᠵᠠᠬᠢᠷᠭᠠᠨ ᠤ ᠨᠤᠲᠠᠯᠠᠯᠲᠠ ᠶᠢ ᠲᠣᠪᠴᠢᠳᠠᠨ᠂ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠵᠢᠯ ᠤᠨ ᠵᠢᠭᠠᠯᠲᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ︵word ᠬᠡᠪᠯᠡᠯ︶ ᠢ ᠳᠡᠭᠡᠭᠰᠢ ᠳᠠᠮᠵᠢᠭᠤᠯᠤᠨ᠎ᠠ᠃ ᠡᠰᠡᠷᠭᠦᠴᠡᠬᠦ ᠴᠢᠨᠠᠷ᠂ ᠶᠠᠰᠤ ᠴᠢᠨᠠᠷ᠂ ᠭᠧᠨ ᠰᠢᠯᠵᠢᠭᠦᠯᠦᠭᠰᠡᠨ ᠵᠡᠷᠭᠡ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠰᠢᠷᠪᠢᠯᠲᠡ ᠶᠢᠨ ᠮᠠᠲ᠋ᠧᠷᠢᠶᠠᠯ ᠢ ᠳᠠᠮᠵᠢᠭᠤᠯᠵᠤ᠂ ᠰᠢᠷᠪᠢᠯᠲᠡ ᠶᠢᠨ ᠮᠠᠲ᠋ᠧᠷᠢᠶᠠᠯ ᠢ ᠣᠯᠣᠭᠰᠠᠨ ᠦᠭᠡᠢ ᠪᠣᠯ ᠲᠤᠷᠰᠢᠯᠲᠠ ᠶᠢᠨ ᠬᠠᠷᠢᠭᠤᠴᠠᠯᠭᠠᠲᠠᠨ ᠲᠠᠢ ᠬᠠᠷᠢᠯᠴᠠᠭᠠᠷᠠᠢ᠃      ᠭᠤᠷᠪᠠ ᠂ ᠪᠤᠰᠤᠳ ᠱᠠᠭᠠᠷᠳᠠᠯᠭ᠎ᠠ      1. ᠲᠤᠰᠢᠶᠠᠭᠰᠠᠨ ᠬᠡᠷᠡᠯ ᠵᠢᠷᠤᠭ ᠢ ᠬᠡᠷᠡᠯ ᠵᠢᠷᠤᠭ ᠤᠨ ᠴᠠᠭᠠᠰᠤ ᠪᠠᠷ ᠳᠠᠷᠤᠮᠠᠯᠯᠠᠬᠤ ᠪᠤᠶᠤ ᠤᠬᠢᠶᠠᠵᠤ ᠭᠠᠷᠭᠠᠭᠰᠠᠨ ᠤ ᠳᠠᠷᠠᠭ᠎ᠠ A4 ᠴᠠᠭᠠᠰᠤᠨ ᠳᠡᠭᠡᠷ᠎ᠡ ᠨᠠᠭᠠᠵᠤ ︵ᠡᠰᠡᠬᠦᠯ᠎ᠡ ᠰᠢᠭᠤᠳ ᠪᠤᠳᠤᠭᠲᠤ ᠳᠠᠷᠤᠮᠠᠯᠯᠠᠬᠤ ᠮᠠᠰᠢᠨ ᠢᠶᠠᠷ ᠳᠡᠭᠡᠳᠦ ᠢᠯᠭᠠᠮᠵᠢ ᠶᠢᠨ ᠡᠯᠧᠮᠧᠨ᠋ᠲ ᠤᠨ ᠬᠡᠷᠡᠯ ᠵᠢᠷᠤᠭ ᠢ ᠳᠠᠷᠤᠮᠠᠯᠯᠠᠨ᠎ᠠ᠂ 2M  ᠠᠴᠠ ᠳᠡᠭᠡᠭᠰᠢ︶᠂ ᠳᠣᠣᠷ᠎ᠠ ᠲᠠᠯ᠎ᠠ ᠳᠤᠨᠢ ᠬᠡᠷᠡᠯ ᠵᠢᠷᠤᠭ ᠤᠨ ᠲᠣᠳᠣᠷᠬᠠᠶᠢᠯᠠᠯᠲᠠ ᠬᠠᠳᠠᠬᠤ ᠬᠡᠷᠡᠭᠲᠡᠢ᠃      2.ᠭᠤᠶᠤᠴᠢᠯᠠᠭᠰᠠᠨ ᠨᠢᠭᠡᠴᠢ ᠪᠠ ᠰᠣᠩᠭᠤᠨ ᠪᠣᠶᠢᠵᠢᠭᠤᠯᠬᠤ ᠨᠢᠭᠡᠴᠢ ᠶᠢᠨ ᠭᠠᠵᠠᠷ ᠲᠤ ᠴᠥᠮ ᠠᠯᠪᠠᠨ ᠲᠠᠮᠠᠭ᠎ᠠ ᠳᠠᠷᠤᠬᠤ ᠬᠡᠷᠡᠭᠲᠡᠢ ᠃        3.ᠭᠤᠶᠤᠴᠢᠯᠠᠭᠰᠠᠨ ᠨᠢᠭᠡᠴᠢ ᠪᠣᠯᠣᠨ ᠲᠦᠷᠦᠯ ᠵᠦᠢᠯ ᠤᠨ ᠰᠢᠯᠭᠠᠯᠲᠠ ᠳᠤ ᠣᠷᠣᠯᠴᠠᠭᠰᠠᠨ ᠨᠢᠭᠡᠴᠢ ᠨᠢ ᠨᠢᠭᠡᠳᠦᠯ ᠦᠭᠡᠢ ᠪᠠᠶᠢᠪᠠᠯ ᠂ ᠲᠦᠷᠦᠯ ᠵᠦᠢᠯ ᠤᠨ ᠰᠢᠯᠭᠠᠯᠲᠠ ᠳᠤ ᠣᠷᠣᠯᠴᠠᠭᠰᠠᠨ ᠨᠢᠭᠡᠴᠢ ᠶᠢᠨ ᠭᠠᠷᠭᠠᠭᠰᠠᠨ ᠪᠠᠶᠢᠳᠠᠯ ᠤᠨ ᠲᠣᠳᠣᠷᠬᠠᠶᠢᠯᠠᠯᠲᠠ ︵ ᠤᠭ ᠮᠠᠲ᠋ᠧᠷᠢᠶᠠᠯ ᠢ ᠬᠠᠩᠭᠠᠨ᠎ᠠ ︶ ᠶᠢ ᠬᠠᠩᠭᠠᠬᠤ ᠴᠢᠬᠤᠯᠠᠲᠠᠢ ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      1.ᠴᠠᠭᠠᠰᠤᠨ ᠮᠠᠲ᠋ᠧᠷᠢᠶᠠᠯ ᠢ ᠲᠡᠪᠳᠡᠷᠯᠡᠨ ᠬᠠᠳᠠᠵᠦ ᠂ ᠠᠳᠠᠯᠢᠬᠠᠨ ᠬᠤᠶᠠᠷ ᠬᠤᠪᠢ ᠲᠤᠰᠢᠶᠠᠨ᠎ᠠ ᠃ ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠳᠠᠪᠬᠤᠷᠯᠢᠭ ᠤᠨ ᠴᠣᠩᠬᠤ᠃      2. ᠭᠤᠶᠤᠴᠢᠯᠠᠯ ᠤᠨ ᠪᠢᠴᠢᠭ ︵word ᠬᠡᠪᠯᠡᠯ︶ ᠤᠨ ᠡᠯᠧᠺᠲᠷᠣᠨ ᠬᠡᠪᠯᠡᠯ ᠢ pinzhong2023@126.com ᠳᠤ ᠬᠦᠷᠭᠡᠨ᠎ᠡ︔ᠨᠡᠷᠡᠶᠢᠳᠬᠦ ᠬᠡᠯᠪᠡᠷᠢ ᠨᠢ᠄ ᠲᠠᠷᠢᠮᠠᠯ ᠤᠨ ᠲᠥᠷᠥᠯ ᠵᠦᠢᠯ + ᠪᠦᠯᠦᠭ ᠤᠨ ᠢᠯᠭᠠᠯ + ᠲᠥᠷᠥᠯ ᠵᠦᠢᠯ ᠤᠨ ᠨᠡᠷᠡᠶᠢᠳᠦᠯ + ᠭᠤᠶᠤᠴᠢᠯᠠᠭᠰᠠᠨ ᠨᠢᠭᠡᠴᠡ ᠶᠢᠨ ᠨᠡᠷᠡᠶᠢᠳᠦᠯ᠃      3.ᠲᠤᠬᠠᠶᠢᠯᠠᠭᠰᠠᠨ ᠠᠵᠢᠯ ᠤᠨ ᠯᠠᠪᠯᠠᠯᠭ᠎ᠠ ᠄      ᠡᠷᠳᠡᠨᠢ ᠰᠢᠰᠢ᠄ ᠵᠠᠩ ᠫᠧᠩ ᠢᠦᠢ  ᠯᠢ ᠰᠢᠨ︔       ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ︔      ᠰᠢᠷ᠎ᠠ ᠪᠤᠷᠴᠠᠭ ᠂ ᠬᠥᠪᠥᠩ ᠄ ᠹᠦ᠋ ᠰᠢᠶᠣᠣ ᠬᠤᠸᠠ︔      ᠬᠠᠷᠢᠯᠴᠠᠬᠤ ᠤᠲᠠᠰᠤ᠄ 0471-6285043᠃      4.ᠬᠦᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ ᠄ 2024 ᠣᠨ ᠤ 2 ᠰᠠᠷ᠎ᠠ ᠶᠢᠨ 19 ᠤ ᠡᠳᠦᠷ ᠃      ᠳᠠᠭᠠᠯᠳᠤᠭᠤᠯᠤᠯ 1 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠯᠭᠠᠬᠤ ᠭᠤᠶᠤᠴᠢᠯᠠᠯ ᠤᠨ ᠪᠢᠴᠢᠭ      ᠳᠠᠭᠠᠯᠳᠤᠭᠤᠯᠤᠯ 2 ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ       ᠳᠠᠭᠠᠯᠳᠤᠭᠤᠯᠤᠯ 3 ᠭᠧᠨ ᠰᠢᠯᠵᠢᠭᠦᠯᠦᠭᠰᠡᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ      ᠳᠠᠭᠠᠯᠳᠤᠭᠤᠯᠤᠯ 4 ᠭᠤᠶᠤᠴᠢᠯᠠᠬᠤ ᠮᠠᠲ᠋ᠧᠷᠢᠶᠠᠯ ᠤᠨ ᠵᠠᠭᠪᠤᠷ ᠬᠠᠪᠲᠠᠰᠤ                                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                       ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ                                          2024 ᠣᠨ ᠤ 1 ᠰᠠᠷ᠎ᠠ ᠶᠢᠨ 26 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号