︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ︵2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶
ᠨᠡᠶᠢᠲᠡᠯᠡᠭᠰᠡᠨ ᠴᠠᠭ᠄
2023/5/9
      ︵2005 ᠣᠨ ᠤ 12 ᠰᠠᠷ᠎ᠠ ᠶᠢᠨ 29 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠪᠠᠲᠤᠯᠠᠪᠠ    2015 ᠣᠨ ᠤ 4 ᠰᠠᠷ᠎ᠠ ᠶᠢᠨ 24 ᠤ ᠡᠳᠦᠷ ᠬᠤᠷᠠᠯᠳᠤᠭᠰᠠᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠦᠷᠪᠡᠳᠦᠭᠡᠷ ᠬᠤᠷᠠᠯᠳᠤᠭᠠᠨ ᠲᠡᠭᠡᠷ᠎ᠡ ︽︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ﹀ ᠵᠡᠷᠭᠡ ᠲᠠᠪᠤᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠳᠤ ᠵᠠᠰᠠᠪᠤᠷᠢ ᠤᠷᠤᠭᠤᠯᠤᠨ 2022 ᠣᠨ ᠤ 10 ᠰᠠᠷ᠎ᠠ ᠶᠢᠨ 30  ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯᠳᠤᠭᠠᠨ ᠠᠴᠠ ᠵᠠᠰᠠᠪᠤᠷᠢ ᠤᠷᠤᠭᠤᠯᠤᠨ ᠳᠤᠭᠳᠠᠭᠠᠪᠠ︶      ᠭᠠᠷᠴᠠᠭ      ᠨᠢᠭᠡᠳᠦᠭᠡᠷ ᠪᠦᠯᠦᠭ    ᠶᠡᠷᠦᠩᠬᠡᠢ ᠳᠦᠷᠢᠮ      ᠬᠤᠶᠠᠳᠤᠭᠠᠷ ᠪᠦᠯᠦᠭ    ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ      ᠭᠤᠷᠪᠠᠳᠤᠭᠠᠷ ᠪᠦᠯᠦᠭ    ᠦᠷ᠎ᠡ ᠶᠢᠨ ᠮᠠᠯ ᠵᠢᠭᠦᠷᠲᠡᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ ᠦᠢᠯᠡᠳᠪᠦᠷᠢᠯᠡᠵᠦ ᠡᠵᠡᠩᠨᠡᠬᠦ      ᠳᠥᠷᠪᠡᠳᠦᠭᠡᠷ ᠪᠦᠯᠦᠭ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ      ᠲᠠᠪᠤᠳᠤᠭᠠᠷ ᠪᠦᠯᠦᠭ    ᠪᠡᠯᠴᠢᠭᠡᠷ ᠤᠨ ᠮᠠᠯ ᠠᠵᠤ ᠠᠬᠤᠢ      ᠵᠢᠷᠭᠤᠳᠤᠭᠠᠷ ᠪᠦᠯᠦᠭ    ᠮᠠᠯ ᠵᠢᠭᠦᠷᠲᠡᠨ ᠢ ᠠᠷᠠᠯᠵᠢᠶᠠᠯᠠᠬᠤ ᠪᠠ ᠲᠡᠭᠡᠭᠡᠪᠦᠷᠢᠯᠡᠬᠦ      ᠳᠣᠯᠣᠳᠤᠭᠠᠷ ᠪᠦᠯᠦᠭ    ᠮᠠᠯ ᠵᠢᠭᠦᠷᠲᠡᠨ ᠢ ᠨᠢᠲᠤᠯᠬᠤ      ᠨᠠᠢᠮᠠᠳᠤᠭᠠᠷ ᠪᠦᠯᠦᠭ     ᠪᠠᠳᠤᠯᠠᠭ᠎ᠠ ᠪᠠ ᠬᠢᠨᠠᠯᠳᠠ      ᠶᠢᠰᠦᠳᠦᠭᠡᠷ ᠪᠦᠯᠦᠭ    ᠬᠠᠤᠯᠢ ᠶᠢᠨ ᠬᠠᠷᠢᠭᠤᠴᠠᠯᠭ᠎ᠠ      ᠠᠷᠪᠠᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ      ᠨᠢᠭᠡᠳᠦᠭᠡᠷ ᠪᠦᠯᠦᠭ    ᠶᠡᠷᠦᠩᠬᠡᠢ ᠳᠦᠷᠢᠮ      ᠨᠢᠭᠡᠳᠦᠭᠡᠷ ᠵᠦᠢᠯ    ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠠᠯ ᠵᠢᠭᠦᠷᠲᠡᠨ ᠤ ᠪᠦᠲᠦᠭᠡᠭᠳᠡᠭᠦᠨ ᠤ ᠬᠠᠩᠭᠠᠯᠭ᠎ᠠ ᠪᠠ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠨ᠂ ᠮᠠᠯ ᠵᠢᠭᠦᠷᠲᠡᠨ ᠤ ᠰᠢᠯᠢᠳᠡᠭ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠵᠦ ᠂ ᠮᠠᠯ ᠵᠢᠭᠦᠷᠲᠡᠨ ᠤ ᠦᠷ᠎ᠡ ᠶᠢᠨ ᠦᠢᠯᠡᠰ ᠢ ᠬᠥᠭᠵᠢᠭᠦᠯᠦᠨ ᠂ ᠮᠠᠯ ᠠᠵᠤ ᠠᠬᠤᠢ ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠂ ᠦᠷᠡᠵᠢᠭᠦᠯᠦᠨ ᠪᠣᠶᠢᠵᠢᠭᠤᠯᠬᠤ ᠂ ᠲᠡᠵᠢᠭᠡᠬᠦ ᠂ ᠡᠵᠡᠩᠨᠡᠬᠦ ᠂ ᠵᠥᠭᠡᠭᠡᠪᠦᠷᠢᠯᠡᠬᠦ ᠂ ᠨᠢᠲᠤᠯᠬᠤ ᠵᠡᠷᠭᠡ ᠠᠵᠢᠯᠯᠠᠭ᠎ᠠ ᠬᠢᠬᠦ ᠳᠤ ᠲᠤᠰ ᠬᠠᠤᠯᠢ ᠶᠢ ᠬᠡᠷᠡᠭᠯᠡᠨ᠎ᠡ᠃      ᠲᠤᠰ ᠬᠠᠤᠯᠢ ᠳᠤ ᠬᠡᠯᠡᠵᠦ ᠪᠠᠶᠢᠭ᠎ᠠ ᠮᠠᠯ ᠵᠢᠭᠦᠷᠲᠡᠨ ᠭᠡᠳᠡᠭ ᠨᠢ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠨᠡᠶᠢᠲᠡᠯᠡᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠵᠢᠭᠰᠠᠭᠠᠭᠰᠠᠨ ᠮᠠᠯ ᠵᠢᠭᠦᠷᠲᠡᠨ ᠢ ᠵᠢᠭᠠᠵᠤ ᠪᠠᠶᠢᠨ᠎ᠠ᠃ᠵᠥᠭᠡᠢ ᠂ ᠬᠦᠷᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠦᠢᠯᠡᠳᠪᠦᠷᠢᠯᠡᠵᠦ ᠡᠵᠡᠩᠨᠡᠬᠦ ᠳᠤ ᠲᠤᠰ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ᠃      ᠭᠤᠷᠪᠠᠳᠤᠭᠠᠷ ᠵᠦᠢᠯ     ᠤᠯᠤᠰ ᠠᠴᠠ ᠮᠠᠯ ᠠᠵᠤ ᠠᠬᠤᠢ ᠶᠢᠨ ᠬᠥᠭᠵᠢᠯᠲᠡ ᠶᠢ ᠲᠡᠮᠵᠢᠵᠤ ᠂ ᠮᠠᠯ ᠠᠵᠤ ᠠᠬᠤᠢ ᠶᠢᠨ ᠲᠠᠷᠢᠶᠠᠯᠠᠩ ᠂ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠦᠵᠡᠭᠦᠯᠬᠦ ᠦᠢᠯᠡᠳᠦᠯ ᠢ ᠪᠠᠳᠠᠷᠠᠭᠤᠯᠬᠤ ᠭᠡᠷᠡᠭᠳᠡᠢ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠮᠠᠯ ᠠᠵᠤ ᠠᠬᠤᠢ ᠶᠢᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠤᠷᠤᠭᠤᠯᠵᠤ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠡᠪᠴᠢᠶᠡᠵᠢᠭᠰᠡᠨ ᠂ ᠪᠠᠷᠢᠮᠵᠢᠶᠠᠵᠢᠭᠰᠠᠨ ᠪᠠ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠲᠡᠳᠬᠦᠵᠦ ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠪᠠ ᠲᠠᠷᠢᠶᠠᠯᠠᠩ ᠮᠠᠯ ᠠᠵᠤ ᠠᠬᠤᠢ  ᠶᠢᠨ ᠤᠷᠴᠢᠯ ᠲᠠᠢ ᠪᠣᠬᠢᠷᠲᠤᠯ ᠦᠭᠡᠢ ᠬᠦᠭᠵᠢᠯᠳᠡ ᠶᠢ ᠠᠬᠢᠭᠤᠯᠵᠤ ᠂ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠲᠦᠯᠬᠢᠨ ᠠᠬᠢᠭᠤᠯᠵᠤ ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠂ ᠠᠮᠤᠷ ᠲᠦᠪᠰᠢᠨ ᠂ ᠴᠢᠨᠠᠷ ᠰᠠᠶᠢᠲᠠᠢ ᠂ ᠥᠨᠳᠥᠷ ᠦᠷ᠎ᠡ ᠠᠰᠢᠭᠲᠠᠢ ᠂ ᠠᠮᠢ ᠠᠬᠤᠢ ᠶᠢᠨ ᠮᠠᠯ ᠠᠵᠤ ᠠᠬᠤᠢ ᠶᠢ ᠬᠦᠭᠵᠢᠬᠦᠯᠬᠦ ᠭᠡᠷᠡᠭᠳᠡᠢ᠃      ᠤᠯᠤᠰ ᠠᠴᠠ ᠦᠨᠳᠦᠰᠦᠲᠡᠨ ᠤ ᠭᠠᠵᠠᠷ ᠣᠷᠣᠨ ᠂ ᠬᠥᠭᠵᠢᠭᠡᠳᠦᠢ ᠭᠠᠵᠠᠷ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠶᠢ ᠬᠠᠪᠰᠤᠷᠤᠨ ᠲᠡᠳᠬᠦᠵᠦ ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠵᠤ ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠤᠨ᠎ᠠ ᠃      ᠳᠥᠷᠪᠡᠳᠦᠭᠡᠷ ᠵᠦᠢᠯ    ᠤᠯᠤᠰ ᠠᠴᠠ ᠠᠷᠭ᠎ᠠ ᠬᠡᠮᠵᠢᠶ᠎ᠡ ᠠᠪᠴᠤ ᠂ ᠮᠠᠯ ᠠᠵᠤ ᠠᠬᠤᠢ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ ᠂ ᠮᠠᠯ ᠵᠢᠭᠦᠷᠲᠡᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠂ ᠮᠠᠯ ᠵᠢᠭᠦᠷᠲᠡᠨ ᠤ ᠸᠠᠺᠼᠢᠨ ᠢ ᠰᠤᠳᠤᠯᠤᠨ ᠦᠢᠯᠡᠳᠬᠦ ᠠᠵᠢᠯ ᠢ ᠴᠢᠩᠭᠠᠳᠬᠠᠵᠤ ᠂ ᠦᠨᠳᠦᠰᠦᠨ ᠱᠠᠲᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ ᠂ ᠮᠠᠯ ᠠᠵᠤ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠳᠡᠯᠭᠡᠷᠡᠭᠦᠯᠦᠯᠲᠡ ᠶᠢᠨ ᠦᠢᠯᠡᠰ ᠢ ᠬᠥᠭᠵᠢᠭᠦᠯᠵᠦ ᠂ ᠮᠠᠯ ᠠᠵᠤ ᠠᠬᠤᠢ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ ᠂ ᠮᠠᠯ ᠠᠵᠤ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠬᠥᠮᠦᠵᠢᠯ ᠤᠬᠠᠭᠤᠯᠭ᠎ᠠ ᠶᠢᠨ ᠠᠵᠢᠯ ᠪᠠ ᠮᠠᠯ ᠠᠵᠤ ᠠᠬᠤᠢ ᠮᠠᠯ ᠡᠮᠨᠡᠯᠭᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠥᠷᠨᠢᠭᠦᠯᠵᠦ ᠂ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠ ᠰᠢᠨ᠎ᠡ ᠡᠭᠦᠳᠦᠯᠲᠡ ᠶᠢ ᠲᠦᠯᠬᠢᠨ ᠠᠬᠢᠭᠤᠯᠤᠨ᠎ᠠ᠃      ᠲᠠᠪᠤᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠮᠠᠯ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ    ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ    ᠬᠠᠷᠢᠭᠤᠴᠠᠬᠤ ᠭᠡᠷᠡᠭᠳᠡᠢ᠃      ᠵᠢᠷᠭᠤᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠠᠵᠤ ᠠᠬᠤᠢ ᠶᠢᠨ ᠦᠢᠯᠡᠳᠪᠦᠷᠢᠯᠡᠨ ᠡᠵᠡᠩᠨᠡᠭᠴᠢ ᠶᠢ ᠵᠢᠭᠠᠨ ᠵᠢᠯᠤᠭᠤᠳᠴᠤ ᠪᠠᠶᠢᠭᠠᠳ ᠮᠠᠯ ᠵᠢᠭᠦᠷᠲᠡᠨ ᠢ ᠦᠷᠡᠵᠢᠭᠦᠯᠦᠨ ᠪᠣᠶᠢᠵᠢᠭᠤᠯᠬᠤ ᠂ ᠲᠡᠵᠢᠭᠡᠬᠦ ᠂ ᠵᠥᠭᠡᠭᠡᠪᠦᠷᠢᠯᠡᠬᠦ ᠂ ᠨᠢᠲᠤᠯᠬᠤ ᠨᠥᠬᠦᠴᠡᠯ ᠪᠠ ᠣᠷᠴᠢᠨ ᠲᠣᠭᠤᠷᠢᠨ ᠢ ᠨᠢ ᠰᠠᠶᠢᠵᠢᠷᠠᠭᠤᠯᠬᠤ ᠬᠡᠷᠡᠭᠲᠡᠢ ᠃      ᠳᠣᠯᠣᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ  ᠤᠨ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃      ᠮᠠᠯ ᠠᠵᠤ ᠠᠬᠤᠢ ᠶᠢᠨ ᠬᠥᠭᠵᠢᠯᠲᠡ ᠶᠢᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃      ᠨᠠᠢᠮᠠᠳᠤᠭᠠᠷ ᠵᠦᠢᠯ    ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠭᠴᠢ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠠᠵᠢᠯ ᠲᠦᠷᠦᠯ ᠤᠨ ᠨᠡᠶᠢᠭᠡᠮᠯᠢᠭ ᠪᠠᠶᠢᠭᠤᠯᠵᠤ᠂ ᠪᠦᠷᠢᠯᠳᠦᠭᠦᠨ ᠳᠡᠭᠡᠨ ᠮᠡᠳᠡᠭᠡ ᠵᠠᠩᠭᠢ᠂ ᠮᠡᠷᠭᠡᠵᠢᠯ᠂ ᠡᠵᠡᠩᠨᠡᠨ ᠪᠣᠷᠣᠯᠠᠭᠤᠯᠤᠯᠲᠠ᠂ ᠪᠤᠯᠪᠠᠰᠤᠷᠠᠯ ᠵᠡᠷᠭᠡ ᠦᠢᠯᠡᠴᠢᠯᠡᠭᠡ ᠬᠠᠩᠭᠠᠵᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠪᠦᠷᠢᠯᠳᠦᠭᠦᠨ ᠪᠠ ᠠᠵᠢᠯ ᠲᠦᠷᠦᠯ ᠤᠨ ᠠᠰᠢᠭ ᠲᠤᠰᠠ ᠶᠢ ᠬᠠᠮᠠᠭᠠᠯᠠᠬᠤᠬᠡᠷᠡᠭᠲᠡᠢ᠃      ᠶᠢᠰᠦᠳᠦᠭᠡᠷ ᠵᠦᠢᠯ    ᠮᠠᠯ ᠠᠵᠤ ᠠᠬᠤᠢ ᠶᠢᠨ ᠦᠢᠯᠡᠳᠪᠦᠷᠢᠯᠡᠨ ᠡᠵᠡᠩᠨᠡᠭᠴᠢ ᠠᠮᠢᠲᠠᠨ ᠤ ᠬᠢᠵᠢᠭ ᠢ ᠰᠡᠷᠭᠡᠶᠢᠯᠡᠬᠦ ᠪᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠵᠦ ᠂ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃      ᠬᠤᠶᠠᠳᠤᠭᠠᠷ ᠪᠦᠯᠦᠭ    ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ      ᠠᠷᠪᠠᠳᠤᠭᠠᠷ ᠵᠦᠢᠯ    ᠤᠯᠤᠰ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠳᠦᠷᠢᠮ ᠢ ᠪᠠᠶᠢᠭᠤᠯᠵᠤ ᠂ ᠡᠬᠢ ᠪᠠᠶᠠᠯᠢᠭ ᠢ ᠪᠠᠶᠢᠴᠠᠭᠠᠬᠤ ᠂ ᠬᠠᠮᠠᠭᠠᠯᠠᠬᠤ ᠂ ᠬᠢᠨᠠᠨ ᠲᠣᠭᠲᠠᠭᠠᠬᠤ ᠂ ᠳᠠᠩᠰᠠᠯᠠᠬᠤ ᠂ ᠬᠢᠨᠠᠨ ᠬᠡᠮᠵᠢᠬᠦ ᠪᠠ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠵᠠᠷᠤᠳᠠᠯ ᠢ ᠲᠥᠰᠥᠪ ᠲᠡᠭᠡᠨ ᠣᠷᠣᠭᠤᠯᠬᠤ ᠬᠡᠷᠡᠭᠲᠡᠢ᠃      ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠳᠤ ᠤᠯᠤᠰ ᠢᠶᠠᠷ ᠭᠤᠣᠯ ᠪᠣᠯᠭᠠᠨ ᠂ ᠤᠯᠠᠨ ᠡᠰᠢᠴᠢᠯᠡᠨ ᠣᠷᠣᠯᠴᠠᠵᠤ ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠥᠨᠳᠥᠷ ᠪᠦᠲᠦᠮᠵᠢᠲᠡᠢ ᠪᠠᠷ ᠠᠰᠢᠭᠯᠠᠬᠤ ᠵᠠᠷᠴᠢᠮ ᠢ ᠪᠠᠷᠢᠮᠲᠠᠯᠠᠨ ᠂ ᠲᠦᠷᠦᠯ ᠬᠤᠪᠢᠶᠠᠨ ᠱᠠᠲᠤ ᠬᠤᠪᠢᠶᠠᠨ ᠬᠠᠮᠠᠭᠠᠯᠠᠬᠤ ᠭᠡᠷᠡᠭᠳᠡᠢ᠃      ᠤᠯᠤᠰ ᠠᠴᠠ ᠬᠤᠯᠪᠣᠭᠳᠠᠯ ᠪᠦᠬᠦᠢ ᠨᠢᠭᠡᠴᠢ ᠂ ᠬᠤᠪᠢ ᠬᠥᠮᠥᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠦᠢᠯᠡᠰ ᠢ ᠬᠠᠤᠯᠢ ᠶᠣᠰᠣᠭᠠᠷ ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠵᠤ ᠂ ᠳᠡᠭᠡᠳᠦ ᠵᠡᠷᠭᠡ ᠶᠢᠨ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠂ ᠠᠵᠤ ᠠᠬᠤᠶᠢᠯᠠᠯ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠂ ᠠᠰᠢᠭᠯᠠᠬᠤ ᠰᠠᠭᠤᠷᠢ ᠰᠤᠳᠤᠯᠭᠠᠨ ᠢᠶᠠᠨ ᠴᠢᠩᠭᠠᠳᠬᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠲᠡᠮᠵᠢᠨ᠎ᠠ᠃      ᠠᠷᠪᠠᠨ ᠨᠢᠭᠡᠳᠦᠭᠡᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠬᠠᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠰᠡᠨ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠢ ᠪᠠᠶᠢᠭᠤᠯᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠨᠠᠨ ᠲᠣᠭᠲᠠᠭᠠᠬᠤ ᠂ ᠦᠨᠡᠯᠡᠨ ᠵᠢᠱᠢᠬᠦ ᠪᠠ ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠭᠤᠯᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠶᠢ ᠨᠤᠲᠠᠯᠠᠬᠤ ᠵᠢᠴᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠳᠤ ᠬᠤᠯᠪᠣᠭᠳᠠᠬᠤ ᠵᠥᠪᠯᠡᠯᠭᠡ ᠥᠭᠬᠦ ᠠᠵᠢᠯ ᠢ ᠡᠭᠦᠷᠭᠡᠯᠡᠭᠦᠯᠦᠨ᠎ᠡ᠃      ᠠᠷᠪᠠᠨ ᠬᠤᠶᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠤᠨ ᠮᠡᠳᠡᠭᠦᠯᠦᠯᠲᠡ ᠶᠢ ᠨᠡᠶᠢᠲᠡᠯᠡᠬᠦ ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠨᠡᠶᠢᠲᠡᠯᠡᠬᠦ ᠠᠵᠢᠯ ᠢ ᠬᠠᠷᠢᠭᠤᠴᠠᠨ᠎ᠠ᠃      ᠳᠠᠰᠬᠠᠬᠤ ᠪᠠ ᠰᠣᠩᠭᠤᠨ ᠪᠣᠶᠢᠵᠢᠭᠤᠯᠬᠤ ᠪᠠᠷ ᠳᠡᠮᠵᠢᠨ᠂ ᠤᠳᠤᠮᠰᠢᠯ ᠤᠨ ᠰᠢᠨᠵᠢ ᠪᠠᠶᠢᠳᠠᠯ ᠨᠢ ᠲᠣᠭᠲᠠᠪᠤᠷᠢᠲᠠᠢ᠂ ᠪᠣᠯᠪᠠᠰᠤᠷᠠᠭᠰᠠᠨ ᠡᠭᠦᠯᠳᠡᠷ ᠪᠠ ᠵᠣᠬᠢᠬᠤ ᠳᠦᠷᠰᠦ ᠶᠢᠨ ᠰᠦᠷᠦᠭ ᠤᠨ ᠬᠡᠪᠴᠢᠶ᠎ᠡ ᠲᠠᠢ᠂ ᠬᠡᠭᠡᠷ᠎ᠡ ᠶᠢᠨ ᠳᠦᠷᠰᠦ ᠶᠢᠨ ᠰᠦᠷᠦᠭ ᠲᠤ ᠲᠦᠰᠢᠭᠯᠡᠬᠦ ᠦᠭᠡᠢ ᠪᠠᠷ ᠪᠡᠶ᠎ᠡ ᠪᠠᠨ ᠳᠠᠭᠠᠭᠠᠨ ᠦᠷᠡᠵᠢᠵᠦ ᠴᠢᠳᠠᠳᠠᠭ ᠲᠡᠵᠢᠭᠡᠪᠦᠷᠢ ᠠᠮᠢᠲᠠᠨ ᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠣᠷᠣᠭᠤᠯᠵᠤ ᠪᠣᠯᠣᠨ᠎ᠠ᠃      ᠠᠷᠪᠠᠨ ᠭᠤᠷᠪᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠂ ᠪᠦᠬᠦ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠶᠢ ᠲᠣᠭᠲᠠᠭᠠᠵᠤ ᠂ ᠤᠯᠤᠰ ᠤᠨ ᠳᠡᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠲᠣᠭᠲᠠᠭᠠᠵᠤ ᠂ ᠲᠣᠬᠢᠷᠠᠭᠤᠯᠬᠤ ᠪᠥᠭᠡᠳ ᠨᠡᠶᠢᠲᠡᠯᠡᠵᠦ ᠂ ᠮᠠᠨ ᠤ ᠤᠯᠤᠰ ᠠᠴᠠ ᠭᠠᠷᠤᠯᠳᠠ ᠲᠠᠢ ᠬᠤᠪᠣᠷ ᠨᠠᠨᠳᠢᠨ ᠂ ᠬᠤᠪᠣᠷ ᠴᠤᠬᠠᠭ ᠂ ᠮᠥᠬᠦᠬᠦ ᠰᠢᠬᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠭᠤᠣᠯᠳᠠᠯᠭ᠎ᠠ ᠲᠠᠢ ᠪᠠᠷ ᠬᠠᠮᠠᠭᠠᠯᠠᠨ᠎ᠠ᠃      ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠵᠢᠴᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠵᠦ ᠂ ᠮᠤᠵᠢ ᠶᠢᠨ ᠱᠠᠲᠤᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠵᠤ ᠂ ᠲᠣᠬᠢᠷᠠᠭᠤᠯᠬᠤ ᠪᠥᠭᠡᠳ ᠨᠡᠶᠢᠲᠡᠯᠡᠬᠦ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ ᠂ ᠣᠷᠣᠨ ᠨᠤᠲᠤᠭ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠭᠡᠷᠡᠭᠳᠡᠢ᠃      ᠠᠷᠪᠠᠨ ᠳᠥᠷᠪᠡᠳᠦᠭᠡᠷ ᠵᠦᠢᠯ    ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠵᠢᠴᠢ ᠤᠯᠤᠰ ᠤᠨ ᠳᠡᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠦᠨᠳᠦᠰᠦᠯᠡᠵᠦ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠤᠵᠢ ᠶᠢᠨ ᠱᠠᠲᠤᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠦᠨᠳᠦᠰᠦᠯᠡᠨ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢᠨ ᠬᠠᠮᠠᠭᠠᠯᠠᠯᠲᠠ ᠶᠢᠨ ᠲᠠᠯᠠᠪᠠᠢ ᠂ ᠬᠠᠮᠠᠭᠠᠯᠠᠯᠲᠠ ᠶᠢᠨ ᠣᠷᠣᠨ ᠪᠠ ᠭᠧᠨ ᠤ ᠬᠥᠮᠥᠷᠭᠡ ᠶᠢ ᠲᠤᠰ ᠲᠤᠰ ᠪᠠᠶᠢᠭᠤᠯᠬᠤ ᠪᠤᠶᠤ ᠲᠣᠭᠲᠠᠭᠠᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠭᠦᠷᠭᠡ ᠶᠢ ᠡᠬᠦᠷᠭᠡᠯᠡᠬᠦ ᠭᠡᠷᠡᠭᠳᠡᠢ᠃      ᠲᠥᠪ ᠤᠨ ᠪᠠ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢ ᠡᠳ᠋ᠯᠡᠬᠦ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢᠨ ᠬᠠᠮᠠᠭᠠᠯᠠᠯᠲᠠ ᠶᠢᠨ ᠲᠠᠯᠠᠪᠠᠢ ᠂ ᠬᠠᠮᠠᠭᠠᠯᠠᠯᠲᠠ ᠶᠢᠨ ᠣᠷᠣᠨ ᠪᠠ ᠭᠧᠨ ᠤ ᠬᠥᠮᠥᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠬᠠᠮᠠᠭᠠᠯᠠᠭᠳᠠᠵᠤ ᠪᠠᠶᠢᠭ᠎ᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ ᠃      ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠥᠮᠥᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠂ ᠮᠠᠯ ᠵᠢᠭᠦᠷᠲᠡᠨ ᠤ ᠤᠳᠤᠮᠯᠠᠯ ᠤᠨ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠵᠤ ᠰᠢᠨᠡᠳᠬᠡᠬᠦ ᠬᠡᠷᠡᠭᠲᠡᠢ ᠃ ᠬᠤᠯᠪᠣᠭᠳᠠᠯ ᠪᠦᠬᠦᠢ ᠨᠢᠭᠡᠴᠢ ᠂ ᠬᠤᠪᠢ ᠬᠥᠮᠥᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠥᠮᠥᠷᠭᠡ ᠲᠠᠢ ᠬᠠᠮᠵᠢᠯᠴᠠᠨ ᠮᠠᠯ ᠵᠢᠭᠦᠷᠲᠡᠨ ᠤ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠬᠤ ᠬᠡᠷᠡᠭᠲᠡᠢ ᠪᠥᠭᠡᠳ ᠵᠣᠬᠢᠰᠲᠠᠢ ᠠᠵᠤ ᠠᠬᠤᠢ ᠶᠢᠨ ᠨᠥᠬᠦᠪᠦᠷᠢ ᠣᠯᠬᠤ ᠡᠷᠬᠡ ᠲᠠᠢ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢᠨ ᠬᠠᠮᠠᠭᠠᠯᠠᠯᠲᠠ ᠶᠢᠨ ᠲᠠᠯᠠᠪᠠᠢ ᠪᠠ ᠭᠧᠨ ᠤ ᠬᠥᠮᠥᠷᠭᠡ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ ᠃ ᠦᠨᠡᠬᠡᠷ ᠬᠠᠭᠠᠬᠤ ᠪᠤᠶᠤ ᠨᠡᠭᠦᠯᠭᠡᠬᠦ ᠴᠢᠬᠤᠯᠠ ᠲᠠᠢ ᠪᠣᠯ ᠤᠤᠯ ᠤᠨ ᠪᠠᠶᠢᠭᠤᠯᠤᠭᠰᠠᠨ ᠪᠤᠶᠤ ᠲᠣᠭᠲᠠᠭᠠᠭᠰᠠᠨ ᠪᠠᠶᠢᠭᠤᠯᠭ᠎ᠠ ᠪᠠᠷ ᠨᠢ ᠵᠥᠪᠰᠢᠶᠡᠷᠡᠭᠦᠯᠬᠦ ᠬᠡᠷᠡᠭᠲᠡᠢ ᠂ ᠨᠡᠭᠦᠯᠭᠡᠭᠰᠡᠨ ᠪᠠᠶᠢᠪᠠᠯ ᠤᠷᠢᠳᠠᠪᠠᠷ ᠪᠠᠶᠢᠭᠤᠯᠵᠤ ᠳᠠᠷᠠᠭ᠎ᠠ ᠳᠤ  ᠨᠢ ᠨᠤᠷᠠᠭᠠᠬᠤ ᠵᠠᠷᠴᠢᠮ  ᠶᠣᠰᠣᠭᠠᠷ ᠲᠣᠬᠢᠲᠠᠢ ᠲᠥᠪᠬᠢᠨᠡᠭᠦᠯᠬᠦ ᠬᠡᠷᠡᠭᠲᠡᠢ᠃      ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢ ᠬᠠᠮᠠᠭᠠᠯᠠᠬᠤ ᠲᠠᠯᠠᠪᠠᠢ ᠂ ᠬᠠᠮᠠᠭᠠᠯᠠᠯᠲᠠ ᠶᠢᠨ ᠣᠷᠣᠨ ᠪᠠ ᠭᠧᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠠᠷᠪᠠᠨ ᠲᠠᠪᠤᠳᠤᠭᠠᠷ ᠵᠦᠢᠯ    ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠺᠣᠮᠢᠰ ᠰᠢᠯᠭᠠᠨ ᠲᠣᠭᠲᠠᠭᠠᠬᠤ ᠠᠴᠠ ᠡᠮᠦᠨ᠎ᠡ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠠᠭᠠᠯᠠᠬᠤ ᠲᠥᠰᠥᠯ ᠲᠣᠭᠲᠠᠭᠠᠵᠤ ᠂ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ    ᠬᠢᠯᠢ ᠶᠢᠨ ᠭᠠᠳᠠᠨ᠎ᠠ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠣᠷᠣᠭᠤᠯᠬᠤ ᠳᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠦᠨᠡᠯᠡᠨ ᠵᠢᠱᠢᠭᠦᠯᠵᠦ ᠨᠤᠲᠠᠯᠠᠭᠤᠯᠤᠭᠰᠠᠨ ᠤ ᠳᠠᠷᠠᠭ᠎ᠠ ᠵᠦᠪᠰᠢᠶᠡᠷᠡᠨ᠎ᠡ︔ ᠭᠡᠪᠡᠴᠦ ᠵᠥᠪᠰᠢᠶᠡᠷᠡᠭᠰᠡᠨ ᠪᠠᠶᠢᠭᠤᠯᠭ᠎ᠠ ᠶᠢᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ ᠃ ᠵᠥᠪᠰᠢᠶᠡᠷᠡᠭᠦᠯᠦᠭᠰᠡᠨ ᠪᠠᠶᠢᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ︾ ᠶᠢᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠬᠦ ᠶᠢᠨ ᠬᠠᠮᠲᠤ ᠬᠢᠵᠢᠭ ᠤᠨ ᠪᠠᠶᠢᠴᠠᠭᠠᠯᠲᠠ ᠬᠢᠨ᠎ᠡ᠃      ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠨᠢ ᠬᠢᠯᠢ ᠶᠢᠨ ᠳᠣᠲᠣᠷᠠᠬᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠂ ᠠᠮᠢ ᠠᠬᠤᠢ ᠶᠢᠨ ᠣᠷᠴᠢᠨ ᠲᠣᠭᠤᠷᠢᠨ ᠳᠤ ᠬᠤᠣᠷ ᠬᠥᠨᠥᠭᠡᠯ ᠲᠠᠢ ᠪᠤᠶᠤ ᠬᠤᠣᠷ ᠬᠥᠨᠥᠭᠡᠯ ᠤᠴᠠᠷᠠᠭᠤᠯᠬᠤ ᠪᠣᠯᠣᠯᠴᠠᠭ᠎ᠠ ᠲᠠᠢ ᠪᠠᠶᠢᠬᠤ ᠶᠢ ᠣᠯᠵᠤ ᠮᠡᠳᠡᠪᠡᠯ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ ᠂ ᠴᠠᠭ ᠲᠤᠬᠠᠢ ᠳᠤ  ᠨᠢ ᠠᠶᠤᠯᠭᠦᠢ ᠶᠢᠨ ᠬᠢᠵᠠᠭᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ    ᠤᠯᠤᠰ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠲᠤ ᠭᠤᠣᠯ ᠡᠷᠬᠡ ᠮᠡᠳᠡᠯ  ᠲᠠᠢ ᠃ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠪᠤᠶᠤ ᠬᠢᠯᠢ ᠶᠢᠨ ᠳᠣᠲᠣᠷ᠎ᠠ  ᠠᠴᠠ ᠬᠢᠯᠢ ᠶᠢᠨ ᠭᠠᠳᠠᠨᠠᠬᠢ ᠪᠠᠶᠢᠭᠤᠯᠤᠮᠵᠢ ᠂ ᠬᠤᠪᠢ ᠬᠥᠮᠥᠨ ᠲᠠᠢ ᠬᠠᠮᠲᠤᠷᠠᠨ ᠰᠤᠳᠤᠯᠵᠤ ᠠᠰᠢᠭᠯᠠᠬᠤ ᠳᠤ ᠬᠦᠷᠪᠡᠯ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠠᠰᠢᠭ ᠲᠤᠰᠠ ᠶᠢ ᠤᠯᠤᠰ  ᠲᠠᠢ ᠬᠠᠮᠲᠤ ᠪᠠᠷ ᠡᠳ᠋ᠯᠡᠬᠦ ᠲᠥᠰᠥᠯ ᠢ ᠳᠤᠭᠳᠠᠭᠠᠬᠤ ᠬᠡᠷᠡᠭᠲᠡᠢ ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃      ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠳᠤ ᠬᠦᠷᠪᠡᠯ ᠂ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ︾ ᠶᠢᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠬᠦ ᠶᠢᠨ ᠬᠠᠮᠲᠤ ᠬᠢᠵᠢᠭ ᠤᠨ ᠪᠠᠶᠢᠴᠠᠭᠠᠯᠲᠠ ᠬᠢᠬᠦ ᠬᠡᠷᠡᠭᠲᠡᠢ᠃      ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠺᠣᠮᠢᠰ ᠰᠢᠯᠭᠠᠨ ᠲᠣᠭᠲᠠᠭᠠᠬᠤ ᠠᠴᠠ ᠡᠮᠦᠨ᠎ᠡ ᠂ ᠬᠢᠯᠢ ᠶᠢᠨ ᠭᠠᠳᠠᠨ᠎ᠠ ᠭᠠᠷᠭᠠᠵᠤ ᠪᠣᠯᠬᠤ ᠦᠭᠡᠢ ᠂ ᠬᠢᠯᠢ ᠶᠢᠨ ᠭᠠᠳᠠᠨᠠᠬᠢ ᠪᠠᠶᠢᠭᠤᠯᠤᠮᠵᠢ ᠂ ᠬᠤᠪᠢ ᠬᠥᠮᠥᠨ ᠲᠠᠢ ᠬᠠᠮᠲᠤᠷᠠᠨ ᠰᠤᠳᠤᠯᠤᠨ ᠠᠰᠢᠭᠯᠠᠵᠤ ᠪᠣᠯᠬᠤ ᠦᠭᠡᠢ᠃      ᠠᠷᠪᠠᠨ ᠨᠠᠢᠮᠠᠳᠤᠭᠠᠷ ᠵᠦᠢᠯ    ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠪᠠᠷ ᠣᠷᠣᠭᠤᠯᠵᠤ ᠭᠠᠷᠭᠠᠬᠤ ᠪᠠ ᠭᠠᠳᠠᠭᠠᠳᠤ ᠲᠠᠢ ᠬᠤᠷᠰᠢᠨ ᠰᠤᠳᠤᠯᠵᠤ ᠠᠰᠢᠭᠯᠠᠬᠤ ᠶᠢ ᠬᠢᠨᠠᠨ ᠵᠥᠪᠰᠢᠶᠡᠷᠡᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃      ᠭᠤᠷᠪᠠᠳᠤᠭᠠᠷ ᠪᠦᠯᠦᠭ    ᠦᠷ᠎ᠡ ᠶᠢᠨ ᠮᠠᠯ ᠵᠢᠭᠦᠷᠲᠡᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ ᠦᠢᠯᠡᠳᠪᠦᠷᠢᠯᠡᠵᠦ ᠡᠵᠡᠩᠨᠡᠬᠦ      ᠠᠷᠪᠠ ᠶᠢᠰᠦᠳᠦᠭᠡᠷ ᠵᠦᠢᠯ    ᠤᠯᠤᠰ ᠠᠴᠠ ᠮᠠᠯ ᠵᠢᠭᠦᠷᠲᠡᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠶᠢ ᠲᠡᠳᠬᠦᠨ ᠳᠡᠮᠵᠢᠵᠦ ᠂ ᠪᠦᠬᠦ ᠤᠯᠤᠰ ᠤᠨ ᠮᠠᠯ ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ ︔ ᠠᠵᠤ ᠠᠬᠤᠶᠢᠯᠠᠯ ᠂ ᠳᠡᠭᠡᠳᠦ ᠵᠡᠷᠭᠡ ᠶᠢᠨ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠮᠡᠷᠭᠡᠵᠢᠯ ᠳᠡᠯᠭᠡᠷᠡᠭᠦᠯᠬᠦ ᠨᠢᠭᠡᠴᠢ ᠬᠠᠮᠲᠤᠷᠠᠨ ᠦᠷ᠎ᠡ ᠪᠣᠶᠢᠵᠢᠭᠤᠯᠬᠤ ᠠᠵᠢᠯ ᠥᠷᠨᠢᠭᠦᠯᠬᠦ ᠶᠢ ᠲᠡᠮᠵᠢᠵᠤ ᠂ ᠮᠠᠯ ᠵᠢᠭᠦᠷᠲᠡᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠡᠭᠦᠯᠳᠡᠷ ᠢ ᠨᠡᠭᠡᠭᠡᠨ ᠠᠰᠢᠭᠯᠠᠬᠤ ᠶᠢ ᠳᠡᠮᠵᠢᠵᠦ ᠂ ᠣᠨᠴᠠᠯᠢᠭᠲᠤ ᠮᠠᠯ ᠵᠢᠭᠦᠷᠲᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ ᠂ ᠤᠯᠠᠨ ᠡᠰᠢᠴᠢᠯᠡᠭᠰᠡᠨ ᠭᠡᠷᠡᠭᠯᠡᠭᠡᠨ ᠤ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠭᠡᠷᠡᠭᠳᠡᠢ᠃       ᠬᠤᠷᠢᠳᠤᠭᠠᠷ ᠵᠦᠢᠯ    ᠤᠯᠤᠰ ᠠᠴᠠ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠲᠡᠮᠵᠢᠵᠤ ᠂ ᠦᠷ᠎ᠡ ᠪᠣᠶᠢᠵᠢᠭᠤᠯᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ ᠂ ᠰᠣᠩᠭᠤᠨ ᠪᠣᠶᠢᠵᠢᠭᠤᠯᠬᠤ ᠦᠢᠯᠡᠳᠪᠦᠷᠢᠯᠡᠯ ᠡᠵᠡᠩᠨᠡᠯᠲᠡ ᠶᠢ ᠤᠶᠠᠯᠳᠤᠭᠤᠯᠤᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨᠲᠡᠮᠵᠢᠨ᠎ᠠ᠃      ᠬᠤᠷᠢᠨ ᠨᠢᠭᠡᠳᠦᠭᠡᠷ ᠵᠦᠢᠯ    ᠪᠣᠶᠢᠵᠢᠭᠤᠯᠤᠭᠰᠠᠨ ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠪᠠ ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠪᠣᠷᠣᠯᠠᠭᠤᠯᠬᠤ ᠂ ᠳᠡᠯᠭᠡᠷᠡᠭᠦᠯᠬᠦ ᠠᠴᠠ ᠡᠮᠦᠨ᠎ᠡ ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠢᠶᠠᠷ ᠬᠢᠨᠠᠨ ᠲᠣᠭᠲᠠᠭᠠᠯᠭᠠᠬᠤ ᠬᠡᠷᠡᠭᠲᠡᠢ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠠᠨ ᠨᠡᠶᠢᠲᠡᠯᠡᠬᠦ ᠬᠡᠷᠡᠭᠲᠡᠢ ᠃ ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠬᠢᠨᠠᠨ ᠲᠣᠭᠲᠠᠭᠠᠬᠤ ᠠᠷᠭ᠎ᠠ ᠪᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠨᠠᠨ ᠲᠣᠭᠲᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ ᠃ ᠬᠢᠨᠠᠨ ᠲᠣᠭᠲᠠᠭᠠᠬᠤ ᠳᠤ ᠬᠡᠷᠡᠭᠰᠡᠬᠦ ᠲᠤᠷᠰᠢᠯᠲᠠ ᠬᠢᠬᠦ ᠂ ᠰᠢᠯᠭᠠᠨ ᠬᠡᠮᠵᠢᠬᠦ ᠵᠡᠷᠭᠡ ᠵᠠᠷᠤᠳᠠᠯ ᠢ ᠭᠤᠶᠤᠴᠢᠯᠠᠭᠴᠢ ᠡᠭᠦᠷᠭᠡᠯᠡᠨ᠎ᠡ᠃      ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠪᠣᠶᠢᠵᠢᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ᠃      ᠬᠤᠷᠢᠨ ᠬᠤᠶᠠᠳᠤᠭᠠᠷ ᠵᠦᠢᠯ     ᠭᠧᠨ ᠬᠤᠪᠢᠷᠠᠭᠤᠯᠤᠭᠰᠠᠨ ᠮᠠᠯ ᠵᠢᠭᠦᠷᠲᠡᠨ ᠤ ᠡᠭᠦᠯᠳᠡᠷ ᠢ ᠣᠷᠣᠭᠤᠯᠬᠤ ᠂ ᠪᠣᠶᠢᠵᠢᠭᠤᠯᠬᠤ ᠂ ᠲᠤᠷᠰᠢᠬᠤ ᠂ ᠬᠢᠨᠠᠨ ᠲᠣᠭᠲᠠᠭᠠᠬᠤ ᠪᠠ ᠳᠡᠯᠭᠡᠷᠡᠭᠦᠯᠬᠦ ᠳᠤ ᠤᠯᠤᠰ ᠤᠨ ᠲᠠᠷᠢᠶᠠᠯᠠᠩ ᠤᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ    ᠮᠤᠵᠢ ᠶᠢᠨ ᠱᠠᠲᠤᠨ ᠠᠴᠠ ᠳᠡᠭᠡᠭᠰᠢᠬᠢ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠨᠤᠭᠤᠳ ᠦᠷ᠎ᠡ ᠶᠢᠨ ᠮᠠᠯ ᠤᠨ ᠶᠠᠰᠤ ᠴᠢᠨᠠᠷ ᠢ ᠬᠢᠨᠠᠨ ᠬᠡᠮᠵᠢᠬᠦ ᠂ ᠰᠢᠯᠢᠳᠡᠭ ᠰᠠᠶᠢᠨ ᠪᠣᠳᠠᠭᠠᠯᠢ ᠪᠡᠶ᠎ᠡ ᠶᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠯᠢᠳᠡᠭ ᠰᠠᠶᠢᠨ ᠦᠷ᠎ᠡ ᠶᠢᠨ ᠮᠠᠯ ᠢ ᠨᠡᠶᠢᠭᠡᠮ ᠳᠤ ᠲᠠᠨᠢᠯᠴᠠᠭᠤᠯᠬᠤ ᠬᠡᠷᠡᠭᠲᠡᠢ ᠃ ᠰᠢᠯᠢᠳᠡᠭ ᠦᠷ᠎ᠡ ᠶᠢᠨ ᠮᠠᠯ ᠢ ᠳᠠᠩᠰᠠᠯᠠᠬᠤ ᠳᠦᠷᠢᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠬᠤᠷᠢᠨ ᠳᠥᠷᠪᠡᠳᠦᠭᠡᠷ ᠵᠦᠢᠯ    ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠪᠤᠶᠤ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠦᠢᠯᠡᠳᠪᠦᠷᠢᠯᠡᠵᠦ ᠡᠵᠡᠩᠨᠡᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ ᠂ ᠬᠤᠪᠢ ᠬᠥᠮᠥᠨ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠣᠯᠣᠭᠰᠠᠨ ᠪᠠᠶᠢᠬᠤ ᠬᠡᠷᠡᠭᠲᠡᠢ᠃      ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ ᠄      ︵ᠨᠢᠭᠡ ︶ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠦᠷ᠎ᠡ ᠶᠢᠨ ᠮᠠᠯ ᠵᠢᠭᠦᠷᠲᠡᠨ ᠨᠢ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠺᠣᠮᠢᠰ ᠤᠨ ᠬᠢᠨᠠᠨ ᠲᠣᠭᠲᠠᠭᠠᠯᠲᠠ ᠪᠤᠶᠤ ᠬᠢᠨᠠᠨ ᠲᠣᠭᠲᠠᠭᠠᠯᠲᠠ ᠶᠢ ᠳᠠᠮᠵᠢᠭᠰᠠᠨ ᠡᠭᠦᠯᠳᠡᠷ ᠂ ᠲᠥᠬᠦᠷᠵᠢᠭᠰᠡᠨ ᠤᠳᠤᠮ ᠂ ᠡᠰᠡᠬᠦᠯ᠎ᠡ ᠵᠥᠪᠰᠢᠶᠡᠷᠡᠭᠦᠯᠦᠭᠡᠳ ᠣᠷᠣᠭᠤᠯᠵᠤ ᠠᠪᠴᠢᠷᠠᠭᠰᠠᠨ ᠬᠢᠯᠢ ᠶᠢᠨ ᠭᠠᠳᠠᠨᠠᠬᠢ ᠡᠭᠦᠯᠳᠡᠷ ᠂ ᠲᠥᠬᠦᠷᠵᠢᠭᠰᠡᠨ ᠤᠳᠤᠮ ᠪᠠᠶᠢᠬᠤ ᠭᠡᠷᠡᠭᠳᠡᠢ︔      ︵ᠬᠤᠶᠠᠷ ︶ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠲᠠᠢ ᠵᠣᠬᠢᠴᠠᠭᠰᠠᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠤᠨ ᠠᠵᠢᠯᠲᠠᠨ ᠲᠠᠢ ᠪᠠᠶᠢᠬᠤ ᠬᠡᠷᠡᠭᠲᠡᠢ︔      ︵ᠭᠤᠷᠪᠠ ︶ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠲᠠᠢ ᠵᠣᠬᠢᠴᠠᠭᠰᠠᠨ ᠦᠷᠡᠵᠢᠭᠦᠯᠦᠨ ᠪᠣᠶᠢᠵᠢᠭᠤᠯᠬᠤ ᠲᠥᠬᠦᠭᠡᠷᠦᠮᠵᠢ  ᠲᠠᠢ ᠪᠠᠶᠢᠬᠤ ᠬᠡᠷᠡᠭᠲᠡᠢ︔      ︵ᠳᠥᠷᠪᠡ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠦᠷ᠎ᠡ ᠶᠢᠨ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔      ︵ᠲᠠᠪᠤ ︶ ᠪᠦᠷᠢᠨ ᠲᠡᠭᠦᠯᠳᠡᠷ ᠶᠠᠰᠤ ᠴᠢᠨᠠᠷ ᠤᠨ ᠬᠠᠮᠢᠶᠠᠷᠤᠯᠲᠠ ᠪᠠ ᠦᠷ᠎ᠡ ᠪᠣᠶᠢᠵᠢᠭᠤᠯᠬᠤ ᠲᠡᠮᠳᠡᠭᠯᠡᠯ ᠤᠨ ᠳᠦᠷᠢᠮ ᠲᠠᠢ ᠪᠠᠶᠢᠬᠤ ᠬᠡᠷᠭᠡᠲᠡᠢ︔      ︵ᠵᠢᠷᠭᠤᠭ᠎ᠠ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃      ᠬᠤᠷᠢᠨ ᠲᠠᠪᠤᠳᠤᠭᠠᠷ ᠵᠦᠢᠯ    ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠬᠤ ᠪᠠᠷ ᠭᠤᠶᠤᠴᠢᠯᠠᠬᠤ ᠳᠤ ᠲᠤᠰ ᠬᠠᠤᠯᠢ ᠶᠢᠨ ᠬᠤᠷᠢᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄      ︵ᠨᠢᠭᠡ ︶ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠤᠷᠰᠢᠯᠲᠠ ᠶᠢᠨ ᠲᠠᠰᠤᠭ ᠂ ᠬᠠᠳᠠᠭᠠᠯᠠᠬᠤ ᠪᠠ ᠲᠡᠭᠡᠭᠡᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ︔      ︵ᠬᠤᠶᠠᠷ ︶ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ    ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠦᠷ᠎ᠡ ᠶᠢᠨ ᠮᠠᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔      ︵ᠭᠤᠷᠪᠠ ︶ ᠪᠡᠶ᠎ᠡ ᠶᠢᠨ ᠭᠠᠳᠠᠨ᠎ᠠ ᠦᠷ᠎ᠡ ᠳᠤᠭᠳᠠᠭᠠᠵᠤ ᠣᠯᠣᠭᠰᠠᠨ ᠬᠦᠪᠦᠷᠡᠯ ᠂ ᠬᠡᠷᠡᠭᠯᠡᠭᠰᠡᠨ ᠥᠨᠳᠡᠭᠡᠨ ᠡᠰ ᠤᠨ ᠢᠷᠡᠯᠲᠡ ᠨᠢ ᠲᠣᠳᠣᠷᠬᠠᠢ ᠂ ᠬᠠᠩᠭᠠᠭᠴᠢ ᠮᠡᠯ ᠨᠢ ᠤᠯᠤᠰ ᠠᠴᠠ ᠲᠣᠭᠲᠠᠭᠠᠭᠰᠠᠨ ᠦᠷ᠎ᠡ ᠶᠢᠨ ᠮᠡᠯ ᠤᠨ ᠡᠷᠡᠭᠦᠯ ᠮᠡᠡᠳᠦ ᠶᠢᠨ ᠪᠠᠷᠢᠮᠵᠢᠶ᠎ᠠ ᠪᠠ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔      ︵ᠳᠥᠷᠪᠡ ︶ ᠬᠤᠯᠪᠣᠭᠳᠠᠯ ᠪᠦᠬᠦᠢ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ    ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠬᠤ ᠪᠠᠷ ᠭᠤᠶᠤᠴᠢᠯᠠᠬᠤ ᠳᠠᠭᠠᠨ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠵᠡᠨ ᠪᠣᠯᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ    ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠬᠤ ᠪᠠᠷ ᠭᠤᠶᠤᠴᠢᠯᠠᠬᠤ ᠳᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ ᠵᠢᠷᠠᠨ ᠠᠵᠢᠯ ᠤᠨ ᠡᠳᠦᠷ ᠤᠨ ᠳᠣᠲᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠭᠤᠬᠤ ᠡᠰᠡᠬᠦ ᠪᠠᠨ ᠬᠠᠤᠯᠢ ᠶᠣᠰᠣᠭᠠᠷ ᠲᠣᠭᠲᠠᠭᠠᠬᠤ ᠬᠡᠷᠡᠭᠲᠡᠢ᠃      ᠪᠤᠰᠤᠳ ᠦᠷ᠎ᠡ ᠶᠢᠨ ᠮᠠᠯ ᠵᠢᠭᠦᠷᠲᠡᠨ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠣᠯᠭᠤᠨ᠎ᠠ᠃      ᠤᠯᠤᠰ ᠠᠴᠠ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢᠭᠡᠳᠦᠯᠲᠡᠢ ᠬᠠᠮᠢᠶᠠᠷᠴᠤ ᠂ ᠱᠠᠲᠤ ᠬᠤᠪᠢᠶᠠᠨ ᠬᠠᠷᠢᠭᠤᠴᠠᠵᠤ ᠂ ᠨᠢᠭᠡᠳᠦᠯᠲᠡᠢ ᠮᠡᠳᠡᠭᠡ ᠵᠠᠩᠭᠢ ᠶᠢᠨ ᠲᠠᠪᠴᠠᠩ ᠳᠤ ᠭᠦᠢᠴᠡᠳᠬᠡᠨ᠎ᠡ ᠃ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠭᠰᠡᠨ ᠪᠠ ᠣᠯᠭᠤᠭᠰᠠᠨ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ ᠃ ᠪᠣᠳᠠᠲᠠᠢ ᠠᠷᠭ᠎ᠠ ᠪᠣᠯᠣᠨ ᠵᠥᠪᠰᠢᠶᠡᠷᠡᠯ ᠤᠨ ᠦᠨᠡᠮᠯᠡᠯ ᠤᠨ ᠶᠠᠩᠵᠤ ᠬᠡᠯᠪᠡᠷᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠠᠴᠠ ᠲᠣᠭᠲᠠᠭᠠᠨ᠎ᠠ᠃      ᠬᠤᠷᠢᠨ ᠳᠣᠯᠣᠳᠤᠭᠠᠷ ᠵᠦᠢᠯ    ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠳᠤ ᠦᠢᠯᠡᠳᠪᠦᠷᠢᠯᠡᠵᠦ ᠡᠵᠡᠩᠨᠡᠭᠴᠢ ᠶᠢᠨ ᠨᠡᠷᠡᠶᠢᠳᠦᠯ ᠂ ᠲᠠᠯᠠᠪᠠᠢ ︵ᠦᠢᠯᠡᠳᠪᠦᠷᠢ ︶  ᠶᠢᠨ ᠬᠠᠶ᠋ᠢᠭ ᠂ ᠦᠢᠯᠡᠳᠪᠦᠷᠢᠯᠡᠵᠦ ᠡᠵᠡᠩᠨᠡᠬᠦ ᠬᠡᠪᠴᠢᠶ᠎ᠡ ᠵᠢᠴᠢ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃      ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠪᠤᠶᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠦᠷ᠎ᠡ ᠶᠢᠨ ᠮᠠᠯ ᠵᠢᠭᠦᠷᠲᠡᠨ ᠪᠤᠶᠤ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠦᠢᠯᠡᠳᠪᠦᠷᠢᠯᠡᠵᠦ ᠡᠵᠡᠩᠨᠡᠬᠦ ᠶᠢ ᠴᠠᠭᠠᠵᠠᠯᠠᠨ᠎ᠠ ᠃ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠬᠤ ᠂ ᠬᠤᠪᠢᠷᠠᠭᠤᠯᠤᠨ ᠵᠣᠬᠢᠶᠠᠬᠤ ᠂ ᠰᠢᠯᠵᠢᠭᠦᠯᠦᠨ ᠥᠭᠬᠦ ᠂ ᠲᠦᠷᠢᠶᠡᠰᠦᠯᠡᠭᠦᠯᠦᠨ ᠵᠢᠭᠡᠯᠡᠭᠦᠯᠬᠦ ᠶᠢ ᠴᠠᠭᠠᠵᠠᠯᠠᠨ᠎ᠠ᠃      ᠬᠤᠷᠢᠨ ᠨᠠᠢᠮᠠᠳᠤᠭᠠᠷ ᠵᠦᠢᠯ    ᠲᠠᠷᠢᠶᠠᠴᠢᠨ ᠡᠷᠦᠭᠡ ᠶᠢᠨ ᠲᠡᠵᠢᠭᠡᠨ ᠠᠷᠠᠴᠢᠯᠠᠵᠤ ᠪᠠᠶᠢᠭ᠎ᠠ ᠦᠷ᠎ᠡ ᠶᠢᠨ ᠮᠠᠯ ᠵᠢᠭᠦᠷᠲᠡᠨ ᠢᠶᠠᠨ ᠥᠪᠡᠷ ᠢᠶᠠᠨ ᠦᠷᠡᠵᠢᠭᠦᠯᠦᠨ ᠲᠡᠵᠢᠭᠡᠬᠦ ᠳᠤ ᠬᠡᠷᠡᠭᠯᠡᠬᠦ ᠪᠠ ᠦᠯᠡᠭᠦᠳᠡᠭᠰᠡᠨ ᠪᠠᠭ᠎ᠠ ᠬᠡᠮᠵᠢᠶᠡᠨ ᠤ ᠲᠥᠯ ᠮᠠᠯ ᠂ ᠵᠢᠭᠦᠷᠲᠡᠨ ᠤ ᠴᠤᠷᠪᠠᠭ᠎ᠠ ᠪᠠᠨ ᠬᠤᠳᠠᠯᠳᠤᠬᠤ ᠳᠤ ᠬᠡᠷᠡᠭᠯᠡᠬᠦ ᠂ ᠲᠠᠷᠢᠶᠠᠴᠢᠨ ᠡᠷᠦᠭᠡ ᠦᠷ᠎ᠡ ᠶᠢᠨ ᠮᠠᠯ ᠲᠡᠵᠢᠭᠡᠭᠡᠳ ᠬᠠᠪᠰᠤᠷᠤᠯᠴᠠᠨ ᠬᠡᠭᠡᠯᠲᠦᠭᠦᠯᠬᠦ ᠳᠤ ᠬᠦᠷᠪᠡᠯ ᠂ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠠᠪᠬᠤ ᠴᠢᠬᠤᠯᠠ ᠦᠭᠡᠢ᠃      ᠬᠤᠷᠢ ᠶᠢᠰᠦᠳᠦᠭᠡᠷ ᠵᠦᠢᠯ    ᠦᠷ᠎ᠡ ᠶᠢᠨ ᠮᠠᠯ ᠵᠢᠭᠦᠷᠲᠡᠨ ᠤ ᠵᠠᠷ ᠨᠡᠶᠢᠲᠡᠯᠡᠬᠦ ᠳᠤ ᠂ ᠵᠠᠷ ᠤᠨ ᠡᠵᠡᠨ ᠨᠢ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠡᠵᠡᠩᠨᠡᠯᠲᠡ ᠶᠢᠨ ᠦᠨᠡᠮᠯᠡᠯ ᠲᠠᠢ ᠪᠠᠶᠢᠬᠤ ᠪᠤᠶᠤ ᠬᠠᠩᠭᠠᠬᠤ ᠬᠡᠷᠡᠭᠲᠡᠢ ᠃ ᠵᠠᠷ ᠤᠨ ᠠᠭᠤᠯᠭ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠦᠷ᠎ᠡ ᠶᠢᠨ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠤᠨ ᠬᠢᠨᠠᠨ ᠲᠣᠭᠲᠠᠭᠠᠯᠲᠠ ᠪᠤᠶᠤ ᠬᠢᠨᠠᠨ ᠲᠣᠭᠲᠠᠭᠠᠯᠲᠠ ᠶᠢᠨ ᠨᠡᠷᠡᠶᠢᠳᠦᠯ ᠢ ᠲᠣᠳᠣᠷᠬᠠᠢ ᠪᠢᠴᠢᠵᠦ ᠂ ᠭᠤᠣᠯ ᠰᠢᠨᠵᠢ ᠪᠠᠶᠢᠳᠠᠯ ᠤᠨ ᠲᠤᠬᠠᠢ ᠳᠦᠷᠰᠦᠯᠡᠨ ᠲᠣᠭᠠᠴᠢᠯᠲᠠ ᠨᠢ ᠲᠤᠰ ᠡᠭᠦᠯᠳᠡᠷ ᠂ ᠲᠥᠬᠦᠷᠵᠢᠭᠰᠡᠨ ᠤᠳᠤᠮ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤᠬᠡᠷᠡᠭᠲᠡᠢ᠃      ᠭᠤᠴᠢᠳᠤᠭᠠᠷ ᠵᠦᠢᠯ    ᠪᠣᠷᠣᠯᠠᠭᠤᠯᠬᠤ ᠦᠷ᠎ᠡ ᠶᠢᠨ ᠮᠠᠯ ᠵᠢᠭᠦᠷᠲᠡᠨ ᠂ ᠭᠡᠷ ᠤᠨ ᠲᠡᠵᠢᠭᠡᠪᠦᠷᠢ ᠶᠢᠨ ᠬᠡᠭᠡᠯᠲᠦᠭᠦᠯᠭᠡ ᠶᠢᠨ ᠦᠷᠳᠡᠭᠡ ︵ᠴᠡᠭ ︶  ᠳᠤ ᠬᠡᠷᠡᠭᠯᠡᠬᠦ ᠦᠷ᠎ᠡ ᠶᠢᠨ ᠮᠠᠯ ᠨᠢ ᠬᠡᠭᠡᠯᠲᠦᠭᠦᠯᠭᠡ ᠳᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃ ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ ᠳᠠᠭᠠᠨ ᠦᠷ᠎ᠡ ᠶᠢᠨ ᠮᠠᠯ ᠵᠢᠭᠦᠷᠲᠡᠨ ᠤ ᠲᠠᠯᠠᠪᠠᠢ ᠠᠴᠠ ᠭᠠᠷᠭᠠᠵᠤ ᠥᠭᠭᠦᠭᠰᠡᠨ ᠦᠷ᠎ᠡ ᠶᠢᠨ ᠮᠠᠯ ᠵᠢᠭᠦᠷᠲᠡᠨ ᠤ ᠬᠢᠷᠢ ᠲᠡᠩᠴᠡᠭᠰᠡᠨ ᠭᠡᠷᠡᠴᠢᠯᠡᠯ ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠢ ᠳᠠᠭᠠᠯᠳᠤᠭᠤᠯᠬᠤ ᠬᠡᠷᠡᠭᠲᠡᠢ ᠂ ᠪᠣᠷᠣᠯᠠᠭᠤᠯᠬᠤ ᠦᠷ᠎ᠡ ᠶᠢᠨ ᠮᠠᠯ ᠳᠤ ᠪᠠᠰᠠ ᠦᠷ᠎ᠡ ᠶᠢᠨ ᠮᠠᠯ ᠵᠢᠭᠦᠷᠲᠡᠨ ᠤ ᠲᠠᠯᠠᠪᠠᠢ ᠠᠴᠠ ᠭᠠᠷᠭᠠᠵᠤ ᠥᠭᠭᠦᠭᠰᠡᠨ ᠭᠡᠷ ᠤᠨ ᠲᠡᠵᠢᠭᠡᠪᠦᠷᠢ ᠶᠢᠨ ᠤᠳᠤᠮ ᠤᠨ ᠴᠠᠳᠢᠭ ᠢ ᠳᠠᠭᠠᠯᠳᠤᠭᠤᠯᠬᠤ ᠬᠡᠷᠡᠭᠲᠡᠢ᠃      ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠳᠡᠭᠡᠨ ᠲᠡᠭᠦᠵᠦ ᠴᠤᠭᠯᠠᠭᠤᠯᠤᠭᠰᠠᠨ ᠂ ᠪᠣᠷᠣᠯᠠᠭᠤᠯᠤᠭᠰᠠᠨ ᠂ ᠰᠢᠯᠵᠢᠭᠦᠯᠦᠨ ᠰᠠᠭᠤᠯᠭᠠᠭᠰᠠᠨ ᠵᠡᠷᠭᠡ ᠲᠠᠯ᠎ᠠ ᠶᠢᠨ ᠪᠦᠷᠢᠨ ᠪᠦᠲᠦᠨ ᠲᠡᠮᠳᠡᠭᠯᠡᠯ ᠲᠠᠢ ᠪᠠᠶᠢᠬᠤ ᠬᠡᠷᠡᠭᠲᠡᠢ ᠂ ᠲᠡᠮᠳᠡᠭᠯᠡᠯ ᠢᠶᠠᠨ ᠬᠤᠶᠠᠷ ᠵᠢᠯ ᠬᠠᠳᠠᠭᠠᠯᠠᠬᠤ ᠬᠡᠷᠡᠭᠲᠡᠢ᠃      ᠭᠤᠴᠢᠨ ᠨᠢᠭᠡᠳᠦᠭᠡᠷ ᠵᠦᠢᠯ    ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ ᠳᠤ ᠪᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄      ︵ᠨᠢᠭᠡ ︶ ᠪᠤᠰᠤᠳ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢᠶᠠᠷ ᠪᠣᠷᠣᠯᠠᠭᠤᠯᠵᠤ ᠪᠠᠶᠢᠭ᠎ᠠ ᠦᠷ᠎ᠡ ᠶᠢᠨ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢ ᠬᠠᠭᠤᠷᠮᠠᠭᠯᠠᠨ ᠤᠷᠤᠯᠠᠭᠤᠯᠬᠤ ︔      ︵ᠬᠤᠶᠠᠷ ︶ ᠳᠣᠣᠷ᠎ᠠ ᠦᠶ᠎ᠡ ᠶᠢᠨ ᠣᠨᠳᠣᠣ ᠦᠷ᠎ᠡ ᠶᠢᠨ ᠮᠠᠯ ᠵᠢᠭᠦᠷᠲᠡᠨ ᠢᠶᠠᠷ ᠲᠡᠭᠡᠳᠦ ᠦᠶ᠎ᠡ ᠶᠢᠨ ᠣᠨᠳᠣᠣ ᠦᠷ᠎ᠡ ᠶᠢᠨ ᠮᠠᠯ ᠵᠢᠭᠦᠷᠲᠡᠨ ᠢ ᠬᠠᠭᠤᠷᠮᠠᠭᠯᠠᠨ ᠣᠷᠣᠯᠠᠭᠤᠯᠬᠤ    ︔      ︵ᠭᠤᠷᠪᠠ ︶ ᠦᠷ᠎ᠡ ᠳᠤ ᠬᠡᠷᠡᠭᠯᠡᠬᠦ ᠪᠠᠷᠢᠮᠵᠢᠶ᠎ᠠ ᠳᠤ ᠦᠯᠦ ᠨᠡᠶᠢᠴᠡᠬᠦ ᠮᠠᠯ ᠵᠢᠭᠦᠷᠲᠡᠨ ᠢᠶᠠᠷ ᠦᠷ᠎ᠡ ᠶᠢᠨ ᠮᠠᠯ ᠵᠢᠭᠦᠷᠲᠡᠨ ᠢ ᠬᠠᠭᠤᠷᠮᠠᠭᠯᠠᠨ ᠣᠷᠣᠯᠠᠭᠤᠯᠬᠤ︔      ︵ᠳᠥᠷᠪᠡ ︶ ᠭᠠᠳᠠᠭᠠᠳᠤ ᠠᠴᠠ ᠣᠷᠣᠭᠤᠯᠬᠤ ᠪᠠᠷ ᠵᠥᠪᠰᠢᠶᠡᠷᠡᠭᠦᠯᠦᠭᠰᠡᠨ ᠦᠭᠡᠢ ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ︔      ︵ᠲᠠᠪᠤ ︶ ᠲᠤᠰ ᠬᠠᠤᠯᠢ ᠶᠢᠨ ᠭᠤᠴᠢᠳᠤᠭᠠᠷ ᠵᠦᠢᠯ ᠳᠤ ᠲᠣᠭᠲᠠᠭᠠᠭᠰᠠᠨ ᠦᠷ᠎ᠡ ᠶᠢᠨ ᠮᠠᠯ ᠵᠢᠭᠦᠷᠲᠡᠨ ᠤ ᠬᠢᠷᠢ ᠲᠡᠩᠴᠡᠭᠰᠡᠨ ᠭᠡᠷᠡᠴᠢᠯᠡᠯ ᠂ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠢ ᠳᠠᠭᠠᠯᠳᠤᠭᠤᠯᠤᠭᠰᠠᠨ ᠦᠭᠡᠢ ᠦᠷ᠎ᠡ ᠶᠢᠨ ᠮᠠᠯ ᠵᠢᠭᠦᠷᠲᠡᠨ ᠪᠤᠶᠤ ᠭᠡᠷ ᠤᠨ ᠲᠡᠵᠢᠭᠡᠪᠦᠷᠢ ᠶᠢᠨ ᠤᠳᠤᠮ ᠤᠨ ᠲᠡᠮᠳᠡᠭᠯᠡᠯ ᠢ ᠳᠠᠭᠠᠯᠳᠤᠭᠤᠯᠤᠭᠰᠠᠨ ᠦᠭᠡᠢ ᠦᠷ᠎ᠡ ᠶᠢᠨ ᠮᠠᠯ ᠢ ᠪᠣᠷᠣᠯᠠᠭᠤᠯᠬᠤ︔      ︵ᠵᠢᠷᠭᠤᠭ᠎ᠠ ︶ ᠬᠢᠨᠠᠨ ᠲᠣᠭᠲᠠᠭᠠᠯᠲᠠ ᠪᠤᠶᠤ ᠰᠢᠯᠭᠠᠨ ᠲᠣᠭᠲᠠᠭᠠᠯᠲᠠ ᠶᠢ ᠥᠩᠭᠡᠷᠡᠭᠡᠭᠰᠡᠨ ᠦᠭᠡᠢ ᠦᠷ᠎ᠡ ᠶᠢᠨ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢ ᠪᠣᠷᠣᠯᠠᠭᠤᠯᠬᠤ᠃      ᠭᠤᠴᠢᠨ ᠬᠤᠶᠠᠳᠤᠭᠠᠷ ᠵᠦᠢᠯ    ᠦᠷ᠎ᠡ ᠶᠢᠨ ᠮᠠᠯ ᠵᠢᠭᠦᠷᠲᠡᠨ ᠢ ᠭᠠᠳᠠᠭᠠᠳᠤ ᠠᠴᠠ ᠣᠷᠣᠭᠤᠯᠬᠤ ᠪᠠᠷ ᠭᠤᠶᠤᠴᠢᠯᠠᠬᠤ ᠳᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠬᠡᠷᠡᠭᠲᠡᠢ ᠃ ᠦᠷ᠎ᠡ ᠶᠢᠨ ᠮᠠᠯ ᠵᠢᠭᠦᠷᠲᠡᠨ ᠪᠠᠶᠢᠬᠤ ᠦᠭᠡᠢ ᠠᠴᠠ ᠪᠣᠯᠵᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠶᠢᠪᠠᠯ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠢ ᠃ ᠦᠷ᠎ᠡ ᠶᠢᠨ ᠮᠠᠯ ᠵᠢᠭᠦᠷᠲᠡᠨ ᠢ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ ᠰᠠᠷ᠎ᠠ ᠪᠣᠯᠣᠨ᠎ᠠ᠃      ᠭᠠᠳᠠᠭᠠᠳᠤ ᠠᠴᠠ ᠣᠷᠣᠭᠤᠯᠬᠤ ᠦᠷ᠎ᠡ ᠶᠢᠨ ᠮᠠᠯ ᠵᠢᠭᠦᠷᠲᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠤᠭᠰᠠᠨ ᠦᠷ᠎ᠡ ᠶᠢᠨ ᠮᠠᠯ ᠵᠢᠭᠦᠷᠲᠡᠨ ᠳᠤ ᠪᠠᠰᠠ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ᠦᠷ᠎ᠡ ᠳᠤ ᠬᠡᠷᠡᠭᠯᠡᠬᠦ ᠴᠢᠳᠠᠮᠵᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠢ ᠃      ᠦᠷ᠎ᠡ ᠶᠢᠨ ᠮᠠᠯ ᠵᠢᠭᠦᠷᠲᠡᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠳᠤ ᠲᠤᠰ ᠵᠦᠢᠯ ᠤᠨ ᠡᠮᠦᠨᠡᠬᠢ ᠬᠤᠶᠠᠷ ᠪᠠᠳᠠᠭ ᠤᠨ ᠲᠣᠭᠲᠠᠭᠠᠯ ᠢ ᠬᠡᠷᠡᠭᠯᠡᠬᠦ ᠠᠴᠠ ᠭᠠᠳᠠᠨ᠎ᠠ ᠪᠠᠰᠠ ᠲᠤᠰ ᠬᠠᠤᠯᠢ ᠶᠢᠨ ᠠᠷᠪᠠᠨ ᠵᠢᠷᠭᠤᠳᠤᠭᠠᠷ ᠵᠦᠢᠯ ᠂ ᠠᠷᠪᠠᠨ ᠳᠣᠯᠣᠳᠤᠭᠠᠷ ᠵᠦᠢᠯ ᠪᠠ ᠬᠤᠷᠢᠨ ᠬᠤᠶᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ᠃      ᠤᠯᠤᠰ ᠠᠴᠠ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢᠳ ᠤᠨ ᠭᠠᠳᠠᠭᠠᠳᠤ ᠠᠴᠠ ᠣᠷᠣᠭᠤᠯᠤᠭᠰᠠᠨ ᠦᠷ᠎ᠡ ᠶᠢᠨ ᠮᠠᠯ ᠵᠢᠭᠦᠷᠲᠡᠨ ᠢ ᠠᠰᠢᠭᠯᠠᠨ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠪᠣᠶᠢᠵᠢᠭᠤᠯᠬᠤ ᠶᠢ ᠵᠣᠷᠢᠭᠵᠢᠭᠤᠯᠤᠨ᠎ᠠ ︔ ᠪᠣᠶᠢᠵᠢᠭᠤᠯᠤᠭᠰᠠᠨ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠳᠡᠯᠭᠡᠷᠡᠭᠦᠯᠬᠦ ᠠᠴᠠ ᠡᠮᠦᠨ᠎ᠡ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠢᠶᠠᠷ ᠬᠢᠨᠠᠨ ᠲᠣᠭᠲᠠᠭᠠᠯᠭᠠᠬᠤ ᠬᠡᠷᠡᠭᠲᠡᠢ᠃      ᠭᠤᠴᠢᠨ ᠭᠤᠷᠪᠠᠳᠤᠭᠠᠷ ᠵᠦᠢᠯ    ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠪᠣᠷᠣᠯᠠᠭᠤᠯᠬᠤ ᠳᠤ ᠂ ᠬᠤᠳᠠᠯᠳᠤᠨ ᠠᠪᠤᠭᠴᠢ ᠳᠤ ᠪᠣᠷᠣᠯᠠᠭᠤᠯᠬᠤ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠭᠤᠣᠯ ᠭᠦᠢᠴᠡᠳᠬᠡᠬᠦ ᠲᠤᠭ᠎ᠠ ᠂ ᠡᠭᠡᠯᠢᠯᠡᠭᠡ ᠶᠢᠨ ᠪᠠᠶᠢᠳᠠᠯ ᠂ ᠠᠷᠠᠴᠢᠯᠠᠨ ᠲᠡᠵᠢᠭᠡᠬᠦ ᠮᠡᠷᠭᠡᠵᠢᠯ ᠤᠨ ᠱᠠᠭᠠᠷᠳᠠᠯᠭ᠎ᠠ ᠪᠠ ᠬᠤᠯᠪᠣᠭᠳᠠᠯ ᠪᠦᠬᠦᠢ ᠵᠥᠪᠯᠡᠯᠭᠡ ᠥᠭᠬᠦ ᠦᠢᠯᠡᠴᠢᠯᠡᠭᠡ ᠶᠢ ᠬᠠᠩᠭᠠᠬᠤ ᠶᠢᠨ ᠬᠠᠮᠲᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠭᠠᠷᠭᠠᠭᠰᠠᠨ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠢ ᠳᠠᠭᠠᠯᠳᠤᠭᠤᠯᠬᠤ ᠬᠡᠷᠡᠭᠲᠡᠢ᠃      ᠦᠷ᠎ᠡ ᠶᠢᠨ ᠮᠠᠯ ᠵᠢᠭᠦᠷᠲᠡᠨ ᠪᠠ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠪᠣᠷᠣᠯᠠᠭᠤᠯᠤᠭᠠᠳ ᠂ ᠶᠠᠰᠤ ᠴᠢᠨᠠᠷ ᠤᠨ ᠠᠰᠠᠭᠤᠳᠠᠯ ᠠᠴᠠ ᠪᠣᠯᠵᠤ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠂ ᠬᠠᠤᠯᠢ ᠶᠣᠰᠣᠭᠠᠷ ᠬᠤᠬᠢᠷᠠᠯ ᠢ ᠲᠥᠯᠥᠬᠦ ᠬᠡᠷᠡᠭᠲᠡᠢ᠃      ᠭᠤᠴᠢᠨ ᠳᠥᠷᠪᠡᠳᠦᠭᠡᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠤᠨ ᠠᠶᠤᠯᠭᠦᠢ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠳᠠᠭᠠᠨ ᠬᠠᠤᠯᠢ ᠪᠠᠷ ᠲᠣᠭᠲᠠᠭᠠᠭᠰᠠᠨ ᠬᠢᠷᠢ ᠬᠡᠮ ᠪᠦᠬᠦᠢ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠬᠢᠯᠭᠡᠬᠦ ᠬᠡᠷᠡᠭᠲᠡᠢ︔ ᠰᠢᠯᠭᠠᠨ ᠪᠠᠶᠢᠴᠠᠭᠠᠬᠤ ᠳᠤ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠲᠥᠰᠥᠪ ᠠᠴᠠ ᠭᠠᠷᠭᠠᠨ᠎ᠠ ᠂ ᠰᠢᠯᠭᠠᠨ ᠪᠠᠶᠢᠴᠠᠭᠠᠭᠳᠠᠭᠴᠢ ᠠᠴᠠ ᠬᠤᠷᠢᠶᠠᠨ ᠠᠪᠴᠤ ᠪᠣᠯᠬᠤ ᠦᠭᠡᠢ᠃      ᠭᠤᠴᠢᠨ ᠲᠠᠪᠤᠳᠤᠭᠠᠷ ᠵᠦᠢᠯ    ᠵᠥᠭᠡᠢ ᠶᠢᠨ ᠦᠷ᠎ᠡ᠂ ᠬᠦᠷᠢ ᠶᠢᠨ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠂ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ᠂ ᠦᠢᠯᠡᠳᠪᠦᠷᠢᠯᠡᠵᠦ ᠡᠵᠡᠩᠨᠡᠬᠦ ᠪᠠ ᠳᠡᠯᠭᠡᠷᠡᠭᠦᠯᠬᠦ ᠳᠤ ᠲᠤᠰ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ ᠂ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠳᠥᠷᠪᠡᠳᠦᠭᠡᠷ ᠪᠦᠯᠦᠭ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ      ᠭᠤᠴᠢᠨ ᠵᠢᠷᠭᠤᠳᠤᠭᠠᠷ ᠵᠦᠢᠯ    ᠤᠯᠤᠰ ᠠᠴᠠ ᠤᠳᠤ ᠦᠶ᠎ᠡ ᠶᠢᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ ᠲᠡᠮᠵᠢᠵᠤ᠂ ᠳᠠᠪᠠᠭᠤᠯᠢᠭ ᠮᠠᠯ ᠵᠢᠭᠦᠷᠲᠡᠨ ᠤ ᠦᠢᠯᠡᠳᠪᠦᠷᠢᠯᠡᠯ ᠢ ᠬᠥᠭᠵᠢᠭᠦᠯᠵᠦ ᠂ ᠮᠠᠯ ᠵᠢᠭᠦᠷᠲᠡᠨ ᠤ ᠠᠰᠢᠭ ᠰᠢᠮ᠎ᠡ ᠶᠢᠨ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃      ᠭᠤᠴᠢᠨ ᠳᠣᠯᠣᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ  ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠬᠤ ᠬᠡᠷᠡᠭᠲᠡᠢ ᠃ ᠰᠢᠶᠠᠨ ᠤ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠣᠭᠠᠷ ᠬᠠᠮᠢᠶᠠᠷᠤᠨ᠎ᠠ ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠤᠭᠤᠴᠠᠭ᠎ᠠ ᠨᠢ ᠲᠦᠭᠦᠷᠡᠭᠰᠡᠨ ᠪᠤᠶᠤ ᠲᠡᠵᠢᠭᠡᠨ ᠦᠷᠡᠵᠢᠭᠦᠯᠬᠦ ᠠᠵᠢᠯᠯᠠᠭ᠎ᠠ ᠶᠢ ᠲᠠᠬᠢᠵᠤ ᠬᠢᠬᠦ ᠪᠠᠨ ᠪᠣᠯᠢᠭᠠᠳ ᠂ ᠤᠤᠯ ᠤᠨ ᠬᠡᠷᠡᠭᠴᠡᠭᠡ ᠶᠢ ᠨᠢ ᠰᠡᠷᠭᠦᠭᠡᠬᠦ ᠴᠢᠬᠤᠯᠠᠲᠠᠢ ᠪᠠᠶᠢᠪᠠᠯ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠬᠡᠷᠡᠭᠯᠡᠭᠴᠢ ᠠᠴᠠ ᠬᠠᠷᠢᠭᠤᠴᠠᠵᠤ ᠰᠡᠷᠭᠦᠭᠡᠨ᠎ᠡ ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠬᠡᠪᠴᠢᠶᠡᠨ ᠳᠤ ᠡᠭᠦᠷᠢᠳᠡ ᠶᠢᠨ ᠴᠢᠨᠠᠷᠲᠠᠢ ᠪᠠᠷᠢᠯᠭ᠎ᠠ ᠶᠢᠨ ᠵᠦᠢᠯ ᠢ ᠪᠠᠶᠢᠭᠤᠯᠬᠤ ᠴᠢᠬᠤᠯᠠᠲᠠᠢ ᠪᠠᠶᠢᠵᠤ ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠳᠤ ᠬᠤᠯᠪᠣᠭᠳᠠᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃      ᠭᠤᠴᠢᠨ ᠨᠠᠢᠮᠠᠳᠤᠭᠠᠷ ᠵᠦᠢᠯ     ᠤᠯᠤᠰ ᠠᠴᠠ ᠪᠠᠶᠢᠭᠤᠯᠤᠭᠰᠠᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠨᠢ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠤᠨ ᠪᠣᠯᠪᠠᠰᠤᠷᠠᠯ ᠵᠢᠴᠢ ᠰᠠᠶᠢᠨ ᠡᠭᠦᠯᠳᠡᠷ ᠢ ᠳᠡᠯᠭᠡᠷᠡᠭᠦᠯᠬᠦ ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠠᠴᠠ ᠪᠠᠶᠢᠭᠤᠯᠤᠭᠰᠠᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠮᠡᠷᠭᠡᠵᠢᠯ ᠤᠨ ᠦᠢᠯᠡᠴᠢᠯᠡᠭᠡ ᠬᠢᠬᠦ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠢ᠃      ᠤᠯᠤᠰ ᠠᠴᠠ ᠮᠠᠯ ᠵᠢᠭᠦᠷᠲᠡᠨ ᠤ ᠠᠰᠢᠭ ᠰᠢᠮ᠎ᠡ ᠶᠢ ᠪᠣᠯᠪᠠᠰᠤᠷᠠᠭᠤᠯᠬᠤ ᠠᠵᠤ ᠠᠬᠤᠶᠢᠯᠠᠯ ᠪᠣᠯᠣᠨ ᠪᠤᠰᠤᠳ ᠬᠤᠯᠪᠣᠭᠳᠠᠯ ᠪᠦᠬᠦᠢ ᠦᠢᠯᠡᠳᠪᠦᠷᠢᠯᠡᠨ ᠡᠵᠡᠩᠨᠡᠭᠴᠢ ᠶᠢᠨ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ ᠳᠤ ᠬᠡᠷᠡᠭᠰᠡᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃      ᠭᠤᠴᠢ ᠶᠢᠰᠦᠳᠦᠭᠡᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠨᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄      ︵ᠨᠢᠭᠡ ︶ ᠠᠷᠠᠴᠢᠯᠠᠨ ᠲᠡᠵᠢᠭᠡᠬᠦ ᠬᠡᠪᠴᠢᠶ᠎ᠡ ᠲᠠᠢ ᠪᠠᠨ ᠵᠣᠬᠢᠴᠠᠭᠰᠠᠨ ᠦᠢᠯᠡᠳᠪᠦᠷᠢᠯᠡᠯ ᠤᠨ ᠲᠠᠯᠠᠪᠤᠷ ᠭᠠᠵᠠᠷ ᠪᠠ ᠢᠵᠢ ᠪᠦᠷᠢᠳᠦᠭᠰᠡᠨ ᠦᠢᠯᠡᠳᠪᠦᠷᠢᠯᠡᠯ ᠤᠨ ᠲᠥᠬᠦᠭᠡᠷᠦᠮᠵᠢ ᠲᠠᠢ ᠪᠠᠶᠢᠬᠤ ᠬᠡᠷᠡᠭᠲᠡᠢ︔      ︵ᠬᠤᠶᠠᠷ ︶ ᠲᠡᠭᠦᠨ ᠳᠤ ᠦᠢᠯᠡᠴᠢᠯᠡᠬᠦ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠤᠨ ᠠᠵᠢᠯᠲᠠᠨ ᠲᠠᠢ ᠪᠠᠶᠢᠬᠤ ᠬᠡᠷᠡᠭᠲᠡᠢ︔      ︵ᠭᠤᠷᠪᠠ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠬᠢᠵᠢᠭ ᠢ ᠰᠡᠷᠭᠡᠶᠢᠯᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔      ︵ᠳᠥᠷᠪᠡ ︶ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠯᠤᠭ᠎ᠠ ᠵᠣᠬᠢᠴᠠᠭᠰᠠᠨ ᠪᠡᠯᠡᠳᠬᠡᠮᠵᠢ ᠲᠥᠬᠦᠭᠡᠷᠦᠮᠵᠢ ᠲᠠᠢ ᠪᠠᠶᠢᠬᠤ ᠬᠡᠷᠡᠭᠲᠡᠢ︔      ︵ᠲᠠᠪᠤ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃      ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠡᠷᠬᠢᠯᠡᠨ ᠪᠠᠶᠢᠭᠤᠯᠤᠭᠴᠢ ᠨᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠨᠡᠷᠡᠶᠢᠳᠦᠯ ᠂ ᠲᠡᠵᠢᠭᠡᠨ ᠦᠷᠡᠵᠢᠭᠦᠯᠬᠦ ᠬᠠᠶ᠋ᠢᠭ ᠂ ᠮᠠᠯ ᠵᠢᠭᠦᠷᠲᠡᠨ ᠤ ᠡᠭᠦᠯᠳᠡᠷ ᠪᠠ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠵᠤ ᠂ ᠮᠠᠯ ᠵᠢᠭᠦᠷᠲᠡᠨ ᠤ ᠢᠯᠭᠠᠬᠤ ᠲᠡᠮᠳᠡᠭ ᠤᠨ ᠣᠷᠣᠯᠠᠬᠤ ᠨᠣᠮᠧᠷ ᠢ ᠣᠯᠣᠭᠰᠠᠨ ᠪᠠᠶᠢᠬᠤ ᠬᠡᠷᠡᠭᠲᠡᠢ᠃      ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠡᠪᠴᠢᠶ᠎ᠡ ᠪᠠᠷᠢᠮᠵᠢᠶ᠎ᠠ ᠪᠠ ᠲᠠᠩᠰᠠᠯᠠᠨ ᠬᠠᠮᠢᠶᠠᠷᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠨᠥᠬᠦᠴᠡᠯ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠱᠠᠭᠠᠷᠳᠠᠯᠭ᠎ᠠ ᠶᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃      ᠳᠥᠴᠢᠳᠦᠭᠡᠷ ᠵᠦᠢᠯ    ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠭᠠᠵᠠᠷ ᠰᠣᠩᠭᠤᠬᠤ ᠂ ᠪᠦᠲᠦᠭᠡᠨ ᠪᠠᠶᠢᠭᠤᠯᠬᠤ ᠳᠠᠭᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠭᠦᠯᠬᠦ ᠬᠡᠷᠡᠭᠲᠡᠢ ᠪᠥᠭᠡᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ︔ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ ᠂ ᠲᠡᠵᠢᠭᠡᠬᠦ ᠶᠢ ᠴᠠᠭᠠᠵᠠᠯᠠᠬᠤ ᠣᠷᠣᠨ ᠪᠦᠰᠡ ᠳᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠵᠤ ᠪᠣᠯᠬᠤ ᠦᠭᠡᠢ᠃      ᠳᠥᠴᠢᠨ ᠨᠢᠭᠡᠳᠦᠭᠡᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠨᠢ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠪᠠᠶᠢᠭᠤᠯᠵᠤ ᠂ ᠳᠣᠣᠷ᠎ᠠ ᠵᠢᠭᠰᠠᠭᠠᠭᠰᠠᠨ ᠠᠭᠤᠯᠭ᠎ᠠ ᠶᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠄      ︵ᠨᠢᠭᠡ ︶ ᠮᠠᠯ ᠵᠢᠭᠦᠷᠲᠡᠨ ᠤ ᠡᠭᠦᠯᠳᠡᠷ ᠂ ᠲᠤᠭ᠎ᠠ ᠬᠡᠮᠵᠢᠶ᠎ᠡ ᠂ ᠦᠷᠡᠵᠢᠯᠲᠡ ᠶᠢᠨ ᠲᠡᠮᠳᠡᠭᠯᠡᠯ ᠂ ᠢᠯᠡᠳᠬᠡᠭᠴᠢ ᠲᠡᠮᠳᠡᠭ ᠤᠨ ᠪᠠᠶᠢᠳᠠᠯ ᠂ ᠢᠷᠡᠯᠲᠡ ᠪᠠ ᠲᠠᠯᠠᠪᠠᠢ ᠳᠤ ᠣᠷᠣᠵᠤ ᠭᠠᠷᠤᠭᠰᠠᠨ ᠡᠳᠦᠷ ᠬᠤᠭᠤᠴᠠᠭ᠎ᠠ︔      ︵ᠬᠤᠶᠠᠷ ︶ ᠲᠡᠵᠢᠭᠡᠯ ᠪᠣᠷᠳᠤᠭ᠎ᠠ ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠂ ᠮᠠᠯ ᠤᠨ ᠡᠮ ᠵᠡᠷᠭᠡ ᠣᠷᠤᠭᠤᠯᠤᠯᠲᠠ ᠶᠢᠨ ᠡᠳ᠋ ᠤᠨ ᠢᠷᠡᠯᠲᠡ ᠂ ᠨᠡᠷᠡᠶᠢᠳᠦᠯ ᠂ ᠬᠡᠷᠡᠭᠯᠡᠬᠦ ᠨᠢᠭᠤᠷᠯᠠᠯ ᠂ ᠴᠠᠭ ᠬᠤᠭᠤᠴᠠᠭ᠎ᠠ ᠪᠠ ᠬᠡᠷᠡᠭᠯᠡᠬᠦᠬᠡᠮᠵᠢᠶ᠎ᠡ︔      ︵ᠭᠤᠷᠪᠠ ︶ ᠬᠢᠵᠢᠭ ᠤᠨ ᠪᠠᠶᠢᠴᠠᠭᠠᠯᠲᠠ ᠬᠢᠭᠰᠡᠨ ᠂ ᠪᠠᠶᠢᠴᠠᠭᠠᠯᠳᠠ ᠶᠢ ᠭᠡᠯᠳᠦᠷᠢᠭᠦᠯᠦᠭᠰᠡᠨ ᠂ ᠠᠷᠢᠭᠤᠳᠬᠠᠭᠰᠠᠨ ᠪᠠᠶᠢᠳᠠᠯ︔      ︵ᠳᠥᠷᠪᠡ ︶ ᠮᠠᠯ ᠵᠢᠭᠦᠷᠲᠡᠨ ᠤ ᠡᠪᠡᠳᠴᠢᠯᠡᠭᠰᠡᠨ ᠂ ᠦᠬᠦᠭᠰᠡᠨ ᠪᠠ ᠬᠤᠣᠷ ᠦᠭᠡᠶᠢᠵᠢᠭᠦᠯᠦᠨ ᠰᠢᠢᠳᠪᠦᠷᠢᠯᠡᠭᠰᠡᠨ ᠪᠠᠶᠢᠳᠠᠯ︔      ︵ᠲᠠᠪᠤ ︶ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠴᠤᠭᠯᠠᠭᠤᠯᠤᠭᠰᠠᠨ ᠂ ᠬᠠᠳᠠᠭᠠᠯᠠᠭᠰᠠᠨ ᠂ ᠬᠤᠣᠷ ᠦᠭᠡᠶᠢᠵᠢᠭᠦᠯᠦᠨ ᠰᠢᠢᠳᠪᠦᠷᠢᠯᠡᠭᠰᠡᠨ ᠪᠠ ᠡᠬᠢ ᠪᠠᠶᠠᠯᠢᠭᠵᠢᠭᠤᠯᠤᠨ ᠠᠰᠢᠭᠯᠠᠭᠰᠠᠨ ᠪᠠᠶᠢᠳᠠᠯ︔      ︵ᠵᠢᠷᠭᠤᠭ᠎ᠠ ︶ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ    ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠠᠭᠤᠯᠭ᠎ᠠ᠃      ᠳᠥᠴᠢᠨ ᠬᠤᠶᠠᠳᠤᠭᠠᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠴᠢᠳ ᠲᠡᠵᠢᠭᠡᠵᠦ ᠪᠠᠶᠢᠭ᠎ᠠ ᠮᠠᠯ ᠵᠢᠭᠦᠷᠲᠡᠨ ᠳᠡᠭᠡᠨ ᠵᠣᠬᠢᠬᠤ ᠦᠷᠡᠵᠢᠯ ᠤᠨ ᠨᠥᠬᠦᠴᠡᠯ ᠪᠠ ᠣᠷᠣᠰᠢᠨ ᠲᠣᠭᠲᠠᠨᠢᠬᠤ ᠂ ᠦᠰᠦᠨ ᠪᠣᠶᠢᠵᠢᠬᠤ ᠣᠷᠴᠢᠨ ᠨᠥᠬᠦᠴᠡᠯ ᠢ ᠬᠠᠩᠭᠠᠵᠤ ᠥᠭᠬᠦ ᠬᠡᠷᠡᠭᠲᠡᠢ᠃      ᠳᠥᠴᠢᠨ ᠭᠤᠷᠪᠠᠳᠤᠭᠠᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄      ︵ᠨᠢᠭᠡ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠵᠥᠷᠢᠴᠡᠵᠦ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠢ ᠵᠥᠷᠢᠴᠡᠵᠦ ᠂ ᠲᠡᠵᠢᠭᠡᠯ ᠪᠣᠷᠳᠤᠭ᠎ᠠ ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠂ ᠮᠠᠯ ᠤᠨ ᠡᠮ ᠢ ᠬᠡᠷᠡᠭᠯᠡᠬᠦ︔      ︵ᠬᠤᠶᠠᠷ ︶ ᠥᠨᠳᠥᠷ ᠬᠠᠯᠠᠭᠤᠨ ᠢᠶᠠᠷ ᠰᠢᠢᠳᠪᠦᠷᠢᠯᠡᠭᠰᠡᠨ ᠦᠭᠡᠢ ᠬᠤᠭᠤᠯᠠᠨ ᠭᠡᠷ ᠂ ᠬᠤᠭᠤᠯᠠᠨ ᠭᠡᠷ ᠤᠨ ᠤᠬᠢᠶᠠᠳᠠᠰᠤ ᠪᠠᠷ ᠭᠡᠷ ᠤᠨ ᠲᠡᠵᠢᠭᠡᠪᠦᠷᠢ ᠶᠢ ᠲᠡᠵᠢᠭᠡᠬᠦ︔      ︵ᠭᠤᠷᠪᠠ ︶ ᠬᠤᠭ ᠨᠣᠪᠰᠢ ᠶᠢᠨ ᠲᠠᠯᠠᠪᠠᠢ ᠳᠤ ᠪᠤᠶᠤ ᠬᠤᠭ ᠨᠣᠪᠰᠢ ᠶᠢᠨ ᠲᠠᠯᠠᠪᠠᠢ ᠳᠠᠬᠢ ᠪᠣᠳᠠᠰ ᠢᠶᠠᠷ ᠮᠠᠯ ᠵᠢᠭᠦᠷᠲᠡᠨ ᠢ ᠲᠡᠵᠢᠭᠡᠬᠦ︔      ︵ᠳᠥᠷᠪᠡ ︶ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠵᠤ ᠰᠢᠢᠳᠪᠦᠷᠢᠯᠡᠬᠦ︔      ︵ᠲᠠᠪᠤ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠬᠥᠮᠥᠨ ᠪᠠ ᠮᠠᠯ ᠵᠢᠭᠦᠷᠲᠡᠨ ᠤ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠬᠤ ᠪᠤᠰᠤᠳ ᠦᠢᠯᠡᠠᠵᠢᠯᠯᠠᠭ᠎ᠠ᠃      ᠳᠥᠴᠢᠨ ᠳᠥᠷᠪᠡᠳᠦᠭᠡᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ    ᠠᠮᠤᠷ ᠲᠦᠪᠰᠢᠨ ᠤ ᠬᠠᠤᠯᠢ ︾ ᠶᠢᠨ ᠲᠣᠭᠲᠠᠭᠠᠯ ᠶᠣᠰᠣᠭᠠᠷ ᠂ ᠮᠠᠯ ᠵᠢᠭᠦᠷᠲᠡᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠢ᠃      ᠳᠥᠴᠢᠨ ᠲᠠᠪᠤᠳᠤᠭᠠᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠴᠢᠳ ᠮᠠᠯ ᠵᠢᠭᠦᠷᠲᠡᠨ ᠤ ᠢᠮ ᠲᠡᠮᠳᠡᠭ ᠤᠨ ᠬᠠᠮᠢᠶᠠᠷᠤᠯᠲᠠ ᠶᠢᠨ ᠲᠤᠬᠠᠢ ᠤᠯᠤᠰ ᠤᠨ ᠲᠣᠭᠲᠠᠭᠠᠯ ᠶᠣᠰᠣᠭᠠᠷ ᠂ ᠢᠮ ᠲᠡᠮᠳᠡᠭ ᠲᠠᠯᠪᠢᠬᠤ ᠶᠣᠰᠣᠲᠠᠢ ᠮᠠᠯ ᠵᠢᠭᠦᠷᠲᠡᠨ ᠤ ᠵᠢᠭᠠᠨ ᠲᠣᠭᠲᠠᠭᠠᠭᠰᠠᠨ ᠬᠡᠰᠡᠭ ᠲᠤ ᠢᠮ ᠲᠡᠮᠳᠡᠭ ᠲᠠᠯᠪᠢᠬᠤ ᠬᠡᠷᠡᠭᠲᠡᠢ ᠃ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠯᠡᠳᠬᠡᠭᠴᠢ ᠲᠡᠮᠳᠡᠭ ᠬᠠᠩᠭᠠᠬᠤ ᠳᠠᠭᠠᠨ ᠰᠦᠢᠳᠬᠡᠯ ᠬᠤᠷᠢᠶᠠᠵᠤ ᠪᠣᠯᠬᠤ ᠦᠭᠡᠢ ᠂ ᠬᠡᠷᠡᠭᠰᠡᠬᠦ ᠵᠠᠷᠤᠳᠠᠯ ᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠥᠰᠥᠪ ᠲᠤ ᠣᠷᠣᠭᠤᠯᠤᠨ᠎ᠠ᠃      ᠮᠠᠯ ᠵᠢᠭᠦᠷᠲᠡᠨ ᠤ ᠢᠮ ᠲᠡᠮᠳᠡᠭ ᠢ ᠬᠠᠭᠤᠷᠮᠠᠭᠯᠠᠨ ᠵᠣᠬᠢᠶᠠᠬᠤ ᠂ ᠬᠤᠪᠢᠷᠠᠭᠤᠯᠤᠨ ᠵᠣᠬᠢᠶᠠᠬᠤ ᠪᠤᠶᠤ ᠲᠠᠬᠢᠨ ᠳᠠᠪᠲᠠᠨ ᠬᠡᠷᠡᠭᠯᠡᠬᠦ ᠶᠢ ᠴᠠᠭᠠᠵᠠᠯᠠᠨ᠎ᠠ ᠃ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠮᠠᠯ ᠵᠢᠭᠦᠷᠲᠡᠨ ᠤ ᠢᠮ ᠲᠡᠮᠳᠡᠭ ᠢ ᠡᠵᠡᠮᠰᠢᠬᠦ ᠂ ᠬᠡᠷᠡᠭᠯᠡᠬᠦ ᠶᠢ ᠴᠠᠭᠠᠵᠠᠯᠠᠨ᠎ᠠ᠃      ᠳᠥᠴᠢᠨ ᠵᠢᠷᠭᠤᠳᠤᠭᠠᠷ ᠵᠦᠢᠯ    ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠨᠢ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠪᠤᠶᠤ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠵᠤ ᠂ ᠣᠷᠴᠢᠨ ᠠᠬᠤᠢ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ ᠃ ᠬᠠᠤᠯᠢ ᠶᠢ ᠵᠥᠷᠢᠴᠡᠨ ᠢᠯᠭᠠᠨ ᠬᠠᠶᠠᠭᠰᠠᠨ ᠪᠤᠶᠤ ᠬᠠᠮᠢᠶᠠᠷᠤᠯᠳᠠ ᠨᠢ ᠵᠣᠬᠢᠰ ᠦᠭᠡᠢ  ᠠᠴᠠ ᠪᠣᠯᠵᠤ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠠᠶᠢᠪᠠᠯ ᠂ ᠬᠤᠣᠷ ᠬᠥᠨᠥᠭᠡᠯ ᠢ ᠠᠷᠢᠯᠭᠠᠵᠤ ᠂ ᠬᠠᠤᠯᠢ ᠶᠣᠰᠣᠭᠠᠷ ᠬᠤᠬᠢᠷᠠᠯ ᠢ ᠲᠦᠯᠦᠬᠦ ᠬᠡᠷᠡᠭᠲᠡᠢ᠃       ᠤᠯᠤᠰ ᠠᠴᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠴᠤᠭᠯᠠᠭᠤᠯᠬᠤ ᠂ ᠬᠠᠳᠠᠭᠠᠯᠠᠬᠤ ᠂ ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠬᠦᠭᠡᠷᠦᠮᠵᠢ ᠪᠠᠶᠢᠭᠤᠯᠬᠤ ᠶᠢ ᠳᠡᠮᠵᠢᠵᠦ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠰᠢᠮ᠎ᠡ ᠲᠡᠵᠢᠭᠡᠯ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ ᠂ ᠲᠠᠷᠢᠶᠠᠯᠠᠩ ᠳᠤ ᠬᠡᠷᠡᠭᠯᠡᠬᠦ ᠣᠷᠭᠠᠨᠢᠭ ᠪᠣᠷᠳᠣᠭᠤᠷ ᠢ ᠠᠰᠢᠭᠯᠠᠬᠤ ᠪᠠ ᠲᠠᠷᠢᠵᠤ ᠲᠡᠵᠢᠭᠡᠬᠦ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠤᠨ᠎ᠠ ᠃      ᠳᠥᠴᠢᠨ ᠳᠣᠯᠣᠳᠤᠭᠠᠷ ᠵᠦᠢᠯ ᠤᠯᠤᠰ ᠠᠴᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠭᠡ ᠶᠢ ᠬᠥᠲᠥᠯᠥᠨ ᠵᠢᠯᠤᠭᠤᠳᠴᠤ ᠪᠠᠶᠢᠭᠠᠳ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠶᠣᠰᠣᠭᠠᠷ ᠡᠮᠬᠢ ᠵᠢᠷᠤᠮ ᠲᠠᠢ ᠪᠠᠷ ᠬᠥᠭᠵᠢᠭᠦᠯᠵᠦ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠭᠡ ᠶᠢ ᠵᠢᠯᠤᠭᠤᠳᠴᠤ ᠬᠠᠪᠰᠤᠷᠤᠨ ᠲᠡᠳᠬᠦᠬᠦ ᠶᠢ ᠴᠢᠩᠭᠠᠳᠬᠠᠵᠤ ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ᠂ ᠳᠤᠷ᠎ᠠ ᠪᠠᠷ ᠢᠶᠠᠨ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ᠠᠯᠪᠠᠳᠠᠯᠭ᠎ᠠ ᠪᠠᠷ ᠢᠯᠭᠠᠷᠠᠭᠤᠯᠤᠨ ᠪᠤᠴᠠᠭᠠᠵᠤ ᠪᠣᠯᠬᠤ ᠦᠭᠡᠢ᠃      ᠤᠯᠤᠰ ᠠᠴᠠ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠳᠤ ᠠᠭᠤᠰᠤᠯᠴᠠᠭᠤᠯᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠪᠠ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠮᠠᠯ ᠵᠢᠭᠦᠷᠲᠡᠨ ᠤ ᠬᠡᠪᠴᠢᠶᠡᠵᠢᠭᠰᠡᠨ ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠦᠯᠲᠡ ᠶᠢ ᠬᠥᠭᠵᠢᠭᠦᠯᠬᠦ ᠶᠢ ᠳᠡᠮᠵᠢᠵᠦ ᠂ ᠰᠢᠨ᠎ᠡ ᠠᠵᠤ ᠦᠢᠯᠡᠰ ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠵᠦ ᠂ ᠵᠤᠭᠠᠴᠠᠯ ᠂ ᠰᠣᠶᠣᠯ ᠂ ᠠᠮᠢ ᠠᠬᠤᠢ ᠵᠡᠷᠭᠡ ᠠᠵᠤ ᠦᠢᠯᠡᠰ ᠯᠦᠭᠡ ᠶᠢᠨ ᠠᠭᠤᠰᠤᠯᠴᠠᠯ ᠢ ᠠᠬᠢᠭᠤᠯᠤᠨ᠎ᠠ᠃      ᠳᠥᠴᠢᠨ ᠨᠠᠢᠮᠠᠳᠤᠭᠠᠷ ᠵᠦᠢᠯ    ᠤᠯᠤᠰ ᠠᠴᠠ ᠣᠨᠴᠠ ᠲᠦᠷᠦᠯ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠢ ᠲᠡᠮᠵᠢᠨ ᠬᠥᠭᠵᠢᠭᠦᠯᠦᠨ᠎ᠡ ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠣᠨᠴᠠ ᠲᠦᠷᠦᠯ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠯᠦᠭᠡ ᠵᠣᠬᠢᠴᠠᠯᠳᠤᠭᠰᠠᠨ ᠲᠡᠵᠢᠭᠡᠨ ᠦᠷᠡᠵᠢᠭᠦᠯᠬᠦ ᠰᠢᠰᠲ᠋ᠧᠮ ᠪᠠᠶᠢᠭᠤᠯᠬᠤ ᠶᠢ ᠳᠡᠮᠵᠢᠬᠦ ᠬᠡᠷᠡᠭᠲᠡᠢ᠃      ᠳᠥᠴᠢ ᠶᠢᠰᠦᠳᠦᠭᠡᠷ ᠵᠦᠢᠯ    ᠤᠯᠤᠰ ᠠᠴᠠ ᠵᠥᠭᠡᠢ ᠲᠡᠵᠢᠭᠡᠬᠦ ᠦᠢᠯᠡᠰ ᠢ ᠲᠡᠮᠵᠢᠨ ᠬᠥᠭᠵᠢᠭᠦᠯᠵᠦ ᠂ ᠵᠥᠭᠡᠢ ᠲᠡᠵᠢᠭᠡᠬᠦ ᠦᠢᠯᠡᠳᠪᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ᠃ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠥᠭᠡᠢ ᠶᠢᠨ ᠲᠣᠭᠤᠰᠣ ᠬᠦᠷᠲᠡᠭᠡᠬᠦ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠬᠦ ᠬᠡᠷᠡᠭᠲᠡᠢ᠃      ᠲᠠᠪᠢᠳᠤᠭᠠᠷ ᠵᠦᠢᠯ    ᠵᠥᠭᠡᠢ ᠲᠡᠵᠢᠭᠡᠬᠦ ᠦᠢᠯᠡᠳᠪᠦᠷᠢᠯᠡᠭᠴᠢᠳ ᠦᠢᠯᠡᠳᠪᠦᠷᠢᠯᠡᠯ ᠤᠨ ᠶᠠᠪᠤᠴᠠ ᠳᠠᠭᠠᠨ ᠵᠥᠭᠡᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠬᠤ ᠡᠮ ᠤᠨ ᠵᠦᠢᠯ ᠪᠠ ᠰᠠᠪᠠ ᠶᠢ ᠬᠡᠷᠡᠭᠯᠡᠵᠦ ᠪᠣᠯᠬᠤ ᠦᠭᠡᠢ ᠂ ᠵᠥᠭᠡᠢ ᠶᠢᠨ ᠪᠦᠲᠦᠭᠡᠭᠳᠡᠬᠦᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠃ ᠵᠥᠭᠡᠢ ᠲᠡᠵᠢᠭᠡᠬᠦ ᠪᠠᠭᠠᠵᠢ ᠬᠡᠷᠡᠭᠰᠡᠯ ᠨᠢ ᠤᠯᠤᠰ ᠤᠨ ᠪᠠᠷᠢᠮᠵᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠲᠠᠪᠢᠨ ᠨᠢᠭᠡᠳᠦᠭᠡᠷ ᠵᠦᠢᠯ    ᠵᠥᠭᠡᠢ ᠲᠡᠵᠢᠭᠡᠬᠦ ᠦᠢᠯᠡᠳᠪᠦᠷᠢᠯᠡᠭᠴᠢᠳ ᠭᠠᠵᠠᠷ ᠰᠢᠯᠵᠢᠵᠦ ᠵᠥᠭᠡᠢ ᠲᠠᠯᠪᠢᠬᠤ ᠦᠶ᠎ᠡ ᠳᠤ ᠂ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠂ ᠵᠠᠮ ᠲᠡᠭᠡᠭᠡᠪᠦᠷᠢ ᠂ ᠲᠠᠷᠢᠶᠠᠯᠠᠩ ᠬᠥᠳᠡᠭᠡ ᠲᠣᠰᠬᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠡᠭᠦᠨ ᠳᠤ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠢ᠃      ᠵᠥᠭᠡᠢ ᠲᠡᠵᠢᠭᠡᠬᠦ ᠦᠢᠯᠡᠳᠪᠦᠷᠢᠯᠡᠭᠴᠢᠳ ᠤᠯᠤᠰ ᠤᠨ ᠳᠣᠲᠣᠭᠠᠳᠤ ᠳᠤ ᠭᠠᠵᠠᠷ ᠰᠢᠯᠵᠢᠨ ᠵᠥᠭᠡᠢ ᠲᠠᠯᠪᠢᠬᠤ ᠳᠠᠭᠠᠨ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠯᠲᠡᠢ ᠵᠠᠭᠪᠤᠷ ᠢᠶᠠᠷ ᠳᠠᠷᠤᠮᠠᠯᠯᠠᠨ ᠵᠣᠬᠢᠶᠠᠭᠰᠠᠨ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠪᠠᠷ ᠢᠶᠠᠨ ᠵᠥᠭᠡᠢ ᠶᠢᠨ ᠰᠦᠷᠦᠭ ᠢ ᠵᠥᠭᠡᠭᠡᠪᠦᠷᠢᠯᠡᠨ᠎ᠡ ᠂ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠶᠢᠨ ᠬᠦᠴᠦᠨ ᠲᠠᠢ ᠬᠤᠭᠤᠴᠠᠭᠠᠨ ᠳᠤ ᠳᠠᠪᠬᠤᠷᠳᠠᠭᠤᠯᠤᠨ ᠬᠢᠵᠢᠭ ᠤᠨ ᠪᠠᠶᠢᠴᠠᠭᠠᠯᠲᠠ ᠬᠢᠵᠦ ᠪᠣᠯᠬᠤ ᠦᠭᠡᠢ᠃      ᠲᠠᠪᠤᠳᠤᠭᠠᠷ ᠪᠦᠯᠦᠭ     ᠪᠡᠯᠴᠢᠭᠡᠷ ᠤᠨ ᠮᠠᠯ ᠠᠵᠤ ᠠᠬᠤᠢ      ᠲᠠᠪᠢᠨ ᠬᠤᠶᠠᠳᠤᠭᠠᠷ ᠵᠦᠢᠯ    ᠤᠯᠤᠰ ᠠᠴᠠ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠲᠡᠮᠵᠢᠵᠤ ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠣᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢ ᠵᠣᠬᠢᠴᠠᠩᠭᠤᠢ ᠪᠠᠷ ᠲᠦᠯᠬᠢᠨ ᠠᠬᠢᠭᠤᠯᠵᠤ ᠂ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠦᠢᠯᠡᠳᠪᠦᠷᠢᠯᠡᠯ ᠠᠮᠢ ᠠᠬᠤᠢ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ ᠂ ᠨᠤᠲᠤᠭ ᠪᠡᠯᠴᠢᠭᠡᠷ ᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠵᠤ ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠵᠣᠬᠢᠴᠠᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃      ᠲᠠᠪᠢᠨ ᠭᠤᠷᠪᠠᠳᠤᠭᠠᠷ ᠵᠦᠢᠯ     ᠤᠯᠤᠰ ᠠᠴᠠ ᠮᠠᠯᠵᠢᠬᠤ ᠣᠷᠣᠨ ᠤ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠡᠮᠵᠢᠵᠤ ᠂ ᠨᠤᠲᠤᠭ ᠪᠡᠯᠴᠢᠭᠡᠷ ᠤᠨ ᠤᠰᠤᠨ ᠠᠰᠢᠭᠯᠠᠯᠲᠠ ᠂ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ ᠂ ᠲᠡᠵᠢᠭᠡᠯ ᠡᠪᠡᠰᠦ ᠪᠣᠷᠳᠤᠭ᠎ᠠ ᠶᠢ ᠦᠢᠯᠡᠳᠪᠦᠷᠢᠯᠡᠵᠦ ᠡᠳ᠋ᠰᠢᠭᠦᠯᠦᠨ ᠨᠥᠭᠡᠴᠡᠯᠡᠬᠦ ᠂ ᠮᠠᠯ ᠤᠨ ᠬᠠᠰᠢᠶ᠎ᠠ ᠰᠠᠷᠠᠪᠴᠢ ᠂ ᠮᠠᠯ ᠤᠨ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃      ᠤᠯᠤᠰ ᠠᠴᠠ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠂ ᠤᠯᠠᠷᠢᠯ ᠤᠨ ᠴᠢᠨᠠᠷᠲᠠᠢ ᠪᠠᠷ ᠪᠡᠯᠴᠢᠭᠡᠷᠯᠡᠭᠦᠯᠬᠦ ᠂ ᠲᠣᠭᠤᠷᠢᠭ ᠬᠤᠪᠢᠶᠠᠨ ᠰᠡᠯᠭᠦᠨ ᠮᠠᠯᠵᠢᠬᠤ ᠵᠡᠷᠭᠡ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠬᠡᠷᠡᠭᠵᠢᠭᠦᠯᠬᠦ ᠶᠢ ᠵᠣᠷᠢᠭᠵᠢᠭᠤᠯᠵᠤ ᠂ ᠮᠠᠯ ᠰᠦᠷᠦᠭ ᠢ ᠵᠦᠢ ᠵᠣᠬᠢᠰᠲᠠᠢ ᠪᠠᠷ ᠲᠣᠬᠢᠷᠠᠭᠤᠯᠤᠨ ᠂ ᠮᠠᠯ ᠪᠡᠯᠴᠢᠭᠡᠷ ᠤᠨ ᠲᠡᠩᠴᠡᠭᠦᠷᠢ ᠲᠠᠢ ᠪᠠᠶᠢᠬᠤ ᠶᠢ ᠪᠠᠲᠤᠯᠠᠨ᠎ᠠ᠃      ᠲᠠᠪᠢᠨ ᠳᠥᠷᠪᠡᠳᠦᠭᠡᠷ ᠵᠦᠢᠯ     ᠤᠯᠤᠰ ᠠᠴᠠ ᠰᠢᠯᠢᠳᠡᠭ ᠰᠠᠶᠢᠨ ᠲᠡᠵᠢᠭᠡᠯ ᠡᠪᠡᠰᠦᠨ ᠤ ᠡᠭᠦᠯᠳᠡᠷ ᠢ ᠰᠣᠩᠭᠤᠨ ᠪᠣᠶᠢᠵᠢᠭᠤᠯᠬᠤ ᠂ ᠣᠷᠣᠭᠤᠯᠵᠤ ᠠᠪᠴᠢᠷᠠᠬᠤ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠵᠦ ᠂ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠂ ᠪᠠᠶᠢᠭᠠᠯᠢ ᠶᠢᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ  ᠶᠢᠨ ᠠᠵᠢᠯ ᠢ ᠥᠷᠨᠢᠭᠦᠯᠵᠦ ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ ᠂ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠠᠪᠢᠨ ᠲᠠᠪᠤᠳᠤᠭᠠᠷ ᠵᠦᠢᠯ    ᠤᠯᠤᠰ  ᠠᠴᠠ ᠮᠠᠯᠴᠢᠨ ᠲᠠᠷᠢᠶᠠᠴᠢᠳ ᠤᠨ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠪᠠ ᠣᠲᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠬᠥᠭᠵᠢᠭᠦᠯᠵᠦ᠂ ᠵᠣᠬᠢᠬᠤ ᠬᠡᠪᠴᠢᠶᠡᠨ ᠤ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠦᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠦᠬᠡᠷ ᠬᠤᠨᠢ ᠵᠡᠷᠭᠡ ᠴᠢᠬᠤᠯᠠ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃      ᠲᠠᠪᠢᠨ ᠵᠢᠷᠭᠤᠳᠤᠭᠠᠷ ᠵᠦᠢᠯ    ᠮᠠᠯᠵᠢᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯᠴᠢᠨ ᠲᠠᠷᠢᠶᠠᠴᠢᠨ ᠤ ᠭᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠂ ᠵᠠᠷᠤᠴᠠᠭᠤᠯᠤᠯᠳᠠ ᠶᠢᠨ ᠡᠷᠭᠢᠯᠲᠡ ᠶᠢ ᠵᠦᠢ ᠵᠣᠬᠢᠰᠲᠠᠢ ᠲᠦᠷᠭᠡᠳᠬᠡᠬᠦ ᠶᠢ ᠵᠣᠷᠢᠭᠵᠢᠭᠤᠯᠤᠨ ᠵᠢᠯᠤᠭᠤᠳᠴᠤ ᠂ ᠪᠡᠯᠴᠢᠭᠡᠷ ᠤᠨ ᠮᠠᠯ ᠠᠵᠤ ᠠᠬᠤᠢ ᠶᠢᠨ ᠥᠪᠡᠷ ᠤᠨ ᠦᠷᠳᠡᠭ ᠢ ᠠᠷᠪᠢᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠲᠠᠪᠢᠨ ᠳᠣᠯᠣᠳᠤᠭᠠᠷ ᠵᠦᠢᠯ    ᠤᠯᠤᠰ ᠠᠴᠠ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠪᠠᠲᠤᠯᠠᠬᠤ ᠠᠵᠢᠯ ᠢ ᠴᠢᠩᠭᠠᠳᠬᠠᠵᠤ ᠂ ᠪᠡᠯᠴᠢᠭᠡᠷ ᠤᠨ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠲᠥᠰᠥᠪ ᠲᠡᠭᠡᠨ ᠣᠷᠣᠭᠤᠯᠵᠤ ᠂ ᠲᠥᠬᠦᠭᠡᠷᠦᠮᠵᠢ ᠲᠣᠨᠣᠭᠯᠠᠯ ᠤᠨ ᠨᠥᠬᠦᠴᠡᠯ ᠢ ᠰᠢᠯᠢᠳᠡᠭᠵᠢᠭᠦᠯᠵᠦ ᠂ ᠮᠠᠯᠵᠢᠬᠤ ᠣᠷᠣᠨ ᠤ ᠦᠬᠡᠷ ᠬᠤᠨᠢ ᠵᠡᠷᠭᠡ ᠭᠡᠷ ᠤᠨ ᠲᠡᠵᠢᠭᠡᠪᠦᠷᠢ ᠶᠢᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ ᠂ ᠪᠠᠶᠢᠭᠠᠯᠢ ᠶᠢᠨ ᠭᠠᠮᠰᠢᠭ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠠᠪᠢᠨ ᠨᠠᠢᠮᠠᠳᠤᠭᠠᠷ ᠵᠦᠢᠯ    ᠤᠯᠤᠰ  ᠠᠴᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ  ᠢ ᠲᠡᠩᠴᠡᠭᠦᠷᠢ ᠲᠠᠢ ᠪᠠᠶᠢᠯᠭᠠᠬᠤ ᠠᠷᠭ᠎ᠠ ᠬᠡᠮᠵᠢᠶ᠎ᠡ ᠠᠪᠤᠭᠰᠠᠨ ᠮᠠᠯᠴᠢᠨ ᠲᠠᠷᠢᠶᠠᠴᠢᠳ ᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠥᠭᠴᠦ ᠱᠠᠩᠨᠠᠨ᠎ᠠ᠃      ᠲᠠᠪᠢ ᠶᠢᠰᠦᠳᠦᠭᠡᠷ ᠵᠦᠢᠯ    ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ ᠮᠠᠯ ᠠᠵᠤ ᠠᠬᠤᠢ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠂ ᠰᠣᠶᠣᠯ ᠵᠡᠷᠭᠡ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠡᠮᠵᠢᠵᠤ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠨᠡᠶᠢᠯᠡᠯ ᠢ ᠲᠦᠯᠬᠢᠨ ᠠᠬᠢᠭᠤᠯᠵᠤ ᠂ ᠠᠵᠤ ᠦᠢᠯᠡᠰᠵᠢᠭᠦᠯᠬᠦ ᠂ ᠲᠥᠷᠥᠯ ᠲᠡᠮᠳᠡᠭᠵᠢᠭᠦᠯᠬᠦ ᠂ ᠣᠨᠴᠠᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠮᠠᠯᠴᠢᠨ ᠲᠠᠷᠢᠶᠠᠴᠢᠳ  ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃      ᠵᠢᠷᠠᠳᠤᠭᠠᠷ ᠵᠦᠢᠯ    ᠪᠡᠯᠴᠢᠭᠡᠷ ᠤᠨ ᠮᠡᠯ ᠠᠵᠤ ᠠᠬᠤᠢ ᠶᠢᠨ ᠬᠥᠭᠵᠢᠯᠲᠡ ᠨᠢ ᠨᠤᠲᠤᠭ ᠪᠡᠯᠴᠢᠭᠡᠷ ᠤᠨ ᠬᠠᠮᠠᠭᠠᠯᠠᠯᠲᠠ ᠂ ᠪᠦᠲᠦᠭᠡᠨ ᠪᠠᠶᠢᠭᠤᠯᠤᠯᠲᠠ ᠂ ᠠᠰᠢᠭᠯᠠᠯᠲᠠ ᠪᠠ ᠬᠠᠮᠢᠶᠠᠷᠤᠯᠲᠠ ᠶᠢᠨ ᠠᠵᠢᠯᠯᠠᠭ᠎ᠠ ᠳᠤ ᠬᠤᠯᠪᠣᠭᠳᠠᠪᠠᠯ ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠃      ᠵᠢᠷᠭᠤᠳᠤᠭᠠᠷ ᠪᠦᠯᠦᠭ    ᠮᠠᠯ ᠵᠢᠭᠦᠷᠲᠡᠨ ᠢ ᠠᠷᠠᠯᠵᠢᠶᠠᠯᠠᠬᠤ ᠪᠠ ᠲᠡᠭᠡᠭᠡᠪᠦᠷᠢᠯᠡᠬᠦ      ᠵᠢᠷᠠᠨ ᠨᠢᠭᠡᠳᠦᠭᠡᠷ ᠵᠦᠢᠯ    ᠤᠯᠤᠰ  ᠠᠴᠠ ᠨᠢᠭᠡᠳᠦᠯᠲᠡᠢ ᠪᠥᠭᠡᠳ ᠨᠡᠭᠡᠭᠡᠯᠲᠡᠲᠡᠢ ᠂ ᠥᠷᠢᠰᠦᠯᠳᠦᠭᠡᠨ ᠲᠠᠢ ᠪᠥᠭᠡᠳ ᠡᠮᠬᠢ ᠵᠢᠷᠤᠮ ᠲᠠᠢ ᠂ ᠠᠮᠤᠷ ᠲᠦᠪᠰᠢᠨ ᠪᠥᠭᠡᠳ ᠳᠥᠭᠦᠮ ᠳᠥᠲᠡ ᠮᠠᠯ ᠵᠢᠭᠦᠷᠲᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃      ᠵᠢᠷᠠᠨ ᠬᠤᠶᠠᠳᠤᠭᠠᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ ᠂ ᠮᠠᠯ ᠵᠢᠭᠦᠷᠲᠡᠨ ᠢ ᠲᠥᠪᠯᠡᠷᠡᠭᠦᠯᠵᠦ ᠲᠠᠷᠬᠠᠭᠠᠬᠤ ᠭᠠᠵᠠᠷ ᠲᠤ ᠮᠠᠯ ᠵᠢᠭᠦᠷᠲᠡᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠᠶᠢᠭᠤᠯᠬᠤ ᠶᠢ ᠲᠡᠳᠬᠦᠨ ᠳᠡᠮᠵᠢᠬᠦ ᠬᠡᠷᠡᠭᠲᠡᠢ᠃      ᠮᠠᠯ ᠵᠢᠭᠦᠷᠲᠡᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠭᠠᠵᠠᠷ ᠰᠣᠩᠭᠤᠬᠤ ᠳᠠᠭᠠᠨ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠮᠠᠯ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠦᠯᠬᠦ ᠬᠡᠷᠡᠭᠲᠡᠢ ᠪᠥᠭᠡᠳ ᠦᠷ᠎ᠡ ᠶᠢᠨ ᠮᠠᠯ ᠵᠢᠭᠦᠷᠲᠡᠨ ᠤ ᠲᠠᠯᠠᠪᠠᠢ ᠪᠠ ᠲᠣᠮᠣ ᠬᠡᠯᠪᠡᠷᠢ ᠶᠢᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠠᠴᠠ ᠭᠤᠷᠪᠠᠨ ᠺᠢᠯᠣᠮᠧᠲᠷ ᠵᠠᠶᠢᠲᠠᠢ ᠪᠠᠶᠢᠯᠭᠠᠬᠤ ᠬᠡᠷᠡᠭᠲᠡᠢ᠃      ᠵᠢᠷᠠᠨ ᠭᠤᠷᠪᠠᠳᠤᠭᠠᠷ ᠵᠦᠢᠯ    ᠠᠷᠠᠯᠵᠢᠶᠠᠯᠠᠬᠤ ᠮᠠᠯ ᠵᠢᠭᠦᠷᠲᠡᠨ ᠨᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠮ ᠲᠡᠮᠳᠡᠭ ᠲᠠᠯᠪᠢᠬᠤ ᠶᠣᠰᠣᠲᠠᠢ ᠭᠡᠵᠦ ᠲᠣᠭᠲᠠᠭᠠᠭᠰᠠᠨ ᠪᠠᠶᠢᠲᠠᠯ᠎ᠠ ᠢᠮ ᠲᠡᠮᠳᠡᠭ ᠲᠠᠯᠪᠢᠭᠰᠠᠨ ᠦᠭᠡᠢ ᠮᠠᠯ ᠵᠢᠭᠦᠷᠲᠡᠨ ᠢ ᠪᠣᠷᠣᠯᠠᠭᠤᠯᠬᠤ ᠪᠠ ᠬᠤᠳᠠᠯᠳᠤᠨ ᠠᠪᠴᠤ ᠪᠣᠯᠬᠤ ᠦᠭᠡᠢ᠃      ᠤᠯᠤᠰ ᠠᠴᠠ ᠮᠠᠯ ᠵᠢᠭᠦᠷᠲᠡᠨ ᠢ ᠨᠢᠲᠤᠯᠵᠤ ᠡᠵᠡᠩᠨᠡᠭᠴᠢ ᠶᠢᠨ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ ᠠᠴᠠ ᠰᠢᠭᠤᠳ ᠮᠠᠯ ᠵᠢᠭᠦᠷᠲᠡᠨ ᠢ ᠬᠤᠳᠠᠯᠳᠤᠨ ᠠᠪᠴᠤ ᠂ ᠲᠣᠭᠲᠠᠭᠤᠨ ᠬᠤᠳᠠᠯᠳᠤᠨ ᠠᠪᠬᠤ ᠠᠷᠭ᠎ᠠ ᠵᠠᠮ ᠪᠠᠶᠢᠭᠤᠯᠵᠤ ᠂ ᠠᠮᠢᠲᠠᠨ ᠤ ᠬᠢᠵᠢᠭ ᠡᠪᠡᠳᠴᠢᠨ ᠪᠠ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠠᠭᠠᠰᠬᠠᠬᠤ ᠶᠢ ᠵᠣᠷᠢᠭᠵᠢᠭᠤᠯᠤᠨ᠎ᠠ᠃      ᠵᠢᠷᠠᠨ ᠳᠥᠷᠪᠡᠳᠦᠭᠡᠷ ᠵᠦᠢᠯ    ᠮᠠᠯ ᠵᠢᠭᠦᠷᠲᠡᠨ ᠢ ᠲᠡᠭᠡᠭᠡᠪᠦᠷᠢᠯᠡᠬᠦ ᠳᠡᠭᠡᠨ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠦᠯᠵᠦ ᠂ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠵᠢᠭᠦᠷᠲᠡᠨ ᠤ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ ᠵᠥᠭᠡᠭᠡᠪᠦᠷᠢᠯᠡᠵᠦ ᠪᠠᠶᠢᠭ᠎ᠠ ᠮᠠᠯ ᠵᠢᠭᠦᠷᠲᠡᠨ ᠳᠡᠭᠡᠨ ᠴᠢᠬᠤᠯᠠ ᠪᠦᠬᠦᠢ ᠣᠷᠣᠨ ᠵᠠᠢ ᠪᠠ ᠲᠡᠵᠢᠭᠡᠬᠦ ᠲᠡᠵᠢᠭᠡᠯ ᠤᠤᠭᠤᠬᠤ ᠤᠰᠤᠨ ᠤ ᠨᠥᠬᠦᠴᠡᠯ ᠢ ᠬᠠᠩᠭᠠᠬᠤ ᠬᠡᠷᠡᠭᠲᠡᠢ᠃      ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠡᠭᠡᠭᠡᠪᠦᠷᠢᠯᠡᠵᠦ ᠪᠠᠶᠢᠭ᠎ᠠ ᠮᠠᠯ ᠵᠢᠭᠦᠷᠲᠡᠨ ᠳᠤ ᠪᠠᠶᠢᠴᠠᠭᠠᠯᠲᠠ ᠬᠢᠬᠦ ᠳᠡᠭᠡᠨ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠢ᠃      ᠳᠣᠯᠣᠳᠤᠭᠠᠷ ᠪᠦᠯᠦᠭ    ᠮᠠᠯ ᠵᠢᠭᠦᠷᠲᠡᠨ ᠢ ᠨᠢᠲᠤᠯᠬᠤ      ᠵᠢᠷᠠᠨ ᠲᠠᠪᠤᠳᠤᠭᠠᠷ ᠵᠦᠢᠯ     ᠤᠯᠤᠰ ᠠᠴᠠ ᠭᠠᠭ᠋ᠠᠢ ᠶᠢ ᠴᠡᠭ ᠲᠣᠭᠲᠠᠭᠠᠨ ᠨᠢᠲᠤᠯᠬᠤ ᠳᠦᠷᠢᠮ ᠢ ᠬᠡᠷᠡᠭᠵᠢᠭᠦᠯᠦᠨ᠎ᠡ ᠃ ᠠᠮᠢᠳᠤ ᠭᠠᠭ᠋ᠠᠢ ᠠᠴᠠ ᠪᠤᠰᠤᠳ ᠮᠠᠯ ᠵᠢᠭᠦᠷᠲᠡᠨ ᠳᠤ ᠴᠡᠭ ᠲᠣᠭᠲᠠᠭᠠᠨ ᠨᠢᠲᠤᠯᠬᠤ ᠶᠢ ᠬᠡᠷᠡᠭᠵᠢᠭᠦᠯᠵᠦ ᠪᠣᠯᠣᠨ᠎ᠠ ᠂ ᠪᠣᠳᠠᠲᠠᠢ ᠠᠷᠭ᠎ᠠ ᠶᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ ᠃ ᠬᠥᠳᠡᠭᠡ ᠲᠣᠰᠬᠤᠨ ᠤ ᠭᠠᠵᠠᠷ ᠣᠷᠣᠨ ᠤ ᠬᠤᠪᠢ ᠬᠥᠮᠥᠨ ᠥᠪᠡᠰᠦᠪᠡᠨ ᠠᠯᠠᠵᠤ ᠥᠪᠡᠰᠦᠪᠡᠨ ᠢᠳᠡᠬᠦ ᠶᠠᠪᠤᠳᠠᠯ ᠡᠭᠦᠨ ᠳᠤ ᠪᠠᠭᠲᠠᠬᠤ ᠦᠭᠡᠢ᠃      ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠂ ᠲᠥᠪᠯᠡᠷᠡᠭᠦᠯᠦᠨ ᠨᠢᠲᠤᠯᠬᠤ ᠂ ᠭᠦᠢᠯᠭᠡᠭᠡᠨ ᠳᠤ ᠠᠰᠢᠭᠲᠠᠢ ᠂ ᠤᠯᠠᠨ ᠲᠦᠮᠡᠨ ᠳᠤ ᠲᠦᠭᠦᠮ ᠪᠠᠶᠢᠯᠭᠠᠬᠤ ᠵᠠᠷᠴᠢᠮ ᠶᠣᠰᠣᠭᠠᠷ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠮᠠᠯ ᠵᠢᠭᠦᠷᠲᠡᠨ ᠤ ᠠᠰᠢᠭ ᠰᠢᠮ᠎ᠡ ᠶᠢᠨ ᠬᠡᠷᠡᠭᠯᠡᠭᠡ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠮᠠᠯ ᠵᠢᠭᠦᠷᠲᠡᠨ ᠢ ᠨᠢᠲᠤᠯᠬᠤ ᠠᠵᠢᠯ ᠲᠦᠷᠦᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃      ᠵᠢᠷᠠᠨ ᠵᠢᠷᠭᠤᠳᠤᠭᠠᠷ ᠵᠦᠢᠯ     ᠤᠯᠤᠰ ᠠᠴᠠ ᠮᠠᠯ ᠵᠢᠭᠦᠷᠲᠡᠨ ᠢ ᠲᠤᠬᠠᠢ ᠶᠢᠨ ᠭᠠᠵᠠᠷ ᠲᠤᠨᠢ ᠨᠢᠲᠤᠯᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠭᠤᠣᠯ ᠭᠠᠷᠤᠯᠲᠠ ᠶᠢᠨ ᠣᠷᠣᠨ ᠲᠡᠶᠢᠰᠢ ᠰᠢᠯᠵᠢᠭᠦᠯᠵᠦ ᠂ ᠮᠠᠯ ᠵᠢᠭᠦᠷᠲᠡᠨ ᠤ ᠠᠰᠢᠭ ᠰᠢᠮ᠎ᠡ ᠶᠢ ᠪᠣᠯᠪᠠᠰᠤᠷᠠᠭᠤᠯᠬᠤ ᠂ ᠬᠠᠳᠠᠭᠠᠯᠠᠬᠤ ᠂ ᠲᠡᠭᠡᠭᠡᠪᠦᠷᠢᠯᠡᠬᠦ ᠬᠦᠢᠲᠡᠨ ᠬᠡᠯᠬᠢᠶᠡᠲᠦ ᠰᠢᠰᠲ᠋ᠧᠮ  ᠪᠠᠶᠢᠭᠤᠯᠬᠤ ᠶᠢ ᠳᠡᠮᠵᠢᠨ᠎ᠡ᠃      ᠵᠢᠷᠠᠨ ᠳᠣᠯᠣᠳᠤᠭᠠᠷ ᠵᠦᠢᠯ    ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠨᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄      ︵ᠨᠢᠭᠡ ︶ ᠨᠢᠲᠤᠯᠬᠤ ᠬᠡᠪᠴᠢᠶ᠎ᠡ ᠯᠦᠭᠡ ᠲᠣᠬᠢᠷᠠᠯᠴᠠᠭᠰᠠᠨ ᠂ ᠤᠰᠤᠨ ᠤ ᠴᠢᠨᠠᠷ ᠨᠢ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤᠰᠤ ᠬᠠᠩᠭᠠᠬᠤ ᠨᠥᠬᠦᠴᠡᠯ ᠲᠠᠢ ᠪᠠᠶᠢᠬᠤ︔      ︵ᠬᠤᠶᠠᠷ ︶ ᠤᠯᠤᠰ ᠤᠨ ᠲᠣᠭᠲᠠᠭᠠᠯ ᠳᠤ ᠨᠡᠶᠢᠴᠡᠭᠰᠡᠨ ᠲᠥᠬᠦᠭᠡᠷᠦᠮᠵᠢ ᠪᠠ ᠲᠡᠭᠡᠭᠡᠪᠦᠷᠢ ᠶᠢᠨ ᠪᠠᠭᠠᠵᠢ ᠲᠠᠢᠪᠠᠶᠢᠬᠤ︔      ︵ᠭᠤᠷᠪᠠ ︶ ᠬᠠᠤᠯᠢ ᠶᠣᠰᠣᠭᠠᠷ ᠡᠷᠡᠭᠦᠯ ᠮᠡᠡᠳᠦ ᠶᠢᠨ ᠭᠡᠷᠡᠴᠢ ᠣᠯᠣᠭᠰᠠᠨ ᠠᠯᠠᠵᠤ ᠨᠢᠲᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔      ︵ ᠳᠥᠷᠪᠡ︶ ᠬᠢᠨᠠᠨ ᠰᠢᠯᠭᠠᠭᠠᠳ ᠬᠢᠷᠢ ᠲᠡᠩᠴᠡᠭᠰᠡᠨ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠲᠠᠢ ᠪᠠᠶᠢᠬᠤ︔      ︵ᠲᠠᠪᠤ ︶ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ ᠪᠠ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠣᠯᠣᠭᠰᠠᠨ᠃      ᠵᠢᠷᠠᠨ ᠨᠠᠢᠮᠠᠳᠤᠭᠠᠷ ᠵᠦᠢᠯ    ᠮᠠᠯ ᠵᠢᠭᠦᠷᠲᠡᠨ ᠢ ᠨᠢᠲᠤᠯᠬᠤ ᠶᠢ ᠡᠵᠡᠩᠨᠡᠭᠴᠢ ᠮᠠᠯ ᠵᠢᠭᠦᠷᠲᠡᠨ ᠢ ᠨᠢᠲᠤᠯᠬᠤ ᠵᠢᠨ‌‍ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠤᠳ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠢ᠃      ᠰᠢᠯᠭᠠᠨ ᠪᠠᠶᠢᠴᠠᠭᠠᠯᠲᠠ ᠂ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠪᠤᠶᠤ ᠰᠢᠯᠭᠠᠨ ᠪᠠᠶᠢᠴᠠᠭᠠᠯᠲᠠ ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠦᠢᠯᠡᠳᠪᠦᠷᠢ ᠠᠴᠠ ᠭᠠᠷᠭᠠᠨ ᠪᠣᠷᠣᠯᠠᠭᠤᠯᠵᠤ ᠪᠣᠯᠬᠤ ᠦᠭᠡᠢ ᠃ ᠰᠢᠯᠭᠠᠨ ᠪᠠᠶᠢᠴᠠᠭᠠᠭᠰᠠᠨ ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠭᠡᠷᠡᠭᠳᠡᠢ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠯ ᠶᠣᠰᠣᠭᠠᠷ ᠬᠤᠣᠷ ᠦᠭᠡᠶᠢᠵᠢᠬᠦᠯᠦᠨ ᠰᠢᠢᠳᠪᠦᠷᠢᠯᠡᠭᠰᠡᠨ ᠵᠠᠷᠤᠳᠠᠯ ᠪᠠ ᠬᠤᠬᠢᠷᠠᠯ ᠳᠤ ᠨᠥᠬᠦᠪᠦᠷᠢ ᠥᠭᠬᠦ ᠬᠡᠷᠡᠭᠲᠡᠢ ᠃      ᠵᠢᠷᠠ ᠶᠢᠰᠦᠳᠦᠭᠡᠷ ᠵᠦᠢᠯ     ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠣᠭᠲᠠᠭᠠᠬᠤ ᠠᠵᠢᠯ ᠢ ᠬᠠᠷᠢᠭᠤᠴᠠᠨ᠎ᠠ᠃      ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠯᠤᠰ ᠤᠨ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠦᠨᠳᠦᠰᠦᠯᠡᠨ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠨᠠᠢᠮᠠᠳᠤᠭᠠᠷ ᠪᠦᠯᠦᠭ    ᠪᠠᠳᠤᠯᠠᠭ᠎ᠠ ᠪᠠ ᠬᠢᠨᠠᠯᠳᠠ      ᠳᠠᠯᠠᠳᠤᠭᠠᠷ ᠵᠦᠢᠯ    ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠥᠪᠡᠷ ᠤᠨ ᠲᠥᠰᠥᠪ ᠤᠨ ᠳᠣᠲᠣᠷ᠎ᠠ ᠪᠠᠨ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠪᠠ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠰᠠᠶᠢᠨ ᠦᠷ᠎ᠡ ᠶᠢᠨ ᠨᠥᠬᠦᠪᠦᠷᠢ ᠂ ᠳᠠᠮ ᠬᠦᠦ ᠶᠢᠨ ᠨᠥᠬᠦᠪᠦᠷᠢ ᠂ ᠳᠠᠭᠠᠳᠬᠠᠯ ᠤᠨ ᠵᠠᠷᠤᠳᠠᠯ ᠤᠨ ᠨᠥᠬᠦᠪᠦᠷᠢ ᠵᠡᠷᠭᠡ ᠪᠡᠯᠡ ᠮᠥᠩᠭᠦ ᠶᠢ ᠲᠣᠬᠢᠷᠠᠭᠤᠯᠬᠤ ᠬᠡᠷᠡᠭᠲᠡᠢ ᠃ ᠡᠭᠦᠨ ᠤ ᠬᠠᠮᠲᠤ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢᠳ ᠤᠨ ᠰᠢᠯᠢᠳᠡᠭ ᠰᠠᠶᠢᠨ ᠮᠠᠯ ᠵᠢᠭᠦᠷᠲᠡᠨ ᠬᠤᠳᠠᠯᠳᠤᠨ ᠠᠪᠬᠤ ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠲᠡᠮᠵᠢᠵᠤ ᠂ ᠦᠢᠯᠡᠳᠪᠦᠷᠢᠯᠡᠯ ᠤᠨ ᠲᠥᠬᠦᠭᠡᠷᠦᠮᠵᠢ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠬᠤ ᠶᠢ ᠲᠡᠮᠵᠢᠵᠤ ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃      ᠳᠠᠯᠠᠨ ᠨᠢᠭᠡᠳᠦᠭᠡᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠂ ᠲᠤᠰ ᠬᠠᠤᠯᠢ ᠪᠠ ᠬᠤᠯᠪᠣᠭᠳᠠᠯ ᠪᠦᠬᠦᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠂ ᠮᠠᠯ ᠵᠢᠭᠦᠷᠲᠡᠨ ᠢ ᠲᠡᠵᠢᠭᠡᠨ ᠠᠷᠠᠴᠢᠯᠠᠬᠤ ᠣᠷᠴᠢᠨ ᠨᠥᠬᠦᠴᠡᠯ ᠂ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠂ ᠮᠠᠯ ᠵᠢᠭᠦᠷᠲᠡᠨ ᠢ ᠠᠷᠠᠯᠵᠢᠶᠠᠯᠠᠬᠤ ᠪᠠ ᠵᠥᠭᠡᠭᠡᠪᠦᠷᠢᠯᠡᠬᠦ ᠂ ᠮᠠᠯ ᠵᠢᠭᠦᠷᠲᠡᠨ ᠢ ᠨᠢᠲᠤᠯᠬᠤ ᠵᠢᠴᠢ ᠲᠡᠵᠢᠭᠡᠯ ᠪᠣᠷᠳᠤᠭ᠎ᠠ ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠂ ᠮᠠᠯ ᠤᠨ ᠡᠮ ᠵᠡᠷᠭᠡ ᠣᠷᠤᠭᠤᠯᠤᠯᠲᠠ ᠶᠢᠨ ᠡᠳ᠋ ᠤᠨ ᠦᠢᠯᠡᠳᠪᠦᠷᠢᠯᠡᠯ ᠂ ᠡᠵᠡᠩᠨᠡᠯᠲᠡ ᠂ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠳᠠᠯᠠᠨ ᠬᠤᠶᠠᠳᠤᠭᠠᠷ ᠵᠦᠢᠯ     ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠤ ᠢᠯᠡᠳᠬᠡᠮᠵᠢ ᠲᠡᠮᠳᠡᠭ ᠪᠠ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠂ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠭᠡᠬᠦᠯᠦᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃      ᠳᠠᠯᠠᠨ ᠭᠤᠷᠪᠠᠳᠤᠭᠠᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠠᠯ ᠵᠢᠭᠦᠷᠲᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠲᠥᠯᠥᠪᠯᠡᠭᠡ ᠶᠣᠰᠣᠭᠠᠷ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃      ᠳᠠᠯᠠᠨ ᠳᠥᠷᠪᠡᠳᠦᠭᠡᠷ ᠵᠦᠢᠯ     ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠠᠯ ᠵᠢᠭᠦᠷᠲᠡᠨ ᠤ ᠦᠢᠯᠡᠳᠪᠦᠷᠢᠯᠡᠯ ᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ ᠂ ᠮᠠᠯ ᠵᠢᠭᠦᠷᠲᠡᠨ ᠤ ᠠᠶᠤᠯᠭᠦᠢ ᠦᠢᠯᠡᠳᠪᠦᠷᠢᠯᠡᠯ ᠢ ᠵᠢᠯᠤᠭᠤᠳᠬᠤ ᠬᠡᠷᠡᠭᠲᠡᠢ᠃      ᠳᠠᠯᠠᠨ ᠲᠠᠪᠤᠳᠤᠭᠠᠷ ᠵᠦᠢᠯ     ᠤᠯᠤᠰ ᠠᠴᠠ ᠮᠠᠯ ᠵᠢᠭᠦᠷᠲᠡᠨ ᠤ ᠦᠢᠯᠡᠳᠪᠦᠷᠢᠯᠡᠯ ᠪᠠ ᠮᠠᠯ ᠵᠢᠭᠦᠷᠲᠡᠨ ᠤ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠨᠢᠭᠡᠳᠦᠯᠲᠡᠢ ᠳᠦᠷᠢᠮ ᠢ ᠪᠠᠶᠢᠭᠤᠯᠵᠤ ᠂ ᠬᠤᠯᠪᠣᠭᠳᠠᠯ ᠪᠦᠬᠦᠢ ᠮᠠᠯ ᠵᠢᠭᠦᠷᠲᠡᠨ ᠤ ᠠᠰᠢᠭ ᠰᠢᠮ᠎ᠡ ᠶᠢ ᠨᠥᠭᠡᠴᠡᠯᠡᠵᠦ ᠲᠣᠬᠢᠷᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ ᠂ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠪᠠ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠯ ᠵᠢᠭᠦᠷᠲᠡᠨ ᠢ ᠦᠢᠯᠡᠳᠪᠦᠷᠢᠯᠡᠵᠦ ᠪᠣᠷᠣᠯᠠᠭᠤᠯᠬᠤ ᠮᠡᠳᠡᠭᠡ ᠵᠠᠩᠭᠢ ᠶᠢ ᠴᠠᠭ ᠲᠤᠬᠠᠢ  ᠳᠤ  ᠨᠢ ᠨᠡᠶᠢᠲᠡᠯᠡᠵᠦ ᠂ ᠮᠠᠯ ᠵᠢᠭᠦᠷᠲᠡᠨ ᠢ ᠦᠢᠯᠡᠳᠪᠦᠷᠢᠯᠡᠨ ᠡᠵᠡᠩᠨᠡᠭᠴᠢ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃      ᠲᠠᠯᠠᠨ ᠵᠢᠷᠭᠤᠳᠤᠭᠠᠷ ᠵᠦᠢᠯ    ᠤᠯᠤᠰ ᠠᠴᠠ ᠮᠠᠯ ᠵᠢᠭᠦᠷᠲᠡᠨ ᠢ ᠦᠢᠯᠡᠳᠪᠦᠷᠢᠯᠡᠬᠦ ᠂ ᠪᠣᠯᠪᠠᠰᠤᠷᠠᠭᠤᠯᠬᠤ ᠂ ᠪᠣᠷᠣᠯᠠᠭᠤᠯᠬᠤ ᠂ ᠲᠡᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠮᠠᠯ ᠵᠢᠭᠦᠷᠲᠡᠨ ᠤ ᠠᠰᠢᠭ ᠰᠢᠮ᠎ᠡ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠵᠢᠭᠦᠷᠲᠡᠨ ᠤ ᠠᠰᠢᠭ ᠰᠢᠮ᠎ᠡ ᠶᠢᠨ ᠬᠠᠩᠭᠠᠯᠭ᠎ᠠ ᠶᠢ ᠪᠠᠲᠤᠯᠠᠬᠤ ᠶᠢ ᠬᠠᠷᠢᠭᠤᠴᠠᠵᠤ ᠂ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠪᠠ ᠬᠠᠷᠢᠭᠤᠴᠠᠯᠭ᠎ᠠ ᠶᠢᠨ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ᠎ᠠ᠃      ᠤᠯᠤᠰ ᠠᠴᠠ ᠮᠠᠯ ᠵᠢᠭᠦᠷᠲᠡᠨ ᠤ ᠭᠤᠣᠯ ᠪᠣᠷᠤᠯᠠᠭᠤᠯᠭ᠎ᠠ ᠶᠢᠨ ᠣᠷᠣᠨ ᠤ ᠣᠷᠣᠨ ᠪᠦᠰᠡ ᠠᠯᠤᠰᠯᠠᠨ ᠬᠠᠮᠲᠤᠷᠠᠯᠴᠠᠬᠤ ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠭᠤᠣᠯ ᠭᠠᠷᠤᠯᠲᠠ ᠶᠢᠨ ᠣᠷᠣᠨ ᠯᠤᠭ᠎ᠠ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃      ᠶᠢᠰᠦᠳᠦᠭᠡᠷ ᠪᠦᠯᠦᠭ     ᠬᠠᠤᠯᠢ ᠶᠢᠨ ᠬᠠᠷᠢᠭᠤᠴᠠᠯᠭ᠎ᠠ      ᠲᠠᠯᠠᠨ ᠳᠣᠯᠣᠳᠤᠭᠠᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄      ︵ᠨᠢᠭᠡ ︶ ᠡᠭᠦᠷᠭᠡ ᠲᠤᠰᠢᠶᠠᠯ ᠤᠨ ᠢᠶᠠᠨ ᠲᠤᠶᠢᠬᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠬᠤ ᠪᠤᠶᠤ ᠪᠤᠰᠤᠳ ᠠᠰᠢᠭ ᠲᠤᠰᠠ ᠣᠯᠬᠤ︔      ︵ᠬᠤᠶᠠᠷ ︶ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠶᠢ ᠵᠥᠪᠰᠢᠶᠡᠷᠡᠬᠦ ᠂ ᠡᠰᠡᠬᠦᠯ᠎ᠡ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠠᠴᠠ ᠪᠠᠨ ᠳᠠᠪᠠᠵᠤ ᠵᠥᠪᠰᠢᠶᠡᠷᠡᠬᠦ︔      ︵ᠭᠤᠷᠪᠠ ︶ ᠬᠠᠤᠯᠢ  ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨᠦᠭᠡᠢ︔      ︵ᠳᠥᠷᠪᠡ ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠬᠢᠨᠠᠨ ᠬᠠᠮᠢᠶᠠᠷᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ᠃      ᠳᠠᠯᠠᠨ ᠨᠠᠢᠮᠠᠳᠤᠭᠠᠷ ᠵᠦᠢᠯ    ᠲᠤᠰ ᠬᠠᠤᠯᠢ ᠶᠢᠨ ᠠᠷᠪᠠᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ ᠂ ᠬᠠᠮᠠᠭᠠᠯᠠᠭᠳᠠᠵᠤ ᠪᠠᠶᠢᠭ᠎ᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠳᠤᠷ᠎ᠠ ᠪᠠᠷ ᠢᠶᠠᠨ ᠰᠢᠢᠳᠪᠦᠷᠢᠯᠡᠭᠡᠳ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠤᠬᠢᠷᠠᠭᠤᠯᠤᠭᠰᠠᠨ ᠪᠠᠶᠢᠪᠠᠯ ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠷᠪᠠᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠳᠠᠯᠠ ᠶᠢᠰᠦᠳᠦᠭᠡᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ    ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠄      ︵ᠨᠢᠭᠡ ︶ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ ᠪᠠᠷ ᠬᠢᠯᠢ ᠶᠢᠨ ᠭᠠᠳᠠᠨ᠎ᠠ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠣᠷᠣᠭᠤᠯᠬᠤ︔      ︵ᠬᠤᠶᠠᠷ ︶ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ ᠪᠠᠷ ᠬᠢᠯᠢ ᠶᠢᠨ ᠳᠣᠲᠣᠷ᠎ᠠ ᠬᠢᠯᠢ ᠶᠢᠨ ᠭᠠᠳᠠᠨᠠᠬᠢ ᠪᠠᠶᠢᠭᠤᠯᠤᠮᠵᠢ ᠂ ᠬᠤᠪᠢ ᠬᠥᠮᠥᠨ ᠲᠠᠢ ᠬᠠᠮᠲᠤᠷᠠᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠤᠨ ᠠᠰᠢᠭᠯᠠᠬᠤ︔      ︵ᠭᠤᠷᠪᠠ ︶ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠺᠣᠮᠢᠰ ᠢᠶᠠᠷ ᠬᠢᠨᠠᠨ ᠲᠣᠭᠲᠠᠭᠠᠯᠭᠠᠭᠰᠠᠨ ᠦᠭᠡᠢ ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠳᠣᠲᠣᠷ᠎ᠠ ᠬᠢᠯᠢ ᠶᠢᠨ ᠭᠠᠳᠠᠨᠠᠬᠢ ᠪᠠᠶᠢᠭᠤᠯᠤᠮᠵᠢ ᠂ ᠬᠤᠪᠢ ᠬᠥᠮᠥᠨ ᠲᠠᠢ ᠬᠤᠷᠰᠢᠨ ᠰᠤᠳᠤᠯᠵᠤ ᠠᠰᠢᠭᠯᠠᠬᠤ᠃      ᠨᠠᠶᠠᠳᠤᠭᠠᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠭᠰᠠᠨ ᠪᠠᠶᠢᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ ᠪᠣᠭᠤᠮᠲᠠ ᠠᠴᠠ ᠬᠤᠴᠣᠷᠭᠠᠨ ᠠᠪᠤᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃      ᠨᠠᠶᠠᠨ ᠨᠢᠭᠡᠳᠦᠭᠡᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠬᠢᠨᠠᠨ ᠲᠣᠭᠲᠠᠭᠠᠯᠲᠠ ᠪᠤᠶᠤ ᠰᠢᠯᠭᠠᠨ ᠲᠣᠭᠲᠠᠭᠠᠯᠲᠠ ᠶᠢ ᠳᠠᠮᠵᠢᠭᠰᠠᠨ ᠦᠭᠡᠢ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢ ᠪᠣᠷᠣᠯᠠᠭᠤᠯᠵᠤ ᠂ ᠳᠡᠯᠭᠡᠷᠡᠭᠦᠯᠦᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠮᠠᠯ ᠵᠢᠭᠦᠷᠲᠡᠨ ᠪᠠ ᠬᠠᠤᠯᠢ  ᠠᠴᠠ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ ︔ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠂ ᠬᠠᠤᠯᠢ  ᠠᠴᠠ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ  ᠠᠴᠠ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃      ᠨᠠᠶᠠᠨ ᠬᠤᠶᠠᠳᠤᠭᠠᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠪᠤᠶᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠦᠢᠯᠡᠳᠪᠦᠷᠢᠯᠡᠵᠦ ᠡᠵᠡᠩᠨᠡᠵᠦ ᠂ ᠡᠰᠡᠬᠦᠯ᠎ᠡ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠂ ᠰᠢᠯᠵᠢᠭᠦᠯᠦᠨ ᠥᠭᠭᠦᠭᠰᠡᠨ ᠂ ᠲᠦᠷᠢᠶᠡᠰᠦᠯᠡᠭᠦᠯᠦᠨ ᠵᠢᠭᠡᠯᠡᠭᠦᠯᠦᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠬᠠᠭᠤᠷᠮᠠᠭᠯᠠᠨ ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠂ ᠦᠷ᠎ᠡ ᠶᠢᠨ ᠮᠠᠯ ᠵᠢᠭᠦᠷᠲᠡᠨ ᠂ ᠲᠠᠸᠠᠷ ᠤᠨ ᠲᠥᠯ ᠮᠠᠯ ᠂ ᠴᠤᠷᠪᠠᠭ᠎ᠠ ᠵᠢᠭᠦᠷᠲᠡᠨ ᠪᠣᠯᠣᠨ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠭᠤᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠭᠤᠷᠪᠠᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ ᠂ ᠭᠤᠷᠪᠠᠨ ᠮᠢᠩᠭᠠᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠦᠢᠯᠡᠳᠪᠦᠷᠢᠯᠡᠵᠦ ᠡᠵᠡᠩᠨᠡᠭᠰᠡᠨ ᠪᠤᠶᠤ ᠰᠢᠯᠵᠢᠭᠦᠯᠦᠨ ᠥᠭᠭᠦᠭᠰᠡᠨ ᠂ ᠲᠦᠷᠢᠶᠡᠰᠦᠯᠡᠭᠦᠯᠵᠦ ᠲᠦᠷᠢᠶᠡᠰᠦᠯᠡᠭᠦᠯᠦᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠᠷ ᠨᠡᠶᠢᠯᠡᠭᠦᠯᠦᠨ ᠰᠢᠢᠳᠬᠡᠨ᠎ᠡ᠃      ᠨᠠᠶᠠᠨ ᠭᠤᠷᠪᠠᠳᠤᠭᠠᠷ ᠵᠦᠢᠯ    ᠲᠤᠰ ᠬᠠᠤᠯᠢ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠠᠶᠠᠨ ᠳᠥᠷᠪᠡᠳᠦᠭᠡᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠬᠡᠷᠡᠭᠯᠡᠭᠰᠡᠨ ᠦᠷ᠎ᠡ ᠶᠢᠨ ᠮᠠᠯ ᠵᠢᠭᠦᠷᠲᠡᠨ ᠨᠢ ᠡᠭᠦᠯᠳᠡᠷ ᠲᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠦᠷ᠎ᠡ ᠶᠢᠨ ᠮᠠᠯ ᠵᠢᠭᠦᠷᠲᠡᠨ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠪᠠᠶᠢᠪᠠᠯ ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠬᠤᠶᠠᠷ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠲᠤ ᠬᠦᠷᠬᠦ ᠦᠭᠡᠢ ᠪᠠᠶᠢᠪᠠᠯ ᠂ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃      ᠨᠠᠶᠠᠨ ᠲᠠᠪᠤᠳᠤᠭᠠᠷ ᠵᠦᠢᠯ    ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ ᠳᠤ ᠲᠤᠰ ᠬᠠᠤᠯᠢ ᠶᠢᠨ ᠭᠤᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠠᠴᠠ ᠳᠥᠷᠪᠡᠳᠦᠭᠡᠷ ᠵᠤᠷᠪᠤᠰ ᠬᠦᠷᠲᠡᠯᠡᠬᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠪᠣᠷᠣᠯᠠᠭᠤᠯᠬᠤ ᠶᠢ ᠨᠢ ᠵᠣᠭᠰᠣᠭᠠᠵᠤ ᠂ ᠬᠠᠤᠯᠢ ᠶᠢ ᠵᠥᠷᠢᠴᠡᠵᠦ ᠪᠣᠷᠣᠯᠠᠭᠤᠯᠤᠭᠰᠠᠨ ︵ᠡᠭᠦᠯᠳᠡᠷ ︶ ᠮᠠᠯ ᠵᠢᠭᠦᠷᠲᠡᠨ ᠪᠣᠯᠣᠨ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠᠷ ᠨᠡᠶᠢᠯᠡᠭᠦᠯᠦᠨ ᠰᠢᠢᠳᠬᠡᠨ᠎ᠡ᠃      ᠨᠠᠶᠠᠨ ᠵᠢᠷᠭᠤᠳᠤᠭᠠᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠡᠷᠬᠢᠯᠡᠬᠦ ᠳᠡᠭᠡᠨ ᠳᠠᠩᠰᠠᠯᠠᠭᠤᠯᠤᠭᠰᠠᠨ ᠦᠭᠡᠢ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ  ᠨᠢ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠪᠠᠶᠢᠭᠤᠯᠤᠭᠰᠠᠨ ᠦᠭᠡᠢ ᠪᠤᠶᠤ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠢ ᠲᠣᠭᠲᠠᠭᠠᠯ ᠶᠣᠰᠣᠭᠠᠷ ᠬᠠᠳᠠᠭᠠᠯᠠᠭᠰᠠᠨ ᠦᠭᠡᠢ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ ᠂ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠨᠠᠶᠠᠨ ᠳᠣᠯᠣᠳᠤᠭᠠᠷ ᠵᠦᠢᠯ    ᠲᠤᠰ ᠬᠠᠤᠯᠢ ᠶᠢᠨ ᠳᠥᠴᠢᠨ ᠭᠤᠷᠪᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ ᠪᠠᠶᠢᠪᠠᠯ ᠂ ᠬᠤᠯᠪᠣᠭᠳᠠᠯ ᠪᠦᠬᠦᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠰᠢᠢᠳᠬᠡᠨ᠎ᠡ᠃      ᠨᠠᠶᠠᠨ ᠨᠠᠢᠮᠠᠳᠤᠭᠠᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠪᠣᠷᠣᠯᠠᠭᠤᠯᠤᠭᠰᠠᠨ ᠦᠷ᠎ᠡ ᠶᠢᠨ ᠮᠠᠯ ᠵᠢᠭᠦᠷᠲᠡᠨ ᠳᠤ ᠦᠷ᠎ᠡ ᠶᠢᠨ ᠮᠠᠯ ᠵᠢᠭᠦᠷᠲᠡᠨ ᠤ ᠬᠢᠷᠢ ᠲᠡᠩᠴᠡᠭᠰᠡᠨ ᠭᠡᠷᠡᠴᠢ ᠂ ᠭᠡᠷ ᠤᠨ ᠲᠡᠵᠢᠭᠡᠪᠦᠷᠢ ᠶᠢᠨ ᠤᠳᠤᠮ ᠤᠨ ᠴᠠᠳᠢᠭ ᠢ ᠳᠠᠭᠠᠯᠳᠤᠭᠤᠯᠤᠭᠰᠠᠨ ᠦᠭᠡᠢ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠢᠯᠭᠠᠬᠤ ᠲᠡᠮᠳᠡᠭ ᠲᠠᠯᠪᠢᠬᠤ ᠬᠡᠷᠡᠭᠲᠡᠢ ᠭᠡᠵᠦ ᠲᠣᠭᠲᠠᠭᠠᠭᠰᠠᠨ ᠪᠠᠶᠢᠲᠠᠯ᠎ᠠ ᠢᠯᠭᠠᠬᠤ ᠲᠡᠮᠳᠡᠭ ᠦᠭᠡᠢ ᠮᠠᠯ ᠵᠢᠭᠦᠷᠲᠡᠨ ᠢ ᠪᠣᠷᠣᠯᠠᠭᠤᠯᠤᠭᠰᠠᠨ ᠂ ᠬᠤᠳᠠᠯᠳᠤᠨ ᠠᠪᠤᠭᠰᠠᠨ ᠂ ᠡᠰᠡᠬᠦᠯ᠎ᠡ ᠮᠠᠯ ᠵᠢᠭᠦᠷᠲᠡᠨ ᠤ ᠢᠯᠭᠠᠬᠤ ᠲᠡᠮᠳᠡᠭ ᠢ ᠲᠠᠬᠢᠨ ᠳᠠᠪᠲᠠᠨ ᠬᠡᠷᠡᠭᠯᠡᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠨ ᠵᠠᠯᠠᠷᠠᠭᠤᠯᠤᠭᠤᠯᠵᠤ ᠂ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ᠃      ᠪᠣᠷᠣᠯᠠᠭᠤᠯᠤᠭᠰᠠᠨ ᠦᠷ᠎ᠡ ᠶᠢᠨ ᠮᠠᠯ ᠵᠢᠭᠦᠷᠲᠡᠨ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠳᠠᠭᠠᠯᠳᠤᠭᠤᠯᠤᠭᠰᠠᠨ ᠦᠭᠡᠢ ᠪᠠᠷ ᠮᠠᠯ ᠵᠢᠭᠦᠷᠲᠡᠨ ᠤ ᠢᠯᠡᠳᠬᠡᠮᠵᠢ ᠲᠡᠮᠳᠡᠭ ᠢ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠂ ᠡᠰᠡᠬᠦᠯ᠎ᠡ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠮᠠᠯ ᠵᠢᠭᠦᠷᠲᠡᠨ ᠤ ᠢᠯᠡᠳᠬᠡᠮᠵᠢ ᠲᠡᠮᠳᠡᠭ ᠢ ᠡᠵᠡᠮᠰᠢᠭᠰᠡᠨ ᠂ ᠬᠡᠷᠡᠭᠯᠡᠭᠰᠡᠨ ᠪᠠᠶᠢᠪᠠᠯ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠠᠶᠠ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠮᠠᠯ ᠵᠢᠭᠦᠷᠲᠡᠨ ᠢ ᠨᠢᠲᠤᠯᠬᠤ ᠠᠵᠢᠯᠯᠠᠭ᠎ᠠ ᠶᠢ ᠴᠡᠭ ᠲᠣᠭᠲᠠᠭᠠᠭᠰᠠᠨ ᠦᠭᠡᠢ ᠪᠠᠷ ᠬᠢᠭᠰᠡᠨ ᠪᠠᠶᠢᠪᠠᠯ ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠰᠢᠢᠳᠬᠡᠨ᠎ᠡ᠃      ᠶᠡᠷᠡᠳᠦᠭᠡᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠤᠨ ᠲᠤᠰ ᠬᠠᠤᠯᠢ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ ᠪᠠᠨ ᠪᠣᠯᠢᠭᠰᠠᠨ ᠢ ᠣᠯᠵᠤ ᠮᠡᠳᠡᠪᠡᠯ ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠢ ︔ ᠬᠤᠭᠤᠴᠠᠭ᠎ᠠ ᠬᠡᠲᠦᠷᠡᠲᠡᠯ᠎ᠡ ᠲᠤᠰ ᠬᠠᠤᠯᠢ ᠳᠤ ᠲᠣᠭᠲᠠᠭᠠᠭᠰᠠᠨ ᠨᠥᠬᠦᠴᠡᠯ ᠳᠤ ᠮᠥᠨ ᠯᠡ ᠭᠦᠷᠦᠭᠰᠡᠨ ᠦᠭᠡᠢ ᠪᠠᠶᠢᠪᠠᠯ ᠂ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠨ᠎ᠠ ᠂ ᠴᠡᠭ ᠲᠣᠭᠲᠠᠭᠠᠨ ᠨᠢᠲᠤᠯᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠪᠠᠯ ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠴᠡᠭ ᠲᠣᠭᠲᠠᠭᠠᠨ ᠨᠢᠲᠤᠯᠬᠤ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃      ᠶᠡᠷᠡᠨ ᠨᠢᠭᠡᠳᠦᠭᠡᠷ ᠵᠦᠢᠯ    ᠲᠤᠰ ᠬᠠᠤᠯᠢ ᠶᠢᠨ ᠵᠢᠷᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠂ ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠨᠢ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠦᠭᠡᠢ ᠂ ᠡᠰᠡᠬᠦᠯ᠎ᠡ ᠮᠠᠯ ᠵᠢᠭᠦᠷᠲᠡᠨ ᠢ ᠨᠢᠲᠤᠯᠬᠤ ᠡᠵᠡᠩᠨᠡᠭᠴᠢ ᠨᠢ ᠰᠢᠯᠭᠠᠨ ᠪᠠᠶᠢᠴᠠᠭᠠᠯᠭᠠᠭᠠᠳ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠦᠭᠡᠢ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ ᠂ ᠰᠡᠷᠡᠮᠵᠢ ᠥᠭᠭᠦᠨ᠎ᠡ ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠨ᠎ᠠ ᠂ ᠴᠡᠭ ᠲᠣᠭᠲᠠᠭᠠᠨ ᠨᠢᠲᠤᠯᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠪᠠᠯ ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠴᠡᠭ ᠲᠣᠭᠲᠠᠭᠠᠨ ᠨᠢᠲᠤᠯᠬᠤ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃      ᠲᠤᠰ ᠬᠠᠤᠯᠢ ᠶᠢᠨ ᠵᠢᠷᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠰᠢᠢᠳᠬᠡᠨ᠎ᠡ᠃      ᠶᠡᠷᠡᠨ ᠬᠤᠶᠠᠳᠤᠭᠠᠷ ᠵᠦᠢᠯ    ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ      ᠶᠡᠷᠡᠨ ᠭᠤᠷᠪᠠᠳᠤᠭᠠᠷ ᠵᠦᠢᠯ    ᠲᠤᠰ ᠬᠠᠤᠯᠢ ᠳᠤ ᠬᠡᠯᠡᠵᠦ ᠪᠠᠶᠢᠭ᠎ᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠭᠡᠳᠡᠭ ᠨᠢ ᠮᠠᠯ ᠵᠢᠭᠦᠷᠲᠡᠨ ᠵᠢᠴᠢ ᠲᠡᠭᠦᠨ ᠤ ᠥᠨᠳᠡᠭᠡᠨ ᠡᠰ ︵ᠥᠨᠳᠡᠭᠡ ︶᠂ ᠦᠷ᠎ᠡ ᠶᠢᠨ ᠰᠢᠩᠭᠡᠨ ᠂ ᠬᠦᠪᠦᠷᠡᠯ ᠂ ᠭᠧᠨ ᠤ ᠪᠣᠳᠠᠰ ᠵᠡᠷᠭᠡ ᠤᠳᠤᠮᠯᠠᠯ ᠤᠨ ᠮᠠᠲ᠋ᠧᠷᠢᠶᠠᠯ ᠢ ᠵᠢᠭᠠᠵᠤ ᠪᠠᠶᠢᠨ᠎ᠠ᠃      ᠲᠤᠰ ᠬᠠᠤᠯᠢ ᠳᠤ ᠬᠡᠯᠡᠵᠦ ᠪᠠᠶᠢᠭ᠎ᠠ ᠦᠷ᠎ᠡ ᠶᠢᠨ ᠮᠠᠯ ᠵᠢᠭᠦᠷᠲᠡᠨ ᠭᠡᠳᠡᠭ ᠨᠢ ᠰᠣᠩᠭᠤᠨ ᠪᠣᠶᠢᠵᠢᠭᠤᠯᠤᠭᠰᠠᠨ ᠂ ᠡᠭᠦᠯᠳᠡᠷ ᠤᠨ ᠦᠨ᠎ᠡ ᠦᠷᠳᠡᠭ ᠲᠠᠢ ᠂ ᠬᠤᠶᠢᠴᠢ ᠦᠶ᠎ᠡ ᠪᠠᠨ ᠦᠷᠡᠵᠢᠭᠦᠯᠬᠦ ᠳᠤ ᠲᠣᠬᠢᠷᠠᠬᠤ ᠮᠠᠯ ᠵᠢᠭᠦᠷᠲᠡᠨ ᠵᠢᠴᠢ ᠲᠡᠭᠦᠨ ᠤ ᠥᠨᠳᠡᠭᠡᠨ ᠡᠰ ︵ᠥᠨᠳᠡᠭᠡ ︶᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠶᠢ ᠵᠢᠭᠠᠵᠤ ᠪᠠᠶᠢᠨ᠎ᠠ ᠃       ᠶᠡᠷᠡᠨ ᠳᠥᠷᠪᠡᠳᠦᠭᠡᠷ ᠵᠦᠢᠯ    ᠲᠤᠰ ᠬᠠᠤᠯᠢ ᠶᠢ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号