︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠶᠢᠨ ᠲᠥᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/9
      ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠳᠤᠷᠭᠠᠭᠤᠯᠢ ᠶᠢᠨ  ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠤᠯᠢ ᠶᠣᠰᠣᠨ ᠤ᠂ ᠵᠦᠢ ᠶᠤᠰᠤᠨ ᠤ ᠂ ᠵᠣᠬᠢᠰᠲᠠᠢ ᠵᠠᠰᠠᠭ ᠵᠠᠬᠢᠷᠭᠠᠨ ᠤ ᠰᠢᠢᠳᠬᠡᠯ ᠤᠨ ᠴᠢᠯᠦᠭᠡᠲᠦ ᠲᠠᠰᠤᠯᠤᠯᠲᠠ ᠶᠢᠨ ᠡᠷᠬᠡ ᠪᠠᠨ ᠬᠡᠷᠡᠭᠵᠢᠭᠦᠯᠬᠦ ᠶᠢ ᠪᠠᠲᠤᠯᠠᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ 11 ᠰᠠᠷ᠎ᠠ ᠶᠢᠨ 14 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠶᠢ ᠳᠠᠷᠤᠮᠠᠯᠯᠠᠨ ᠲᠠᠷᠬᠠᠭᠠᠵᠤ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠤᠤᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠨᠣᠣᠷᠠᠭᠯᠠᠭᠰᠠᠨ ᠠᠬᠤᠢ ᠪᠠᠶᠢᠳᠠᠯ      2019 ᠣᠨ ᠤ 5 ᠰᠠᠷ᠎ᠠ ᠶᠢᠨ 31 ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ︽ᠲᠠᠷᠢᠶᠠᠯᠠᠩ ᠤᠨ ᠵᠠᠰᠠᠭ ᠵᠠᠬᠢᠷᠭᠠᠨ ᠤ ᠰᠢᠢᠳᠬᠡᠯ ᠤᠨ ᠴᠢᠯᠦᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ︽ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠳᠤ ᠵᠠᠰᠠᠭ ᠵᠠᠬᠢᠷᠭᠠᠨ ᠤ ᠰᠢᠢᠳᠬᠡᠯ ᠤᠨ ᠵᠦᠢᠯᠡᠰ ᠤᠨ ᠲᠣᠭᠲᠠᠭᠠᠯ ᠳᠤ ᠴᠢᠯᠦᠭᠡᠲᠦ ᠲᠠᠰᠤᠯᠤᠯᠲᠠ ᠶᠢᠨ ᠣᠷᠣᠨ ᠵᠠᠢ ᠲᠠᠢ ᠪᠠᠶᠢᠪᠠᠯ᠂ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠠᠷᠭ᠎ᠠ ᠶᠢ ᠦᠨᠳᠦᠰᠦᠯᠡᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠴᠢᠯᠦᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠵᠤ᠂ ᠰᠢᠢᠳᠬᠡᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠪᠠ ᠬᠡᠷᠡᠭᠯᠡᠬᠦ ᠨᠥᠬᠦᠴᠡᠯ ᠢ ᠲᠣᠳᠣᠷᠬᠠᠶᠢᠯᠠᠵᠤ᠂ ᠲᠤᠰ ᠭᠠᠵᠠᠷ ᠣᠷᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠦᠶ᠎ᠡ ᠳᠤ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ︾ ᠭᠡᠵᠦ ᠲᠣᠭᠲᠠᠭᠠᠵᠠᠢ᠃ 2022 ᠣᠨ ᠤ 9 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠤᠯᠳᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ ᠨᠢ᠄ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ  ᠳᠦᠷᠢᠮ᠂ ᠳᠦᠷᠢᠮ ᠲᠣᠭᠲᠠᠭᠠᠯ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠣᠰᠣᠭᠠᠷ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠲᠠᠢ ᠤᠶᠠᠯᠳᠤᠭᠤᠯᠤᠨ᠂ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ︾᠃ 2021 ᠣᠨ ᠠᠴᠠ ᠨᠠᠰᠢ᠂ ︽ᠮᠠᠯ ᠠᠵᠤ ᠠᠬᠤᠢ ᠶᠢᠨ ᠬᠠᠤᠯᠢ︾ ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠦᠷ᠎ᠡ ᠶᠢᠨ ᠬᠠᠤᠯᠢ︾ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ︽ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠵᠡᠷᠭᠡ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠵᠠᠯᠭᠠᠭ᠎ᠠ ᠪᠠᠷ ᠲᠣᠭᠲᠠᠭᠠᠵᠤ ᠵᠠᠰᠠᠪᠤᠷᠢ ᠣᠷᠣᠭᠤᠯᠤᠭᠠᠳ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ᠂ ᠬᠠᠤᠯᠢ ᠶᠢ ᠵᠥᠷᠢᠴᠡᠭᠰᠡᠨ ᠪᠠᠶᠢᠳᠠᠯ᠂ ᠰᠢᠢᠳᠬᠡᠬᠦ ᠪᠠᠷᠢᠮᠵᠢᠶ᠎ᠠ ᠵᠡᠷᠭᠡ ᠳᠤ ᠰᠢᠨ᠎ᠡ ᠲᠣᠭᠲᠠᠭᠠᠯ ᠪᠠ ᠱᠠᠭᠠᠷᠳᠠᠯᠭ᠎ᠠ ᠲᠠᠢ ᠪᠣᠯᠵᠠᠢ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ 2017 ᠣᠨ ᠳᠤ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠣᠭᠲᠠᠭᠠᠯ ᠲᠠᠷᠬᠠᠭᠠᠭᠰᠠᠨ ﹇2017﹈ 8 ᠳ᠋ᠤᠭᠠᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠨᠢ ᠨᠢᠭᠡᠨᠲᠡ ᠬᠤᠯᠪᠣᠭᠳᠠᠯ ᠪᠦᠬᠦᠢ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠦᠢᠯᠡᠳᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠣᠯᠪᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ︽ᠡᠷᠬᠡ ᠲᠡᠭᠰᠢ᠂ ᠲᠥᠪ ᠭᠤᠥᠯᠴᠢ᠂ ᠢᠯᠡ ᠪᠠᠶᠢᠯᠭᠠᠬᠤ︾ ᠵᠠᠷᠴᠢᠮ ᠢ ᠬᠠᠤᠯᠢ ᠶᠣᠰᠣᠭᠠᠷ ᠲᠤᠭᠤᠰᠢᠯᠠᠭᠤᠯᠵᠤ᠂ ︽ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢᠨ ᠲᠥᠯᠥᠭᠡ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ᠢ ᠵᠣᠬᠢᠶᠠᠨ ᠪᠠᠶᠢᠭᠤᠯᠤᠨ ᠲᠤᠭᠤᠷᠪᠢᠪᠠ᠃      ᠬᠤᠶᠠᠷ᠂ ᠭᠤᠣᠯ ᠠᠭᠤᠯᠭ᠎ᠠ      ︽ᠬᠡᠷᠡᠭᠯᠡᠬᠦ ᠳᠦᠷᠢᠮ︾ ᠨᠢ ᠨᠡᠶᠢᠲᠡ ᠬᠤᠷᠢᠨ ᠭᠤᠷᠪᠠᠨ ᠵᠦᠢᠯ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢᠨ ᠤᠳᠬ᠎ᠠ᠂ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠬᠦ ᠵᠠᠷᠴᠢᠮ᠂ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠬᠦ ᠭᠤᠣᠯ ᠴᠣᠭᠴᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠰᠢᠢᠳᠬᠡᠯ ᠥᠯᠥ ᠥᠭᠬᠦ᠂ ᠬᠥᠩᠭᠡᠨ ᠢᠶᠠᠷ ᠬᠥᠩᠭᠡᠷᠡᠭᠦᠯᠦᠨ ᠰᠢᠢᠳᠬᠡᠬᠦ᠂ ᠬᠦᠨᠳᠦ ᠪᠠᠷ ᠰᠢᠢᠳᠬᠡᠬᠦ ᠪᠠᠶᠢᠳᠠᠯ ᠳᠤ ᠲᠣᠳᠣᠷᠬᠠᠢ ᠲᠣᠭᠲᠠᠭᠠᠯ ᠭᠠᠷᠭᠠᠵᠤ᠂ ︽ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢ ᠬᠡᠷᠡᠭᠯᠡᠬᠦ ᠲᠤᠬᠠᠢ ᠪᠣᠳᠠᠲᠠᠢ ᠲᠣᠳᠣᠷᠬᠠᠶᠢᠯᠠᠯᠲᠠ ᠬᠢᠪᠡ᠃      ︽ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠳᠤ ᠲᠠᠷᠢᠮᠠᠯ ᠤᠨ ᠦᠷ᠎ᠡ᠂ ᠲᠠᠷᠢᠶᠠᠯᠠᠩ ᠤᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠲᠥᠷᠥᠯ ᠵᠦᠢᠯ᠂ ᠲᠠᠷᠢᠶᠠᠯᠠᠩ ᠤᠨ ᠤᠷᠭᠤᠮᠠᠯ ᠤᠨ ᠬᠢᠵᠢᠭ ᠤᠨ ᠪᠠᠶᠢᠴᠠᠭᠠᠯᠲᠠ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠪᠣᠷᠳᠣᠭᠤᠷ᠂ ᠲᠠᠷᠢᠶᠠᠯᠠᠩ ᠤᠨ ᠮᠠᠰᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠬᠥᠷᠥᠰᠥ ᠰᠢᠷᠣᠢ ᠶᠢᠨ ᠪᠣᠬᠢᠷᠲᠤᠯ᠂ ᠲᠠᠷᠢᠶᠠᠨ ᠡᠮ᠂ ᠮᠠᠯ ᠠᠵᠤ ᠠᠬᠤᠢ᠂ ᠲᠦᠭᠦᠬᠡᠢ ᠰᠦ᠋᠂ ᠮᠠᠯ ᠤᠨ ᠡᠮ᠂ ᠲᠡᠵᠢᠭᠡᠯ ᠪᠣᠷᠳᠤᠭ᠎ᠠ᠂ ᠠᠮᠢᠲᠠᠨ ᠤ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ᠂ ᠭᠠᠭ᠋ᠠᠢ ᠨᠢᠲᠤᠯᠬᠤ᠂ ᠵᠢᠭᠠᠰᠤᠨ ᠤ ᠠᠵᠤ ᠦᠢᠯᠡᠰ᠂ ᠵᠢᠭᠠᠰᠤᠨ ᠣᠩᠭᠤᠴᠠ᠂  ᠵᠢᠭᠠᠰᠤᠨ ᠤ ᠠᠵᠤ ᠦᠢᠯᠡᠰ ︵ᠬᠡᠭᠡᠷ᠎ᠡ ᠶᠢᠨ ᠠᠮᠢᠲᠠᠨ︶ ᠵᠡᠷᠭᠡ 19 ᠵᠠᠰᠠᠭ ᠵᠠᠬᠢᠷᠭᠠᠨ ᠤ ᠰᠢᠢᠳᠬᠡᠯ ᠤᠨ ᠰᠠᠭᠤᠷᠢ ᠪᠠᠷᠢᠮᠵᠢᠶ᠎ᠠ ᠪᠠᠭᠲᠠᠨ᠎ᠠ᠃ 203 ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠤᠨ ᠰᠢᠳᠬᠡᠬᠦ ᠪᠠᠶᠢᠭᠤᠯᠭ᠎ᠠ᠂ ᠲᠠᠰᠤᠯᠤᠯᠲᠠ ᠶᠢᠨ ᠦᠨᠳᠦᠰᠦᠯᠡᠯ᠂ ᠲᠠᠰᠤᠯᠤᠯᠲᠠ ᠶᠢᠨ ᠲᠠᠰ᠂ ᠬᠡᠷᠡᠭᠯᠡᠬᠦ ᠪᠠᠶᠢᠳᠠᠯ᠂ ᠰᠢᠢᠳᠬᠡᠯ ᠤᠨ ᠬᠡᠮᠵᠢᠶ᠎ᠡ ᠶᠢ ᠪᠣᠳᠠᠲᠠᠢ ᠪᠠᠷ ᠲᠣᠭᠲᠠᠭᠠᠵᠠᠢ᠃      ᠬᠤᠯᠪᠤᠭᠠᠰᠤ   ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号