︽ᠲᠦᠷᠦᠭᠦᠴᠢ ᠬᠤᠨ︾ ᠤ ᠰᠣᠷᠣᠭᠴᠢ ᠶᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ︽ᠲᠦᠷᠦᠭᠦᠴᠢ ᠬᠤᠨ︾ ᠤ ᠲᠥᠷᠥᠯ ᠵᠦᠢᠯ ᠤᠨ ᠪᠣᠶᠢᠵᠢᠭᠤᠯᠤᠭᠰᠠᠨ ᠦᠷ᠎ᠡ | ᠪᠦᠲᠦᠭᠡᠯ ᠢ ᠳᠡᠯᠭᠡᠨ ᠦᠵᠡᠭᠦᠯᠬᠦ ᠶᠢᠨ ᠲᠥᠯᠥᠭᠡ᠂ 9 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ ᠭᠤᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ | ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ ᠤᠨ ᠠᠵᠢᠯᠯᠠᠭ᠎ᠠ ᠰᠠᠷ᠎ᠠ ᠨᠢ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ ᠡᠬᠢᠯᠡᠪᠡ᠃ | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ᠂ ᠥᠪᠥᠷ ᠮᠣᠩᠭᠤᠯ ᠤᠨ ᠪᠠᠩᠬᠢ ᠶᠢᠨ ᠳᠡᠳ᠋ ᠳᠠᠷᠤᠭ᠎ᠠ | ᠸᠠᠩ ᠵᠢᠢ ᠳ᠋ᠦᠩ᠂ ᠵᠧᠵᠢᠶᠠᠩ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ | ᠲᠠᠪᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠵᠢᠯᠣᠭᠤᠳᠤᠭᠴᠢ ᠪᠠᠭᠰᠢ ᠶᠢᠨ ᠲᠥᠯᠥᠭᠡᠯᠡᠭᠴᠢ ᠵᠢᠴᠢ | ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ | ᠲᠣᠪᠴᠢᠶᠠᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ | ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠵᠧᠩ ᠹᠧᠩ ᠵᠥᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠲᠦᠷᠦᠭᠦᠴᠢ ᠬᠤᠨ ᠤ ᠰᠢᠯᠢᠳᠡᠭ | ᠰᠤᠷᠤᠭᠴᠢ᠂ ᠬᠠᠮᠢᠶ᠎ᠠ ᠪᠦᠬᠦᠢ ᠪᠡᠯᠡ ᠣᠷᠣᠭᠤᠯᠤᠯᠲᠠ ᠶᠢᠨ ᠺᠣᠮᠫᠠᠨᠢ᠂ ᠠᠵᠤ ᠠᠬᠤᠶᠢᠯᠠᠯ ᠵᠢᠴᠢ ᠶᠡᠭᠡ ᠳᠡᠭᠡᠳᠦ | ᠰᠤᠷᠭᠠᠭᠤᠯᠢ ᠶᠢᠨ ᠠᠵᠢᠯᠴᠢᠨ ᠤ ᠡᠪᠯᠡᠯ ᠵᠡᠷᠭᠡ 300 ᠰᠢᠬᠠᠮ ᠬᠥᠮᠥᠨ ᠲᠤᠰ ᠤᠳᠠᠭ᠎ᠠ ᠶᠢᠨ ᠠᠵᠢᠯᠯᠠᠭ᠎ᠠ ᠳᠤ | ᠣᠷᠣᠯᠴᠠᠪᠠ᠃ | | | | ᠡᠬᠢᠯᠡᠯᠲᠡ ᠶᠢᠨ ᠶᠣᠰᠣᠯᠠᠯ ᠳᠡᠭᠡᠷ᠎ᠡ᠂ ︽ᠲᠦᠷᠦᠭᠦᠴᠢ ᠬᠤᠨ ᠤ ᠵᠢᠭᠡᠯᠡᠯᠭᠡ︾ ᠶᠢᠨ ᠰᠢᠨ᠎ᠡ ᠶᠢ ᠡᠭᠦᠳᠬᠦ | ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠨᠡᠶᠢᠲᠡᠯᠡᠵᠦ᠂ ︽ᠲᠦᠷᠦᠭᠦᠴᠢ ᠬᠤᠨ︾ ᠤ ᠨᠡᠶᠢᠭᠡᠮᠯᠢᠭ ᠪᠠᠶᠢᠭᠤᠯᠬᠤ ᠪᠠᠷ | ᠪᠡᠯᠡᠳᠬᠡᠵᠦ᠂ ᠵᠢᠯᠣᠭᠤᠳᠤᠭᠴᠢ ᠪᠠᠭᠰᠢ ᠶᠢ ᠤᠷᠢᠨ ᠬᠡᠷᠡᠭᠯᠡᠬᠦ ᠶᠣᠰᠣᠯᠠᠯ ᠶᠠᠪᠤᠭᠤᠯᠵᠤ᠂ 10 ︽ᠲᠦᠷᠦᠭᠦᠴᠢ ᠬᠤᠨ︾ ᠤ | ᠰᠤᠷᠤᠭᠴᠢ ᠶᠢᠨ ᠲᠥᠯᠥᠭᠡᠯᠡᠭᠴᠢ ᠲᠡᠳᠡᠨ ᠤ ᠬᠥᠮᠥᠵᠢᠭᠦᠯᠦᠭᠰᠡᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠵᠦ | ᠰᠣᠯᠢᠯᠴᠠᠪᠠ᠃ | | | | ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ | ︽ᠲᠦᠷᠦᠭᠦᠴᠢ ᠬᠤᠨ︾ ᠤ ᠲᠥᠷᠥᠯ ᠵᠦᠢᠯ ᠮᠠᠰᠢ ᠰᠠᠶᠢᠨ ᠦᠷ᠎ᠡ ᠪᠦᠲᠦᠮᠵᠢ ᠣᠯᠵᠤ᠂ ᠰᠣᠷᠣᠭᠴᠢ ᠶᠢ ᠰᠢᠯᠢᠨ | ᠰᠣᠩᠭᠤᠬᠤ ᠠᠵᠢᠯ ᠢ ᠰᠠᠶᠢᠲᠤᠷ ᠬᠢᠵᠦ᠂ ᠬᠥᠮᠥᠵᠢᠭᠦᠯᠦᠨ ᠪᠣᠯᠪᠠᠰᠤᠷᠠᠭᠤᠯᠬᠤ ᠲᠠᠯ᠎ᠠ ᠪᠠᠷ ᠬᠦᠴᠦ ᠲᠠᠯᠪᠢᠵᠤ᠂ | ᠬᠥᠮᠥᠵᠢᠭᠦᠯᠦᠨ ᠪᠣᠶᠢᠵᠢᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠰᠣᠷᠣᠭᠴᠢ ᠶᠢ ᠦᠨᠡᠨ ᠬᠦ | ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠳᠠᠭᠠᠭᠤᠯᠤᠭᠴᠢ ᠬᠤᠨ ︾ ᠪᠣᠯᠭᠠᠬᠤ | ᠬᠡᠷᠡᠭᠲᠡᠢ ᠭᠡᠵᠡᠢ᠃ | | | | | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠦᠷᠢᠶᠡᠨ ᠳᠤ᠂ | ︽ᠲᠦᠷᠦᠭᠦᠸ ᠬᠤᠨ︾ ᠤ ᠰᠤᠷᠤᠭᠴᠢᠳ ᠠᠯᠢ ᠡᠷᠲᠡ ᠦᠵᠡᠭᠦᠯᠭᠡ ᠶᠢᠨ ᠲᠠᠶᠢᠰᠠᠨ ᠤ ᠦᠵᠡᠭᠦᠯᠭᠡ ᠶᠢᠨ ᠦᠷ᠎ᠡ | ᠪᠦᠲᠦᠭᠡᠯ ᠢᠶᠠᠨ ᠳᠡᠯᠭᠡᠨ ᠦᠵᠡᠭᠦᠯᠪᠡ᠃ ᠶᠡᠭᠡ ᠠᠴᠠ ᠬᠤᠮᠠ ᠶᠢᠨ ᠲᠣᠰᠣ᠂ ᠨᠠᠷᠢᠮᠤ᠂ ᠪᠤᠷᠴᠠᠭ ᠤᠨ ᠢᠳᠡᠭᠡᠨ᠂ | ᠪᠠᠭ᠎ᠠ ᠠᠴᠠ ᠬᠠᠲᠠᠭᠠᠭᠰᠠᠨ ᠪᠣᠷᠴᠠ᠂ ᠪᠢᠰᠢᠯᠠᠭ᠂ ᠳᠣᠯᠤᠨᠤ ᠶᠢᠨ ᠠᠭᠰᠢᠮᠠᠭ ᠨᠢ ᠴᠥᠮ ᠰᠤᠷᠤᠭᠴᠢᠳ ᠤᠨ ᠨᠠᠷᠢᠨ | ᠨᠢᠮᠪᠠᠢ ᠪᠡᠯᠡᠳᠬᠡᠭᠰᠡᠨ ᠣᠨᠴᠠᠯᠢᠭᠲᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠪᠣᠯᠣᠨ᠎ᠠ᠃ ᠠᠶᠢᠮᠠᠭ ᠬᠤᠳᠠ ᠨᠢᠭᠡᠪᠦᠷᠢ ᠶᠢᠨ ᠦᠵᠡᠭᠦᠯᠭᠡ ᠶᠢᠨ ᠪᠠᠶᠢᠷᠢ ᠳᠤ ᠪᠠᠰᠠ ᠲᠠᠮᠠᠭ᠎ᠠ ᠴᠤᠭᠯᠠᠭᠤᠯᠵᠤ ᠪᠡᠯᠡᠭ | ᠰᠣᠯᠢᠬᠤ ᠠᠵᠢᠯᠯᠠᠭ᠎ᠠ ᠲᠣᠬᠢᠷᠠᠭᠤᠯᠵᠤ᠂ ᠬᠥᠮᠥᠰ ᠤᠨ ᠲᠤᠭ᠎ᠠ ᠲᠠᠰᠤᠷᠠᠯᠳᠡ ᠦᠭᠡᠢ ᠣᠯᠠᠰᠢᠷᠠᠵᠤ᠂ ᠤᠯᠤᠰ ᠤᠨ | ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠭᠤᠷ ᠠᠮᠢᠰᠬᠤᠯ ᠤᠷᠢᠳᠴᠢᠯᠠᠨ ᠬᠥᠭᠵᠢᠶᠡᠨᠲᠡᠢ ᠪᠣᠯᠪᠠ᠃ | | | | | ᠲᠣᠰ ᠤᠳᠠᠭᠠᠨ ᠤ ︽ᠲᠦᠷᠦᠭᠦᠴᠢ ᠬᠤᠨ︾ ᠤ ᠲᠥᠷᠥᠯ ᠵᠦᠢᠯ ᠤᠨ ᠠᠵᠢᠯᠯᠠᠭ᠎ᠠ ᠶᠢᠨ ᠰᠠᠷ᠎ᠠ ᠪᠠᠷ | ᠳᠠᠮᠵᠢᠭᠤᠯᠤᠨ᠂ ︽ᠲᠦᠷᠦᠭᠦᠴᠢ ᠬᠤᠨ︾ ᠤ ᠰᠣᠷᠣᠭᠴᠢ ᠬᠢᠭᠡᠳ ᠬᠠᠮᠢᠶ᠎ᠠ ᠪᠦᠬᠦᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ︽ᠲᠦᠷᠦᠭᠦᠴᠢ ᠬᠤᠨ︾ ᠤ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ |