1. ᠬᠡᠷᠡᠭᠵᠢᠭᠦᠯᠬᠦ ᠠᠭᠤᠯᠭ᠎ᠠ᠄ ᠠᠯᠠᠰᠢᠨ ᠦᠬᠡᠷ ᠠᠯᠠᠰᠢᠨ ᠬᠤᠨᠢᠨ ᠤ ᠣᠷᠣᠨ ᠨᠤᠲᠤᠭ ᠤᠨ ᠳᠠᠪᠠᠭᠤᠯᠢᠭ | ᠣᠨᠴᠠᠯᠢᠭᠲᠤ ᠳᠠᠭᠠᠳᠬᠠᠯ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠠᠯᠠᠰᠢᠨ ᠦᠬᠡᠷ᠂ ᠠᠯᠠᠰᠢᠨ ᠬᠤᠨᠢ ᠳᠠᠰᠢ | ᠬᠡᠯᠪᠡᠶᠢᠯᠭᠡᠬᠦ ᠶᠢ ᠠᠬᠢᠭᠤᠯᠵᠤ᠂ ᠲᠦᠩᠯᠢᠶᠣᠣ ᠬᠤᠲᠠ ᠶᠢᠨ ᠪᠥᠬᠦ ᠬᠢᠯᠢ᠂ ᠬᠥᠯᠥᠨ ᠪᠤᠶᠢᠷ ᠬᠤᠲᠠ ᠶᠢᠨ ᠠᠷᠤᠨ | ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ᠂ | ᠤᠯᠠᠭᠠᠨᠬᠠᠳᠠ ᠬᠤᠲᠠ ᠶᠢᠨ ᠯᠢᠨᠰᠢ ᠰᠢᠶᠠᠨ᠂ ᠬᠡᠰᠢᠭᠲᠡᠨ ᠬᠤᠰᠢᠭᠤ᠂ ᠨᠢᠩᠴᠧᠩ ᠰᠢᠶᠠᠨ ᠪᠠ ᠣᠷᠳᠣᠰ ᠬᠤᠲᠠ ᠶᠢᠨ | ᠣᠲᠤᠭ ᠤᠨ ᠡᠮᠦᠨᠡᠲᠦ ᠬᠤᠰᠢᠭᠤᠨ ᠤ ᠠᠯᠠᠰᠢᠨ ᠦᠬᠡᠷ ᠤᠨ ᠳᠠᠭᠠᠳᠬᠠᠯ︔ ᠪᠠᠶᠠᠨᠨᠠᠭᠤᠷ ᠬᠤᠲᠠ ᠶᠢᠨ ᠯᠢᠨ ᠾᠧ | ᠲᠣᠭᠤᠷᠢᠭ᠂ ᠬᠠᠩᠭᠢᠨ ᠬᠤᠶᠢᠲᠤ ᠬᠤᠰᠢᠭᠤᠨ ᠤ ᠠᠯᠠᠰᠢᠨ ᠬᠤᠨᠢᠨ ᠤ ᠳᠠᠭᠠᠳᠬᠠᠯ︔ ᠰᠢᠯᠢ ᠶᠢᠨ ᠭᠤᠣᠯ ᠠᠶᠢᠮᠠᠭ ᠤᠨ | ᠪᠥᠬᠦ ᠬᠢᠯᠢ ᠪᠠ ᠬᠥᠯᠥᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ | ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠬᠠᠭᠤᠴᠢᠨ ᠪᠠᠷᠭᠤ ᠬᠤᠰᠢᠭᠤᠨ ᠤ ᠠᠯᠠᠰᠢᠨ | ᠬᠤᠨᠢᠨ ᠤ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ᠃ | 2. ᠨᠥᠬᠦᠪᠦᠷᠢ ᠣᠯᠭᠤᠬᠤ ᠡᠲᠡᠭᠡᠳ᠄ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠤᠨ | ᠨᠥᠬᠦᠪᠦᠷᠢ ᠥᠭᠬᠦ ᠡᠲᠡᠭᠡᠳ ᠪᠣᠯ ᠳᠠᠪᠠᠭᠤᠯᠢᠭ ᠣᠨᠴᠠᠯᠢᠭᠲᠤ ᠳᠠᠭᠠᠳᠬᠠᠯ ᠢ ᠬᠡᠷᠡᠭᠵᠢᠭᠦᠯᠵᠦ ᠪᠠᠶᠢᠭ᠎ᠠ ᠭᠠᠵᠠᠷ | ᠣᠷᠣᠨ ᠤ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠢᠯ ᠡᠷᠬᠢᠯᠡᠵᠤ ᠪᠠᠶᠢᠭ᠎ᠠ ᠲᠠᠷᠢᠶᠠᠯᠠᠬᠤ | ᠮᠠᠯᠵᠢᠬᠤ ᠡᠷᠥᠭᠡ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠂ ᠲᠤᠰᠬᠠᠢ ᠠᠵᠢᠯ ᠤᠨ ᠠᠵᠤ ᠠᠬᠤᠢ ᠶᠢᠨ ᠬᠤᠷᠰᠢᠯᠴᠠᠬᠤ | ᠵᠣᠬᠢᠶᠠᠨ ᠪᠠᠶᠢᠭᠤᠯᠤᠯᠲᠠ ᠪᠣᠯᠣᠨ᠎ᠠ᠃ | 3. ᠨᠥᠬᠦᠪᠦᠷᠢ ᠥᠭᠬᠦ ᠪᠠᠷᠢᠮᠵᠢᠶ᠎ᠠ᠄ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠤᠨ | ᠵᠠᠷᠤᠳᠠᠯ ᠤᠨ ᠨᠥᠬᠦᠪᠦᠷᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 40% ᠶᠢᠨ ᠨᠥᠬᠦᠪᠦᠷᠢ | ᠥᠭᠴᠦ᠂ ᠠᠶᠢᠮᠠᠭ ᠬᠤᠳᠠ ᠪᠣᠯᠣᠨ ᠬᠤᠰᠢᠭᠤ ᠰᠢᠶᠠᠨ ︵ᠬᠤᠳᠠ ᠂ ᠲᠣᠭᠤᠷᠢᠭ︶ ᠤ ᠡᠳ᠋ ᠤᠨ ᠵᠠᠰᠠᠭ ᠠᠴᠠ | 40% ᠶᠢᠨ ᠨᠥᠬᠦᠪᠦᠷᠢ ᠥᠭᠴᠦ᠂ ᠲᠠᠷᠢᠶᠠᠯᠠᠬᠤ ᠮᠠᠯᠵᠢᠬᠤ ᠡᠷᠥᠭᠡ ᠠᠴᠠ 20% ᠪᠠᠷ ᠥᠪᠡᠰᠦᠪᠡᠨ ᠲᠤᠰᠢᠶᠠᠨ᠎ᠠ᠃ | 4. ᠨᠥᠬᠦᠪᠦᠷᠢ ᠥᠭᠬᠦ ᠶᠠᠪᠤᠴᠠ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠲᠥᠪ ᠤᠨ ᠡᠳ᠋ ᠤᠨ ᠵᠠᠰᠠᠭ ᠤᠨ ᠳᠠᠭᠠᠳᠬᠠᠯ ᠤᠨ ᠰᠦᠢᠳᠬᠡᠯ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠪᠠ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢᠨ | ᠪᠡᠯᠡ ᠠᠶᠢᠮᠠᠭ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠳᠠᠭᠠᠳᠬᠠᠯ ᠳᠠᠭᠠᠭᠠᠬᠤ ᠪᠠᠶᠢᠭᠤᠯᠤᠮᠵᠢ ᠠᠶᠢᠮᠠᠭ | ᠬᠤᠳᠠ ᠶᠢᠨ ᠱᠠᠲᠤᠨ ᠤ ᠰᠠᠯᠪᠤᠷᠢ ᠺᠣᠮᠫᠠᠨᠢ ᠶᠢᠨ ᠭᠤᠶᠤᠴᠢᠯᠠᠯ ᠢ ᠦᠨᠳᠦᠰᠦᠯᠡᠨ᠂ ᠲᠥᠪ ᠤᠨ ᠡᠳ᠋ ᠤᠨ ᠵᠠᠰᠠᠭ ᠤᠨ | ᠳᠠᠭᠠᠳᠬᠠᠯ ᠤᠨ ᠵᠠᠷᠤᠳᠠᠯ ᠤᠨ ᠱᠠᠩᠨᠠᠵᠤ ᠲᠤᠰᠠᠯᠠᠬᠤ ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠳᠠᠭᠠᠳᠬᠠᠯ ᠤᠨ ᠵᠠᠷᠤᠳᠠᠯ ᠤᠨ ᠨᠥᠬᠦᠪᠦᠷᠢ ᠶᠢᠨ ᠪᠡᠯᠡ ᠮᠥᠩᠭᠦ ᠪᠣᠯᠣᠨ ᠠᠶᠢᠮᠠᠭ ᠬᠤᠳᠠ ᠶᠢᠨ ᠱᠠᠲᠤᠨ ᠤ ᠢᠵᠢ | ᠪᠦᠷᠢᠳᠦᠭᠦᠯᠬᠦ ᠪᠡᠯᠡ ᠮᠥᠩᠭᠦ ᠶᠢ ᠳᠠᠭᠠᠳᠬᠠᠯ ᠳᠠᠭᠠᠭᠠᠬᠤ ᠪᠠᠶᠢᠭᠤᠯᠤᠮᠵᠢ ᠠᠶᠢᠮᠠᠭ ᠬᠤᠳᠠ ᠶᠢᠨ ᠱᠠᠲᠤᠨ ᠤ ᠰᠠᠯᠪᠤᠷᠢ | ᠺᠣᠮᠫᠠᠨᠢ ᠳᠤ ᠰᠠᠯᠭᠠᠨ ᠥᠭᠴᠦ᠂ ᠬᠤᠰᠢᠭᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠤᠰᠢᠭᠤ ᠰᠢᠶᠠᠨ ᠤ | ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠬᠤᠰᠢᠭᠤ ᠰᠢᠶᠠᠨ ᠤ ᠱᠠᠲᠤᠨ ᠤ ᠬᠤᠪᠢᠶᠠᠷᠢ ᠺᠣᠮᠫᠠᠨᠢ ᠳᠤ | ᠰᠠᠯᠭᠠᠨ ᠥᠭᠭᠦᠨ᠎ᠡ᠃ |