10 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠲᠤᠷᠠᠨ | ᠡᠷᠭᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠦᠭᠡᠢ | ᠢᠳᠡᠭᠡᠨ ᠤ ᠤᠬᠠᠭᠤᠯᠭ᠎ᠠ ᠶᠢᠨ ᠰᠠᠷ᠎ᠠ︾ ᠵᠢᠴᠢ ︽ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠨ ᠤᠬᠠᠭᠤᠯᠭ᠎ᠠ ᠶᠢᠨ | ᠭᠠᠷᠠᠭ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠯᠠᠭᠠᠨᠬᠠᠳᠠ ᠬᠤᠲᠠ ᠶᠢᠨ ᠣᠯᠠᠨ ᠤᠯᠤᠰ ᠤᠨ ᠬᠤᠷᠠᠯ | ᠦᠵᠡᠰᠬᠦᠯᠡᠩ ᠤᠨ ᠲᠥᠪ ᠤᠨ ᠬᠤᠶᠢᠲᠤ ᠲᠠᠯᠠᠪᠠᠶ ᠳᠤ ᠶᠠᠪᠤᠭᠳᠠᠪᠠ᠃ ᠡᠬᠢᠯᠡᠯᠲᠡ ᠶᠢᠨ ᠶᠣᠰᠣᠯᠠᠯ ᠢ ᠤᠯᠠᠭᠠᠨᠬᠠᠳᠠ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠤᠤ ᠵᠢᠶᠠᠨ ᠡᠷᠬᠢᠯᠡᠵᠦ᠂ | ᠤᠯᠠᠭᠠᠨᠬᠠᠳᠠ ᠬᠤᠳᠠ ᠶᠢᠨ ᠳᠡᠳ᠋ ᠳᠠᠷᠤᠭ᠎ᠠ ᠶᠠᠩ ᠮᠦ᠂ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ | ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠶᠠᠩ ᠫᠧᠢ ᠱᠧᠩ᠂ ᠪᠡᠭᠡᠵᠢᠩ ᠤᠨ ᠵᠦᠩ ᠯᠢᠦᠢ ᠬᠤᠸᠠ ᠰᠢᠶᠠ | ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠨ ᠲᠥᠪ ᠤᠨ ᠡᠷᠬᠢᠯᠡᠭᠴᠢ ᠰᠢᠶᠠ ᠵᠤᠤ ᠭᠠᠩ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ | ᠳᠠᠷᠤᠭ᠎ᠠ ᠬᠠᠢ ᠱᠠᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠲᠦᠮᠡᠨ ᠨᠠᠷ ᠬᠤᠷᠠᠯ ᠳᠤ ᠣᠷᠣᠯᠴᠠᠵᠤ | ᠪᠠᠶᠠᠷ ᠤᠨ ᠦᠭᠡ ᠬᠡᠯᠡᠵᠡᠢ᠃ | | | | ᠲᠤᠰ ᠤᠳᠠᠭ᠎ᠠ ᠶᠢᠨ ᠠᠵᠢᠯᠯᠠᠭ᠎ᠠ ᠨᠢ ︽ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ᠂ | ᠪᠣᠬᠢᠷᠲᠤᠯ ᠦᠭᠡᠢ ᠬᠥᠭᠵᠢᠯᠲᠡ︾᠂ ︽ᠣᠷᠭᠠᠨᠢᠭ ᠪᠦᠲᠦᠭᠡᠭᠳᠡᠬᠦᠨ ᠢ ᠭᠡᠷᠡᠴᠢᠯᠡᠨ ᠢᠲᠡᠭᠡᠯ ᠳᠠᠮᠵᠢᠭᠤᠯᠵᠤ ᠬᠡᠷᠡᠭᠯᠡᠭᠡ ᠶᠢ | ᠰᠠᠬᠢᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠪᠠ᠃ ᠠᠵᠢᠯᠯᠠᠭ᠎ᠠ ᠶᠢ ᠲᠤᠬᠠᠢ ᠶᠢᠨ ᠭᠠᠵᠠᠷ ᠲᠤᠨᠢ ᠲᠣᠭᠤᠷᠢᠨ | ᠦᠵᠡᠬᠦ᠂ ᠮᠡᠳᠡᠯᠭᠡ ᠶᠢᠨ ᠲᠠᠶᠢᠯᠤᠮᠵᠢ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ ᠦᠷᠨᠢᠭᠦᠯᠪᠡ᠃ ᠪᠥᠬᠦ | ᠣᠷᠣᠨ ᠤ 12 ᠠᠶᠢᠮᠠᠭ ᠬᠤᠲᠠ ᠶᠢᠨ ᠬᠦᠴᠦᠲᠡᠢ ᠳᠡᠮᠵᠢᠯᠭᠡ ᠪᠠᠷ ᠪᠥᠬᠦ ᠣᠷᠣᠨ ᠤ ᠨᠡᠶᠢᠲᠡ 72 ᠠᠵᠤ ᠠᠬᠤᠶᠢᠯᠠᠯ᠂ | 324 ᠦᠢᠯᠡᠳᠬᠦᠨ ᠨᠢ ᠦᠵᠡᠰᠬᠦᠯᠡᠩ ᠳᠤ ᠣᠷᠣᠯᠴᠠᠵᠠᠢ᠃ | | | | ᠠᠵᠢᠯᠯᠠᠭ᠎ᠠ ᠠᠴᠠ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠪᠣᠬᠢᠷᠲᠤᠯ ᠦᠭᠡᠢ ᠣᠷᠭᠠᠨᠢᠭ | ᠪᠦᠲᠦᠭᠡᠭᠳᠡᠬᠦᠨ ᠤ ᠭᠡᠷᠡᠴᠢᠯᠡᠯ ᠤᠨ ᠠᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠡᠭᠦᠨ ᠳᠤ ᠪᠣᠬᠢᠷᠲᠤᠯ | ᠦᠭᠡᠢ ᠢᠳᠡᠭᠡᠨ ᠤ ᠭᠡᠷᠡᠴᠢᠯᠡᠯ ᠤᠨ ᠠᠵᠤ ᠠᠬᠤᠶᠢᠯᠠᠯ ᠨᠡᠶᠢᠲᠡ 729 ᠪᠠᠶᠢᠵᠤ᠂ ᠪᠦᠲᠦᠭᠡᠭᠳᠡᠬᠦᠨ ᠤ ᠶᠡᠷᠦᠩᠬᠡᠢ | ᠲᠤᠭ᠎ᠠ 2114 ᠪᠠᠶᠢᠳᠠᠭ︔ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠠᠵᠤ ᠠᠬᠤᠶᠢᠯᠠᠯ ᠤᠨ | ᠲᠤᠭ᠎ᠠ 426 ᠪᠠᠶᠢᠵᠤ᠂ ᠪᠦᠲᠦᠭᠡᠭᠳᠡᠬᠦᠨ ᠤ ᠲᠤᠭ᠎ᠠ 2198 ᠪᠠᠶᠢᠳᠠᠭ︔ ᠪᠥᠬᠦ ᠣᠷᠣᠨ ᠤ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠨᠡᠶᠢᠲᠡ 818 | ᠪᠦᠲᠦᠭᠡᠭᠳᠡᠬᠦᠨ ᠣᠷᠣᠵᠤ᠂ ᠪᠥᠬᠦ ᠤᠯᠤᠰ ᠤᠨ ᠶᠡᠷᠦᠩᠬᠡᠢ ᠲᠣᠭᠠᠨ ᠤ 1/7 ᠶᠢ ᠡᠵᠡᠯᠡᠵᠦ᠂ ᠪᠥᠬᠦ ᠤᠯᠤᠰ ᠤᠨ | ᠨᠢᠭᠡᠳᠦᠭᠡᠷ ᠲᠤ ᠣᠷᠣᠪᠠ︔ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ 45 ᠡᠭᠦᠳᠦᠨ ᠪᠠᠶᠢᠭᠤᠯᠵᠤ᠂ ᠶᠡᠷᠦᠩᠬᠡᠢ ᠲᠠᠯᠠᠪᠠᠶ ᠨᠢ 1721.36 | ᠲᠦᠮᠡᠨ ᠮᠦ ᠳᠤ ᠬᠥᠷᠪᠡ︔ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ︵GAP︶ ᠤᠨ ᠭᠡᠷᠡᠴᠢᠯᠡᠯ ᠤᠨ ᠠᠵᠤ | ᠠᠬᠤᠶᠢᠯᠠᠯ 49 ᠪᠣᠯᠪᠠ᠃ ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠢ ᠬᠥᠭᠵᠢᠭᠦᠯᠬᠦ ᠨᠢ ᠨᠠᠮ ᠤᠨ ᠲᠥᠪ | ᠬᠤᠷᠢᠶ᠎ᠠ ᠶᠢᠨ ︽ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ | ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ︾ ᠶᠢ ᠨᠠᠶᠢᠳᠠᠪᠤᠷᠢᠵᠢᠭᠤᠯᠬᠤ ᠪᠦᠲᠦᠮᠵᠢᠲᠡᠶ ᠭᠠᠷᠳᠠᠴᠠ ᠪᠠᠶᠢᠵᠤ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠵᠢᠴᠢ ᠠᠯᠳᠠᠷᠰᠢᠯ ᠢ ᠲᠤᠶᠢᠯ ᠤᠨ ᠶᠡᠭᠡ ᠪᠠᠷ | ᠳᠡᠭᠡᠭᠰᠢᠯᠡᠭᠦᠯᠬᠦ ᠶᠢᠨ ᠬᠠᠮᠲᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠵᠢᠴᠢ ᠭᠠᠵᠠᠷ ᠣᠷᠣᠨ ᠤ ᠠᠵᠤ | ᠠᠬᠤᠢ ᠶᠢᠨ ᠬᠥᠭᠵᠢᠯᠲᠡ ᠶᠢ ᠠᠬᠢᠭᠤᠯᠪᠠ᠃ | | | | | | | | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠠᠰᠠ ᠤᠯᠠᠭᠠᠨᠬᠠᠳᠠ ᠬᠤᠲᠠ ᠳᠤ ᠪᠥᠬᠦ ᠣᠷᠣᠨ ᠤ | ᠪᠣᠬᠢᠷᠲᠤᠯ ᠦᠭᠡᠢ ᠣᠷᠭᠠᠨᠢᠭ ᠪᠠ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ᠤᠨ ᠭᠡᠷᠡᠴᠢᠯᠡᠯ ᠤᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠭᠡᠷᠡᠴᠢᠯᠡᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠤᠯᠠᠮ ᠨᠢᠭᠡ | ᠠᠯᠬᠤᠮ ᠴᠢᠩᠭᠠᠳᠬᠠᠨ᠂ ᠭᠡᠷᠡᠴᠢᠯᠡᠯ ᠤᠨ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠭᠰᠡᠨ ᠪᠠᠶᠢᠨ᠎ᠠ᠃ |