︱ ᠠᠯᠲᠠᠨ ᠨᠠᠮᠤᠷ ᠤᠨ ᠳᠠᠭᠤᠯᠠᠯ · ᠰᠢᠷᠢᠰ ᠮᠡᠳᠡᠭᠡᠯᠡᠯ ① | ᠤᠯᠠᠷᠢᠯ ᠤᠨ ᠥᠩᠭᠡ ᠰᠣᠯᠢᠭᠳᠠᠨ ᠨᠠᠯᠠᠭᠠᠷ ᠨᠠᠮᠤᠷ ᠰᠠᠭᠠᠲᠠᠬᠤ ᠪᠠᠷ ᠥᠪᠥᠷ ᠮᠣᠩᠭᠤᠯ ᠤᠨ ᠡᠬᠡ ᠭᠠᠵᠠᠷ | ᠳᠤᠯᠤᠭᠠᠨ ᠥᠩᠭᠡ ᠪᠠᠷ ᠰᠣᠯᠣᠩᠭᠠᠷᠠᠵᠤ᠂ ᠪᠤᠭᠤᠳᠠᠢ ᠶᠢᠨ ᠲᠦᠷᠦᠭᠦᠦ ᠰᠢᠷᠭᠠᠯᠲᠤᠨ᠂ ᠪᠤᠷᠴᠠᠭ ᠤᠨ ᠮᠥᠬᠦᠯᠢᠭ | ᠭᠦᠯᠳᠦᠭᠡᠨᠡᠵᠦ᠂ ᠲᠠᠷᠢᠶᠠᠨ ᠳᠤᠮᠳᠠ ᠮᠠᠰᠢᠨ ᠲᠷᠠᠺᠲ᠋ᠣᠷ ᠬᠦᠷᠴᠢᠭᠢᠨᠡᠨ᠂ ᠣᠭᠲᠠᠷᠭᠤᠢ ᠪᠠᠷ ᠨᠡᠭᠦᠳᠡᠯ ᠤᠨ ᠰᠢᠪᠠᠭᠤᠳ | ᠭᠠᠩᠭᠠᠨᠠᠯᠳᠤᠵᠤ᠂ ᠡᠯᠪᠡᠭ ᠬᠤᠷᠢᠶᠠᠯᠲᠠ ᠶᠢᠨ ᠳᠠᠭᠤᠯᠠᠯ ᠭᠠᠵᠠᠷ ᠪᠣᠯᠭᠠᠨ ᠳᠤ ᠬᠠᠩᠭᠢᠨᠠᠨ᠎ᠠ᠃ | ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤ ᠶᠢᠨ ᠦᠨᠡᠭᠡᠲᠦ ᠲᠤᠰᠬᠤᠨ ᠤ | ᠲᠦᠮᠡᠨ ᠮᠦ ᠶᠢᠨ ᠰᠢᠨ᠎ᠡ ᠰᠣᠷᠭᠤᠭ ᠡᠷᠳᠡᠨᠢ ᠰᠢᠰᠢ ᠶᠢᠨ ᠲᠠᠷᠢᠶ᠎ᠡ ᠡᠯᠪᠡᠭ ᠬᠤᠷᠢᠶᠠᠯᠲᠠ ᠣᠯᠵᠤ᠂ ᠡᠯ᠎ᠡ ᠵᠦᠢᠯ ᠤᠨ | ᠰᠢᠨ᠎ᠡ ᠮᠡᠷᠭᠡᠵᠢᠯ ᠤᠨ ᠮᠠᠰᠢᠨ ᠲᠥᠬᠦᠭᠡᠷᠦᠮᠵᠢ ᠲᠠᠷᠢᠶᠠᠨ ᠳᠤᠮᠳᠠᠭᠤᠷ ᠰᠦᠯᠵᠢᠯᠳᠦᠨ᠂ ᠲᠤᠰᠬᠤᠨ ᠤ ᠠᠷᠠᠳ ᠰᠢᠨ᠎ᠡ | ᠰᠣᠷᠭᠤᠭ ᠡᠷᠳᠡᠨᠢ ᠰᠢᠰᠢ ᠶᠢ ᠮᠠᠰᠢᠨ ᠢᠶᠠᠷ ᠮᠤᠯᠲᠤᠯᠤᠨ ᠬᠤᠷᠢᠶᠠᠵᠤ ᠦᠢᠯᠡᠳᠪᠦᠷᠢᠯᠡᠯ ᠤᠨ ᠲᠠᠰᠤᠭ ᠲᠤ ᠬᠦᠷᠭᠡᠵᠦ᠂ | ᠡᠰᠢ ᠰᠦᠷᠡᠯ ᠢ ᠨᠢ ᠬᠥᠬᠡ ᠳᠠᠷᠤᠰᠢ ᠪᠣᠯᠭᠠᠨ ᠳᠠᠷᠤᠰᠢᠭᠤᠯᠵᠤ ᠶᠠᠭᠠᠷᠠᠯᠳᠤᠨ᠎ᠠ᠃ | | | | | ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ 70 ᠲᠦᠮᠡᠨ ᠮᠦ ᠨᠠᠷᠢᠮᠤ ᠶᠢᠨ ᠲᠠᠷᠢᠶ᠎ᠡ ᠨᠡᠷᠡᠨ ᠤ | ᠭᠡᠷᠡᠯ ᠳᠤ ᠠᠯᠲᠠᠨ ᠰᠢᠷᠭᠠᠯ ᠥᠩᠭᠡ ᠪᠠᠷ ᠰᠢᠵᠢᠷᠲᠦᠨ᠂ ᠲᠣᠯᠣᠭᠠᠢ ᠪᠠᠨ ᠳᠠᠭᠠᠭᠠᠵᠤ ᠶᠠᠳᠠᠮ᠎ᠠ ᠨᠠᠬᠢᠯᠵᠠᠵᠤ᠂ ᠮᠠᠰᠢᠨ | ᠲᠷᠠᠺᠲ᠋ᠣᠷ ᠵᠢᠯᠣᠭᠤᠳᠤᠭᠰᠠᠨ ᠲᠠᠷᠢᠶᠠᠴᠢᠳ ᠬᠠᠳᠤᠵᠤ ᠬᠤᠷᠢᠶᠠᠬᠤ ᠲᠣᠮᠣ ᠮᠠᠰᠢᠨ ᠠᠴᠠ ᠳᠤᠰᠤᠭᠰᠠᠨ ᠨᠠᠷᠢᠮᠤ ᠪᠠᠨ | ᠦᠲᠦᠷᠮ᠎ᠡ ᠳᠡᠭᠡᠨ ᠣᠷᠣᠭᠤᠯᠵᠤ ᠶᠠᠭᠠᠷᠠᠯᠳᠤᠨ᠎ᠠ᠃ ᠲᠤᠰ ᠬᠤᠰᠢᠭᠤᠨ ᠤ ᠭᠤᠮᠪᠤ ᠲᠦᠰᠢᠶ᠎ᠡ ᠭᠦᠡᠭ ᠪᠠᠯᠭᠠᠰᠤ ᠶᠢᠨ | ᠮᠠ ᠵᠢᠶᠠ ᠶᠢᠩ ᠽᠢ ᠲᠤᠰᠬᠤᠨ ᠤ ᠨᠠᠮ ᠤᠨ ᠡᠭᠦᠷ ᠤᠨ ᠱᠦᠵᠢ ᠸᠠᠩ ᠶᠦᠡᠭ ᠴᠢᠶᠠᠩ ᠤᠨ ᠬᠡᠯᠡᠬᠦ ᠪᠠᠷ᠂ ᠲᠤᠰ | ᠲᠤᠰᠬᠤᠨ ᠡᠨᠡ ᠵᠢᠯ ᠪᠦᠭᠦ ᠲᠤᠰᠬᠤᠨ ᠢᠶᠠᠷ ᠢᠶᠠᠨ ᠨᠠᠷᠢᠮᠤ ᠲᠠᠷᠢᠵᠤ᠂ ᠤᠨᠠᠯᠲᠠ ᠶᠢᠨ ᠲᠠᠯ᠎ᠠ ᠪᠠᠷ ᠨᠢᠳᠤᠨᠤᠨ ᠤ ᠬᠢ | ᠠᠴᠠ ᠮᠦ ᠪᠦᠷᠢ ᠳᠤ 200 - 300 ᠵᠢᠩ ᠨᠡᠮᠡᠭᠳᠡᠵᠦ᠂ ᠤᠷᠤᠯᠭ᠎ᠠ ᠶᠢᠨ ᠲᠠᠯ᠎ᠠ ᠪᠠᠷ ᠮᠦ ᠳᠤᠮᠳᠠᠴᠢ ᠳᠤ 400 | ᠭᠠᠷᠤᠢ ᠲᠥᠭᠦᠷᠢᠭ ᠨᠡᠮᠡᠭᠳᠡᠬᠦ ᠪᠣᠯᠣᠨ᠎ᠠ ᠭᠡᠵᠦ ᠪᠠᠶᠢᠯ᠎ᠠ᠃ | ᠬᠢᠩᠭᠠᠨ ᠠᠶᠢᠮᠠᠭ ᠤᠨ 115 ᠲᠦᠮᠡᠨ ᠮᠦ ᠤᠰᠤᠨ ᠲᠤᠲᠤᠷᠭ᠎ᠠ ᠬᠠᠳᠤᠵᠤ ᠬᠤᠷᠢᠶᠠᠬᠤ ᠬᠤᠭᠤᠴᠠᠭᠠᠨ ᠳᠤ | ᠣᠷᠣᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠷᠭᠠᠯᠲᠤᠨ ᠬᠠᠯᠢᠭᠤᠷᠠᠭᠰᠠᠨ ᠤᠰᠤᠨ | ᠲᠤᠲᠤᠷᠭ᠎ᠠ ᠶᠢᠨ ᠲᠠᠷᠢᠶᠠᠨ ᠳᠤ ᠬᠠᠳᠤᠬᠤ᠂ ᠮᠥᠯᠢᠬᠦ᠂ ᠡᠰᠢ ᠰᠦᠷᠡᠯ ᠢ ᠭᠡᠮᠭᠡᠯᠡᠭᠦ᠂ ᠲᠡᠭᠡᠭᠡᠪᠦᠷᠢᠯᠡᠬᠦ ᠶᠢ ᠨᠢᠭᠡ | ᠴᠣᠭᠴᠠᠵᠢᠭᠤᠯᠤᠭᠰᠠᠨ ᠲᠣᠮᠣ ᠭᠡᠯᠪᠡᠷᠢ ᠶᠢᠨ ᠮᠠᠰᠢᠨ ᠨᠠᠭᠠᠰᠢ ᠴᠠᠭᠠᠰᠢ ᠰᠦᠯᠵᠢᠯᠳᠦᠨ᠂ ᠪᠦᠭᠦ ᠶᠠᠪᠤᠴᠠ ᠶᠢᠨ ᠠᠵᠢᠯ ᠢ | ᠪᠦᠷ ᠮᠠᠰᠢᠨ ᠢᠶᠠᠷ ᠪᠡᠶᠡᠯᠡᠭᠦᠯᠵᠦ ᠪᠠᠶᠢᠯ᠎ᠠ᠃ ᠲᠠᠷᠢᠶ᠎ᠠ ᠪᠠᠨ ᠬᠤᠷᠢᠶᠠᠬᠤ ᠪᠠᠷ ᠮᠠᠰᠢᠨ ᠬᠦᠯᠢᠶᠡᠵᠦ ᠵᠣᠭᠰᠣᠭᠰᠠᠨ | ᠲᠠᠷᠢᠶᠠᠴᠢᠨ ᠪᠠᠢ ᠷᠦᠢ ᠱᠠᠨ ᠤ ᠬᠡᠯᠡᠬᠦ ᠪᠠᠷ᠂ ᠲᠡᠷᠡ ᠡᠨᠡ ᠵᠢᠯ 200 ᠭᠠᠷᠤᠢ ᠮᠦ ᠤᠰᠤᠨ ᠲᠤᠲᠤᠷᠭ᠎ᠠ ᠲᠠᠷᠢᠵᠤ᠂ | ᠵᠢᠱᠢᠯᠲᠡ ᠪᠠᠷ ᠮᠦ ᠨᠢᠭᠡᠴᠢ ᠶᠢᠨ ᠤᠨᠠᠯᠲᠠ ᠨᠢ 1100 ᠭᠠᠷᠤᠢ ᠵᠢᠩ ᠳᠤ ᠬᠦᠷᠴᠦ᠂ 30 ᠭᠠᠷᠤᠢ ᠲᠦᠮᠡᠨ | ᠲᠥᠭᠦᠷᠢᠭ ᠤᠨ ᠤᠷᠤᠯᠭ᠎ᠠ ᠣᠯᠬᠤ ᠳᠤ ᠠᠰᠠᠭᠤᠳᠠᠯ ᠦᠭᠡᠢ ᠭᠡᠵᠦ ᠪᠠᠶᠢᠯ᠎ᠠ᠃ | ᠁ | ᠪᠠᠰᠠ ᠨᠢᠭᠡ ᠵᠢᠯ ᠤᠨ ᠡᠯᠪᠡᠭ ᠬᠤᠷᠢᠶᠠᠯᠲᠠ ᠪᠠᠨ ᠤᠭᠲᠤᠭᠰᠠᠨ ᠮᠠᠯᠴᠢᠨ ᠲᠠᠷᠢᠶᠠᠴᠢᠳ ᠮᠢᠨᠢ ᠤᠨᠠᠭᠰᠠᠨ | ᠮᠠᠯᠠᠭᠠᠢ ᠪᠠᠨ ᠠᠪᠬᠤ ᠵᠠᠪ ᠦᠭᠡᠢ ᠶᠠᠭᠠᠷᠠᠯᠲᠠᠶᠢᠬᠠᠨ ᠠᠵᠢᠯᠯᠠᠵᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠯᠠᠩ ᠤᠨ ᠪᠠᠶᠢᠳᠠᠯ ᠤᠨ | ᠲᠣᠬᠢᠷᠠᠭᠤᠯᠤᠯᠲᠠ ᠶᠢ ᠦᠨᠳᠦᠰᠦᠯᠡᠪᠡᠯ᠂ 9 ᠰᠠᠷ᠎ᠠ ᠶᠢᠨ 20 ᠤ ᠡᠳᠦᠷ ᠪᠤᠯᠲᠠᠯ᠎ᠠ ᠮᠠᠨ ᠤ ᠣᠷᠣᠨ ᠨᠢᠭᠡᠨᠲᠡ | 1191.6 ᠲᠦᠮᠡᠨ ᠮᠦ ᠶᠢᠨ ᠨᠠᠮᠤᠷ ᠤᠨ ᠠᠮᠤ ᠲᠠᠷᠢᠶ᠎ᠠ ᠪᠠᠨ ᠬᠤᠷᠢᠶᠠᠪᠠ᠂ ᠡᠭᠦᠨ ᠳᠤ ᠪᠤᠭᠤᠳᠠᠢ 492.9 ᠲᠦᠮᠡᠨ | ᠮᠦ᠂ ᠡᠷᠳᠡᠨᠢ ᠰᠢᠰᠢ 195.2 ᠲᠦᠮᠡᠨ ᠮᠦ᠂ ᠰᠢᠷ᠎ᠠ ᠪᠤᠷᠴᠠᠭ 21.2 ᠲᠦᠮᠡᠨ ᠮᠦ᠂ ᠤᠰᠤᠨ ᠲᠤᠲᠤᠷᠭ᠎ᠠ 3000 | ᠮᠦ᠂ ᠲᠥᠮᠥᠰᠥ 171.6 ᠲᠦᠮᠡᠨ ᠮᠦ᠂ ᠡᠯᠳᠡᠪ ᠠᠮᠤ ᠡᠯᠳᠡᠪ ᠪᠤᠷᠴᠠᠭ 310.4 ᠲᠦᠮᠡᠨ ᠮᠦ ᠳᠤ ᠬᠦᠷᠴᠡᠢ᠃ | ᠡᠭᠦᠨ ᠠᠴᠠ ᠭᠠᠳᠠᠨ᠎ᠠ ᠲᠣᠰᠣᠯᠢᠭ ᠲᠠᠷᠢᠮᠠᠯ ᠤᠨ ᠬᠤᠷᠢᠶᠠᠯᠲᠠ ᠴᠦ 282 ᠲᠦᠮᠡᠨ ᠮᠦ ᠳᠤ ᠬᠦᠷᠴᠡᠢ᠃ | ᠮᠠᠨ ᠤ ᠣᠷᠣᠨ ᠤᠯᠤᠰ ᠤᠨ ᠴᠢᠬᠤᠯᠠ ︽ᠠᠮᠤ ᠶᠢᠨ ᠰᠠᠩ︾ ᠪᠣᠯᠤᠭᠰᠠᠨ ᠤ ᠬᠤᠪᠢ ᠳᠤ᠂ ᠠᠮᠤ ᠪᠤᠳᠠᠭᠠᠨ ᠤ | ᠦᠢᠯᠡᠳᠪᠦᠷᠢᠯᠡᠯ ᠳᠤ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ 6 ᠵᠢᠯ ᠳᠠᠷᠠᠭᠠᠯᠠᠨ 700 ᠳ᠋ᠦᠩᠰᠢᠭᠤᠷ | ᠵᠢᠩ ᠢ ᠲᠠᠪᠠᠨ᠂ 2023 ᠣᠨ ᠳᠤ 791.6 ᠳ᠋ᠦᠩᠰᠢᠭᠤᠷ ᠵᠢᠩ ᠳᠤ ᠬᠦᠷᠴᠦ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ | ᠪᠦᠭᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ︽21 ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠬᠤ︾ ᠶᠢ ᠪᠠᠲᠤᠯᠠᠬᠤ ᠶᠢᠨ ᠲᠥᠯᠥᠭᠡ᠂ ᠡᠨᠡ ᠵᠢᠯ ᠮᠠᠨ ᠤ ᠣᠷᠣᠨ 21 ᠳ᠋ᠥᠡᠭᠰᠢᠭᠤᠷ ᠲᠥᠭᠦᠷᠢᠭ ᠤᠨ ᠪᠡᠯᠡ | ᠮᠥᠩᠭᠦ ᠲᠣᠬᠢᠷᠠᠭᠤᠯᠵᠤ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠭᠠᠮᠰᠢᠭ ᠠᠴᠠ ᠠᠪᠤᠷᠠᠬᠤ ᠡᠯ᠎ᠡ ᠵᠦᠢᠯ | ᠤᠨ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ᠂ ᠲᠦᠷᠦᠭᠦᠬᠡᠨ ᠤᠯᠤᠰ ᠠᠴᠠ ᠪᠠᠰᠠ ︽ᠨᠢᠭᠡ ᠰᠦᠷᠴᠢᠯᠲᠡ | ᠪᠠᠷ ᠤᠯᠠᠨ ᠲᠠᠯ᠎ᠠ ᠶᠢ ᠠᠬᠢᠭᠤᠯᠬᠤ︾ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠶᠢ 1.583 ᠳ᠋ᠥᠡᠭᠰᠢᠭᠤᠷ | ᠲᠥᠭᠦᠷᠢᠭ ᠪᠠᠭᠤᠯᠭᠠᠵᠠᠢ᠃ ᠪᠦᠭᠦ ᠣᠷᠣᠨ ᠳᠤ ︽ᠰᠠᠶᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠰᠠᠶᠢᠨ | ᠡᠭᠦᠯᠳᠡᠷ ᠢ ᠪᠣᠶᠢᠵᠢᠭᠤᠯᠬᠤ᠂ ᠰᠠᠶᠢᠨ ᠮᠡᠷᠭᠡᠵᠢᠯ ᠢ ᠳᠡᠯᠭᠡᠷᠡᠭᠦᠯᠬᠦ᠂ ᠰᠠᠶᠢᠨ ᠮᠠᠰᠢᠨ ᠲᠥᠬᠦᠭᠡᠷᠦᠮᠵᠢ ᠶᠢ ᠲᠣᠬᠢᠷᠠᠭᠤᠯᠬᠤ᠂ | ᠰᠠᠶᠢᠨ ᠳᠦᠷᠢᠮ ᠢ ᠬᠡᠷᠡᠭᠵᠢᠭᠦᠯᠬᠦ︾ ᠵᠡᠷᠭᠡ ︽ᠲᠠᠪᠤᠨ ᠰᠠᠶᠢᠨ︾ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ | ᠣᠳᠣᠬᠠᠨ ᠪᠤᠯᠲᠠᠯ᠎ᠠ ᠨᠡᠶᠢᠲᠡ 5237 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠨ ᠭᠠᠵᠠᠷ 3350 ᠲᠦᠮᠡᠨ ᠮᠦ | ᠶᠢ ᠳᠠᠪᠠᠨ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠷᠢᠶᠠᠨ ᠭᠠᠵᠠᠷ 2787 ᠲᠦᠮᠡᠨ ᠮᠦ ᠳᠤ | ᠭᠦᠷᠴᠠᠢ︔ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ 60 ᠪᠠᠶᠢᠭᠤᠯᠵᠤ᠂ 9 ᠲᠥᠷᠥᠯ ᠤᠨ ᠠᠮᠤ | ᠪᠤᠳᠠᠭ᠎ᠠ ᠲᠣᠰᠣᠯᠢᠭ ᠲᠠᠷᠢᠮᠠᠯ ᠤᠨ 147 ᠵᠦᠢᠯ ᠤᠨ ᠰᠠᠶᠢᠨ ᠦᠷ᠎ᠡ ᠶᠢ ᠰᠣᠩᠭᠤᠨ ᠲᠦᠭᠡᠮᠡᠯᠵᠢᠭᠦᠯᠵᠦ᠂ ᠪᠦᠭᠦ | ᠣᠷᠣᠨ ᠤ ᠲᠠᠷᠢᠶ᠎ᠠ ᠲᠥᠮᠥᠰᠥ ᠶᠢᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ 98% ᠶᠢ ᠳᠠᠪᠠᠪᠠ︔ ᠪᠦᠭᠦ | ᠣᠷᠣᠨ ᠳᠤ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠰᠢᠰᠲ᠋ᠧᠮ ᠪᠠ ᠥᠨᠳᠥᠷ ᠴᠢᠳᠠᠪᠬᠢᠲᠤ ᠦᠷ᠎ᠡ ᠰᠠᠴᠤᠬᠤ | ᠮᠠᠰᠢᠨ ᠢ 2.35 ᠲᠦᠮᠡᠨ ᠰᠠᠭᠤᠷᠢ ᠰᠢᠨ᠎ᠡ ᠪᠠᠷ ᠨᠡᠮᠡᠭᠳᠡᠭᠦᠯᠵᠦ᠂ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ | ᠰᠢᠰᠲ᠋ᠧᠮ ᠢ ᠬᠡᠷᠡᠭᠯᠡᠵᠦ ᠳᠠᠷᠢᠭᠰᠠᠨ ᠲᠠᠷᠢᠮᠠᠯ ᠤᠨ ᠲᠠᠯᠠᠪᠠᠢ 1500 ᠲᠦᠮᠡᠨ ᠮᠦ ᠶᠢ ᠳᠠᠪᠠᠵᠤ᠂ ᠨᠢᠭᠲᠠ ᠳᠠᠷᠢᠭᠰᠠᠨ | ᠪᠠᠶᠢᠳᠠᠯ ᠳᠣᠣᠷ᠎ᠠ ᠴᠢᠬᠢ ᠪᠦᠷᠢᠨ ᠪᠠᠶᠢᠬᠤ ᠶᠢ ᠪᠦᠲᠦᠮᠵᠢᠲᠡᠶ ᠪᠠᠲᠤᠯᠠᠪᠠ︔ 11 ᠲᠥᠷᠥᠯ ᠤᠨ ᠲᠠᠷᠢᠮᠠᠯ ᠤᠨ 27 | ᠵᠦᠢᠯ ᠤᠨ ᠮᠡᠷᠭᠡᠵᠢᠯ ᠤᠨ ᠵᠠᠭᠪᠤᠷ ᠢ ᠳᠡᠯᠭᠡᠷᠡᠭᠦᠯᠬᠦ ᠪᠠᠷ ᠳᠠᠮᠵᠢᠨ ᠲᠠᠷᠢᠶᠠᠨ ᠴᠢᠬᠢ ᠶᠢᠨ ᠨᠢᠭᠲᠠᠴᠠ ᠶᠢ ᠵᠣᠬᠢᠰᠲᠠᠢ | ᠨᠡᠮᠡᠭᠳᠡᠭᠦᠯᠦᠨ᠂ ᠣᠨᠣᠴᠠᠲᠠᠢ ᠲᠣᠬᠢᠷᠠᠭᠤᠯᠤᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ | ᠥᠨᠳᠥᠷ ᠤᠨᠠᠯᠲᠠ ᠶᠢᠨ ᠮᠡᠷᠭᠡᠵᠢᠯ ᠢ ᠰᠢᠯᠢᠳᠡᠭᠵᠢᠭᠦᠯᠦᠨ ᠬᠤᠷᠠᠮᠳᠤᠭᠤᠯᠵᠤ ᠵᠢᠱᠢᠶ᠎ᠡ ᠦᠵᠡᠭᠦᠯᠦᠨ ᠳᠡᠯᠭᠡᠷᠡᠭᠦᠯᠪᠡ︔ | ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ ᠪᠠᠶᠢᠭ᠎ᠠ | ᠲᠠᠷᠢᠶᠠᠨ ᠭᠠᠵᠠᠷ ᠤᠨ ᠲᠠᠯᠠᠪᠠᠶ 2800 ᠲᠦᠮᠡᠨ ᠮᠦ ᠶᠢ ᠳᠠᠪᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠠᠴᠠ ︽ᠨᠢᠭᠡ ᠵᠦᠢᠯ ᠤᠨ ᠲᠠᠷᠢᠮᠠᠯ ᠳᠤ ᠨᠢᠭᠡ ᠲᠤᠰᠬᠠᠢ ᠮᠡᠷᠭᠡᠵᠢᠯᠲᠡᠨ︾ ᠤ ᠮᠡᠷᠭᠡᠵᠢᠯ ᠤᠨ ᠪᠠᠲᠤᠯᠠᠭ᠎ᠠ ᠶᠢᠨ | ᠬᠠᠷᠠᠯᠲᠠ ᠲᠣᠭᠲᠠᠭᠠᠵᠤ᠂ 7 ᠲᠦᠷᠦᠯ ᠤᠨ ᠲᠠᠷᠢᠮᠠᠯ ᠤᠨ ᠬᠦᠷᠢᠶᠡᠨ ᠳᠤ ᠤᠯᠤᠰ ᠤᠨ ᠲᠠᠰ ᠤᠨ ᠠᠺᠠᠳᠧᠮᠢᠴᠢ ᠪᠤᠶᠤ | ᠲᠤᠰᠬᠠᠢ ᠮᠡᠷᠭᠡᠵᠢᠯᠲᠡᠨ ᠤ ᠪᠦᠯᠭᠦᠮ ᠲᠠᠢ ᠬᠠᠮᠲᠤᠷᠠᠯᠴᠠᠭ᠎ᠠ ᠥᠷᠨᠢᠭᠦᠯᠵᠦ᠂ ᠠᠮᠤ ᠪᠤᠳᠠᠭᠠᠨ ᠤ ᠤᠨᠠᠯᠲᠠ ᠶᠢ | ᠨᠡᠮᠡᠭᠳᠡᠭᠦᠯᠦᠨ ᠵᠢᠱᠢᠯᠲᠡ ᠶᠢ ᠲᠣᠭᠲᠠᠪᠤᠷᠢᠵᠢᠭᠤᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠳᠤ | ᠬᠦᠴᠦᠨ ᠨᠡᠮᠡᠷᠢᠯᠡᠭᠰᠡᠨ ᠪᠠᠶᠢᠨ᠎ᠠ᠃ | ᠲᠠᠷᠢᠶ᠎ᠠ ᠲᠥᠮᠥᠰᠥ ᠦᠷᠡᠯᠡᠨ ᠪᠣᠯᠪᠠᠰᠤᠷᠠᠵᠤ ᠡᠯᠪᠡᠭ ᠬᠤᠷᠢᠶᠠᠯᠲᠠ ᠶᠢ ᠤᠭᠲᠤᠨ᠎ᠠ᠃ ᠪᠦᠭᠦ ᠣᠷᠣᠨ ᠤ ᠡᠯ᠎ᠡ | ᠭᠠᠵᠠᠷ ᠤᠨ ᠬᠢᠨ ᠨᠠᠮᠤᠷ ᠤᠨ ᠬᠤᠷᠢᠶᠠᠯᠲᠠ ᠶᠢᠨ ᠠᠵᠢᠯ ᠢ ᠨᠠᠷᠢᠨ ᠨᠢᠮᠪᠠᠢ ᠴᠢᠩᠭ᠎ᠠ ᠠᠳᠬᠤᠵᠤ᠂ ᠣᠶᠢᠷ᠎ᠠ ᠶᠢᠨ | ᠬᠤᠭᠤᠴᠠᠭᠠᠨ ᠤ ᠬᠤᠷ᠎ᠠ ᠪᠣᠷᠣᠭᠠᠨ ᠦᠷᠭᠦᠯᠵᠢᠯᠡᠭᠰᠡᠨ ᠠᠭᠤᠷ ᠠᠮᠢᠰᠬᠤᠯ ᠤᠨ ᠠᠰᠢᠭ ᠦᠭᠡᠢ ᠨᠥᠯᠥᠭᠡ ᠶᠢ | ᠬᠦᠴᠦᠯᠡᠨ ᠠᠷᠭᠠᠴᠠᠵᠤ᠂ ᠲᠠᠷᠢᠶ᠎ᠠ ᠲᠥᠮᠥᠰᠥ ᠶᠢᠨ ᠡᠯᠪᠡᠭ ᠬᠤᠷᠢᠶᠠᠯᠲᠠ ᠶᠢ ︽ᠬᠥᠮᠥᠷᠭᠡ ᠶᠢᠨ ᠡᠯᠪᠡᠭ ᠬᠤᠷᠢᠶᠠᠯᠲᠠ︾ | ᠪᠤᠯᠭᠠᠬᠤ ᠪᠠᠷ ᠬᠦᠴᠦᠯᠡᠨ ᠮᠤᠩᠭᠠᠨᠢᠨ᠎ᠠ᠃ |