2024 ᠣᠨ ᠤ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠬᠠᠶᠢᠷ᠎ᠠ ᠠᠯᠲᠠᠨ ᠨᠠᠮᠤᠷ ᠤᠨ ᠪᠡᠭᠡᠵᠢᠩ ᠳᠠᠬᠢ ᠠᠶᠠᠯᠠᠯ︾ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠵᠡᠷᠭᠡ ᠰᠢᠷᠢᠰ ᠠᠵᠢᠯᠯᠠᠭ᠎ᠠ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/11
      ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠳᠥᠷᠪᠡᠨ ᠵᠦᠢᠯ ᠤᠨ ᠠᠵᠢᠯᠯᠠᠭ᠎ᠠ︾ ᠶᠢ ᠥᠷᠨᠢᠭᠦᠯᠬᠦ ᠲᠤᠬᠠᠢ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ 10 ᠰᠠᠷ᠎ᠠ ᠶᠢᠨ 11 ᠤ ᠡᠳᠦᠷ ᠪᠡᠭᠡᠵᠢᠩ ᠤᠨ ᠣᠯᠢᠮᠫᠢᠺ ᠤᠨ ᠴᠡᠴᠡᠷᠯᠢᠭ ᠲᠤ 2024 ᠣᠨ ᠤ ︽ᠪᠡᠭᠡᠵᠢᠩ ᠮᠣᠩᠭᠤᠯ ᠤᠨ ᠵᠠᠭᠤᠨ ᠠᠵᠤ ᠠᠬᠤᠶᠢᠯᠠᠯ ᠤᠨ ᠬᠠᠶᠢᠷ᠎ᠠ ᠠᠯᠲᠠᠨ ᠨᠠᠮᠤᠷ ᠤᠨ ᠪᠡᠭᠡᠵᠢᠩ ᠳᠠᠬᠢ ᠠᠶᠠᠯᠠᠯ︾ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠲᠠᠨᠢᠯᠴᠠᠭᠤᠯᠬᠤ ᠵᠢᠴᠢ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠫᠠᠶᠢᠰᠠ ᠣᠯᠭᠤᠬᠤ ᠵᠡᠷᠭᠡ ᠠᠵᠢᠯᠯᠠᠭ᠎ᠠ ᠥᠷᠨᠢᠭᠦᠯᠪᠡ᠃ 
1.webp.png
       ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠬᠦᠭᠵᠢᠳᠡᠭ᠃ ᠥᠪᠥᠷ ᠮᠣᠩᠭᠤᠯ ᠣᠳᠣᠬᠠᠨ ᠳᠤ ᠶᠠᠭ 8 ᠲᠣᠮᠣ ᠠᠵᠤ ᠦᠢᠯᠡᠰ ᠤᠨ ᠰᠦᠷᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠡᠭᠦᠳᠴᠦ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠲᠡᠶᠢᠰᠢ ᠤᠷᠤᠭᠰᠢᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠣᠶᠢᠷ᠎ᠠ ᠶᠢᠨ ᠵᠢᠯ ᠠᠴᠠ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ︽ᠬᠤᠶᠠᠷ ᠰᠠᠭᠤᠷᠢᠨ ᠭᠠᠵᠠᠷ︾ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠤᠯᠤᠭᠴᠢ ᠶᠢ ᠴᠢᠩᠭᠠᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ᠂ ᠨᠡᠷᠡᠲᠦ ᠲᠡᠮᠳᠡᠭᠲᠦ ᠶᠢ ᠪᠤᠢ ᠪᠣᠯᠭᠠᠬᠤ ᠪᠠᠷ ᠳᠠᠮᠵᠢᠭᠤᠯᠵᠤ᠂ ᠤᠷᠢᠳ ᠬᠤᠵᠢᠳ ᠱᠸᠦ ᠨᠥ᠋ᠩ᠂ ᠵᠢᠩ ᠨᠥ᠋ᠩ ᠵᠡᠷᠭᠡ ᠪᠡᠭᠡᠵᠢᠩ ᠬᠤᠳᠠ ᠶᠢᠨ 400 ᠠᠵᠤ ᠠᠬᠤᠶᠢᠯᠠᠯ ᠢ ᠥᠪᠥᠷ ᠮᠣᠩᠭᠤᠯ ᠳᠤ ᠣᠷᠣᠭᠤᠯᠵᠤ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠠᠮᠵᠢᠯᠴᠠᠭ᠎ᠠ ᠶᠢ ᠥᠷᠭᠡᠨ ᠬᠦᠷᠢᠶ᠎ᠡ ᠴᠠᠷᠠᠭ᠎ᠠ᠂ ᠭᠦᠨ ᠳᠠᠪᠬᠤᠷᠭ᠎ᠠ ᠲᠡᠶᠢᠰᠢ ᠥᠷᠭᠡᠳᠬᠡᠬᠦ ᠶᠢ ᠬᠦᠴᠦᠲᠡᠢ ᠠᠬᠢᠭᠤᠯᠵᠠᠢ᠃ 
2.webp.png
       ᠲᠣᠰ ᠤᠳᠠᠭᠠᠨ ᠤ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠬᠠᠶᠢᠷ᠎ᠠ ᠠᠯᠲᠠᠨ ᠨᠠᠮᠤᠷ ᠤᠨ ᠪᠡᠭᠡᠵᠢᠩ ᠳᠠᠬᠢ ᠠᠶᠠᠯᠠᠯ︾ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠵᠡᠷᠭᠡ ᠰᠢᠷᠢᠰ ᠠᠵᠢᠯᠯᠠᠭ᠎ᠠ  ᠨᠢ ᠡᠨᠡ ᠵᠢᠯ ᠤᠨ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠤᠷᠢᠳ ᠬᠤᠵᠢᠳ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠳᠤ ᠠᠵᠤ ᠦᠢᠯᠡᠰ ᠤᠨ ᠵᠣᠯᠭᠠᠯᠴᠠᠭ᠎ᠠ ᠶᠢᠨ ᠠᠵᠢᠯᠯᠠᠭ᠎ᠠ ᠥᠷᠨᠢᠭᠦᠯᠦᠭᠡᠳ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠰᠠᠭᠤᠷᠢᠨ ᠳᠡᠭᠡᠷ᠎ᠡ ᠡᠷᠭᠢᠯᠡᠭᠰᠡᠨ ᠨᠢᠭᠡ ᠤᠳᠠᠭᠠᠨ ᠤ ᠴᠢᠬᠤᠯᠠ ᠶᠡᠭᠡ ᠠᠵᠤ ᠦᠢᠯᠡᠰ ᠤᠨ ᠬᠠᠮᠵᠢᠯᠴᠠᠭᠠᠨ ᠤ ᠠᠵᠢᠯᠯᠠᠭ᠎ᠠ ᠪᠣᠯᠣᠨ᠎ᠠ᠃ ᠬᠤᠶᠠᠷ ᠭᠠᠵᠠᠷ ᠤᠨ 20 ᠭᠠᠷᠤᠢ ᠠᠵᠤ ᠠᠬᠤᠶᠢᠯᠠᠯ ᠤᠨ ᠭᠡᠷ᠎ᠡ ᠲᠣᠭᠲᠠᠬᠤ ᠳᠤ ᠣᠷᠣᠯᠴᠠᠬᠤ ᠶᠢ ᠲᠠᠲᠠᠵᠤ᠂ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠭᠰᠠᠨ ᠲᠤᠭ᠎ᠠ 33 ᠳ᠋ᠦᠩᠰᠢᠭᠤᠷ ᠲᠥᠭᠦᠷᠢᠭ ᠲᠤ ᠬᠦᠷᠴᠦ᠂ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠳ᠋ᠰᠢᠭᠦᠯᠦᠯᠲᠡ᠂ ᠬᠡᠷᠡᠭᠯᠡᠭᠡ ᠭᠦᠢᠯᠭᠡᠭᠡ ᠵᠡᠷᠭᠡ ᠤᠯᠠᠨ ᠬᠦᠷᠢᠶ᠎ᠡ ᠴᠠᠷᠠᠭᠠᠨ ᠳᠤ ᠬᠤᠯᠪᠣᠭᠳᠠᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠠᠯᠠᠰᠢᠨ ᠦᠬᠡᠷ᠂ ᠠᠯᠠᠰᠢᠨ ᠬᠤᠨᠢ᠂ ᠰᠦ ᠶᠢᠨ ᠦᠢᠯᠡᠰ᠂ ᠲᠥᠮᠥᠰᠥ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠭᠤᠣᠯᠳᠠᠯᠭ᠎ᠠ  ᠲᠠᠢ ᠠᠵᠤ ᠦᠢᠯᠡᠰ ᠤᠨ ᠬᠡᠯᠬᠢᠶ᠎ᠡ ᠶᠢ ᠲᠠᠨᠢᠯᠴᠠᠭᠤᠯᠬᠤ ᠪᠠᠷ ᠳᠡᠮᠵᠢᠨ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠵᠤ᠂ 43 ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠳᠡᠯᠭᠡᠭᠦᠷ ᠲᠤ ᠫᠠᠶᠢᠰᠠ ᠣᠯᠭᠤᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠵᠣᠯᠭᠠᠯᠴᠠᠭ᠎ᠠ ᠶᠢ ᠦᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠠᠮᠵᠢᠯᠴᠠᠭ᠎ᠠ ᠪᠠ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠣᠯᠠᠨ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠶᠢ ᠭᠦᠢᠴᠡᠳ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠳ ᠤᠨ ᠰᠠᠨᠠᠯ ᠨᠢᠭᠡᠲᠡᠢ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠤᠳ ᠢᠯᠡᠷᠬᠡᠶᠢᠯᠡᠬᠦ ᠳᠡᠭᠡᠨ᠂ ᠡᠨᠡ ᠪᠣᠯ ᠬᠤᠶᠠᠷ ᠭᠠᠵᠠᠷ ᠤᠨ ᠨᠢᠭᠡ ᠤᠳᠠᠭᠠᠨ ᠤ ᠣᠯᠳᠠᠰᠢ ᠦᠭᠡᠢ ᠳᠡᠯᠭᠡᠨ ᠦᠵᠡᠭᠦᠯᠬᠦ ᠲᠣᠬᠢᠶᠠᠯ ᠮᠥᠨ᠂ ᠡᠨᠡ ᠨᠢ ᠭᠠᠵᠠᠷ ᠣᠷᠣᠨ ᠪᠠ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠳᠤ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠪᠥᠬᠦ ᠬᠦᠷᠢᠶ᠎ᠡ ᠴᠠᠷᠠᠭᠠᠨ ᠳᠤ ᠬᠠᠮᠵᠢᠯᠴᠠᠬᠤ᠂ ᠨᠠᠷᠢᠯᠢᠭᠵᠢᠭᠤᠯᠤᠨ ᠵᠣᠯᠭᠠᠭᠤᠯᠬᠤ᠂ ᠪᠠᠶᠢᠩᠭᠤᠵᠢᠭᠤᠯᠤᠨ ᠠᠬᠢᠭᠤᠯᠬᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠪᠠᠶᠢᠷᠢᠰᠢᠯ ᠢ ᠨᠡᠭᠡᠭᠡᠭᠰᠡᠨ ᠪᠠᠶᠢᠨ᠎ᠠ ᠭᠡᠵᠡᠢ᠃ 
3.webp.png
       ᠳᠠᠷᠠᠭᠠᠴᠢ ᠶᠢᠨ ᠠᠯᠬᠤᠮ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠦᠷᠭᠦᠯᠵᠢᠯᠡᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠰᠢᠨ᠎ᠡ ᠵᠠᠮ ᠢ ᠨᠡᠭᠡᠭᠡᠵᠦ᠂ ᠳᠤᠮᠳᠠᠳᠤ ᠤᠷᠤᠰᠬᠠᠯ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ᠂ ᠠᠵᠤ ᠦᠢᠯᠡᠰ ᠤᠨ ᠰᠦᠷᠦᠭᠵᠢᠯ ᠢ ᠴᠣᠭᠴᠠᠯᠠᠬᠤ᠂ ᠬᠡᠷᠡᠭᠯᠡᠭᠡ ᠪᠠᠷ ᠲᠠᠷᠢᠶᠠᠴᠢᠳ ᠢ ᠬᠠᠪᠰᠤᠷᠤᠨ ᠲᠡᠳᠬᠦᠵᠦ ᠣᠷᠣᠯᠭ᠎ᠠ ᠶᠢ  ᠨᠢ ᠨᠡᠮᠡᠭᠳᠡᠭᠦᠯᠬᠦ ᠪᠠ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ᠂ ᠶᠡᠭᠡ ᠬᠠᠮᠲᠤᠷᠠᠯᠴᠠᠭ᠎ᠠ ᠶᠢ ᠠᠬᠢᠭᠤᠯᠵᠤ ᠶᠡᠭᠡ ᠬᠥᠭᠵᠢᠯᠲᠡ ᠶᠢ ᠠᠬᠢᠭᠤᠯᠤᠨ᠎ᠠ᠃
4.webp.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号