ᠬᠠᠳᠤᠯᠠᠩ ᠡᠪᠡᠰᠦ ᠬᠠᠯᠢᠭᠤᠷᠠᠨ ᠨᠠᠶᠢᠭᠤᠵᠤ ᠥᠨᠢᠷ ᠥᠰᠦᠯᠲᠡ ᠶᠢ ᠪᠡᠯᠭᠡᠳᠡᠨ᠎ᠡ
ᠨᠡᠶᠢᠲᠡᠯᠡᠭᠰᠡᠨ ᠴᠠᠭ᠄
2024/10/11
      ︱ ᠠᠯᠳᠠᠨ ᠨᠠᠮᠤᠷ ᠤᠨ ᠳᠠᠭᠤᠯᠠᠯ·ᠰᠢᠷᠢᠰ ᠮᠡᠳᠡᠭᠡᠯᠡᠯ ②      ᠠᠭᠤᠯᠠ ᠭᠤᠣᠯ ᠤᠨ ᠥᠩᠭᠡ ᠢᠯᠭᠠᠷᠠᠭᠰᠠᠨ ᠠᠯᠳᠠᠨ ᠨᠠᠮᠤᠷ ᠲᠤ ᠬᠥᠳᠡᠭᠡ ᠨᠤᠲᠤᠭ ᠢᠶᠠᠷ ᠬᠠᠳᠤᠯᠠᠩ ᠤᠨ ᠠᠵᠢᠯ ᠢᠳᠡ ᠶᠠᠪᠤᠭᠳᠠᠵᠤ᠂ ᠠᠯᠤᠰ ᠠᠴᠠ ᠭᠦᠳᠡᠯᠮᠤᠷᠢ ᠶᠢᠨ ᠲᠠᠭᠤᠨ ᠬᠠᠨᠬᠭᠢᠨᠠᠨ᠂ ᠮᠠᠯᠴᠢᠨ ᠲᠠᠷᠢᠶᠠᠴᠢᠳ ᠶᠠᠳᠠᠷᠠᠯᠲᠠᠢ ᠠᠳᠠᠯ᠎ᠡ ᠵᠢᠷᠭᠠᠯᠲᠠᠢ ᠬᠠᠳᠤᠵᠤ ᠪᠣᠭᠤᠵᠢᠯᠠᠬᠤ ᠠᠵᠢᠯ ᠳᠠᠭᠠᠨ ᠮᠤᠩᠭᠠᠨᠢᠨ᠎ᠠ᠃ ᠡᠨᠡ ᠵᠢᠯ ᠪᠣᠷᠣᠭᠠᠨ ᠬᠤᠷ᠎ᠠ ᠡᠯᠪᠡᠭ ᠪᠣᠯᠬᠤᠷ ᠪᠦᠭᠦ ᠣᠷᠣᠨ ᠤ ᠬᠠᠳᠤᠯᠠᠩ ᠪᠡᠯᠴᠢᠭᠡᠷ ᠪᠠ ᠲᠠᠷᠢᠮᠠᠯ ᠡᠪᠡᠰᠦ ᠶᠢᠨ ᠤᠷᠭᠤᠴᠠ ᠨᠡᠶᠢᠳᠡᠮ ᠳᠡᠭᠡᠨ ᠰᠠᠶᠢᠨ ᠪᠠᠶᠢᠵᠤ᠂ ᠤᠳᠤ ᠬᠠᠳᠤᠯᠠᠩ ᠤᠨ ᠠᠵᠢᠯ ᠨᠢᠭᠡᠨᠲᠡ ᠰᠢᠪᠲᠤᠷᠠᠭᠠᠨ ᠳᠠᠭᠠᠨ ᠣᠷᠣᠪᠠ᠃      ᠰᠢᠯᠢᠩᠬᠤᠲᠠ ᠶᠢᠨ ᠮᠣᠳᠣᠨ ᠮᠠᠯᠵᠢᠯ ᠤᠨ ᠲᠠᠯᠠᠪᠠᠢ ᠶᠢᠨ ᠬᠠᠳᠤᠯᠠᠩ ᠳᠤ ᠬᠦᠴᠦᠲᠦ ᠲᠷᠠᠺᠲ᠋ᠣᠷ ᠤᠳ ᠨᠠᠭᠠᠰᠢ ᠴᠠᠭᠠᠰᠢ ᠰᠦᠯᠵᠢᠯᠳᠦᠨ᠂ ᠠᠵᠢᠯᠴᠢᠳ 300 ᠮᠧᠲᠷ ᠥᠷᠭᠡᠨ ᠢᠶᠠᠷ ᠵᠤᠷᠪᠤᠰᠯᠠᠨ ᠬᠠᠳᠤᠬᠤ ᠪᠦᠷᠢ 30 ᠮᠧᠲᠷ ᠤᠨ ᠥᠷᠭᠡᠨ ᠡᠪᠡᠰᠦᠨ ᠦᠷ᠎ᠡ ᠶᠢᠨ ᠪᠦᠰᠡ ᠦᠯᠡᠳᠡᠭᠡᠵᠦ᠂ ᠦᠯᠡᠳᠡᠭᠡᠬᠦ ᠡᠪᠡᠰᠦᠨ ᠤ ᠥᠨᠳᠥᠷ ᠤᠨ ᠬᠡᠮᠵᠢᠶ᠎ᠡ ᠶᠢ 6 ᠰᠠᠨᠲ᠋ᠢᠮᠧᠲᠷ ᠣᠷᠴᠢᠮ ᠳᠤ ᠬᠢᠵᠠᠭᠠᠷᠯᠠᠨ᠂ ᠪᠦᠭᠦ ᠶᠠᠪᠤᠴᠠ ᠶᠢ ᠪᠦᠷ ᠮᠠᠰᠢᠨᠴᠢᠯᠠᠵᠤ᠂ ᠬᠠᠳᠤᠯᠠᠩ ᠢᠶᠠᠨ ᠵᠢᠭᠳᠡ ᠰᠠᠶᠢᠬᠠᠨ ᠠᠪᠤᠯ᠎ᠠ᠃      ᠬᠥᠯᠥᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠤᠮᠤ ᠶᠢᠨ ᠪᠤᠶᠠᠨᠲᠠᠯ᠎ᠠ ᠭᠠᠴᠠᠭᠠᠨ ᠤ ᠮᠠᠯᠴᠢᠨ ᠶᠦᠡᠭ ᠱᠸᠡᠭ ᠬᠤᠷᠢᠶᠠᠭᠰᠠᠨ ᠡᠪᠡᠰᠦ ᠪᠠᠨ ᠡᠪᠦᠯᠵᠢᠶᠡᠨ ᠳᠡᠭᠡᠨ ᠤᠷᠤᠭᠤᠯᠬᠤ ᠪᠠᠷ ᠠᠮᠵᠢᠭᠤᠯᠤᠨ᠎ᠠ᠃ ︽ᠨᠢᠳᠤᠨᠤᠨ ᠠᠷᠪᠠᠨ ᠲᠠᠪᠤᠨ ᠮᠦ ᠠᠴᠠ ᠨᠢᠭᠡ ᠪᠣᠭᠤᠯᠲᠠ ᠡᠪᠡᠰᠦ ᠭᠠᠷᠴᠤ ᠪᠠᠶᠢᠭᠰᠠᠨ ᠪᠣᠯ ᠡᠨᠡ ᠵᠢᠯ ᠲᠤᠯᠤᠭ᠎ᠠ ᠨᠠᠢᠮᠠᠨ ᠮᠦ ᠠᠴᠠ ᠨᠢᠭᠡ ᠪᠣᠭᠤᠯᠲᠠ ᠡᠪᠡᠰᠦ ᠭᠠᠷᠴᠠᠢ᠂ ᠡᠨᠡ ᠵᠢᠯ ᠤᠨ ᠡᠪᠡᠰᠦᠨ ᠤ ᠤᠷᠭᠤᠴᠠ ᠰᠠᠶᠢᠨ᠂ ᠮᠠᠯ ᠤᠨᠤᠭ᠎ᠠ ᠪᠠᠨ ᠡᠪᠦᠯᠵᠢᠭᠦᠯᠬᠦ ᠡᠪᠡᠰᠦ ᠶᠢ ᠬᠠᠩᠭᠠᠮᠵᠢᠲᠠᠢ ᠬᠤᠷᠢᠶᠠᠴᠢᠬᠠᠨ᠎ᠠ︾ ᠭᠡᠵᠦ ᠶᠦᠩ ᠱᠧᠩ ᠤᠷᠮᠠᠲᠠᠢ ᠬᠡᠯᠡᠨ᠎ᠡ᠃      9 ᠰᠠᠷ᠎ᠠ ᠶᠢᠨ ᠡᠬᠢ ᠪᠠᠷ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠢᠶᠠᠭ ᠡᠪᠡᠰᠦ ᠳᠠᠷᠢᠬᠤ ᠰᠠᠭᠤᠷᠢᠨ ᠳᠤ ᠬᠢᠶᠠᠭ ᠡᠪᠡᠰᠦ ᠬᠠᠯᠢᠭᠤᠷᠠᠨ ᠳᠣᠯᠭᠢᠶᠠᠯᠠᠵᠤ ᠬᠠᠳᠤᠵᠤ ᠬᠤᠷᠢᠶᠠᠬᠤ ᠪᠠᠷ ᠪᠡᠯᠡᠳᠬᠡᠨ᠎ᠡ᠃ ᠲᠤᠰ ᠰᠠᠭᠤᠷᠢᠨ ᠪᠣᠯ ᠤᠯᠤᠰ ᠤᠨ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠠᠶᠢᠵᠤ᠂ 2023 ᠣᠨ ᠳᠤ ᠡᠬᠢᠯᠡᠨ ᠪᠦᠲᠦᠭᠡᠨ ᠪᠠᠶᠢᠭᠤᠯᠤᠭᠰᠠᠨ ᠠᠴᠠ ᠨᠠᠭᠠᠰᠢ 12 ᠲᠦᠮᠡᠨ ᠮᠦ ᠬᠢᠶᠠᠭ ᠡᠪᠡᠰᠦ ᠳᠠᠷᠢᠵᠤ᠂ 9 ᠰᠤᠮᠤ ᠰᠢᠶᠠᠩ ᠪᠠᠯᠭᠠᠰᠤ ᠪᠠ 33 ᠭᠠᠴᠠᠭ᠎ᠠ ᠲᠣᠰᠬᠤᠨ ᠳᠤ ᠬᠤᠯᠪᠣᠭᠳᠠᠵᠠᠢ᠃      ᠁      ᠮᠠᠨ ᠤ ᠣᠷᠣᠨ ᠲᠡᠵᠢᠭᠡᠬᠦ ᠶᠢᠨ ᠲᠥᠯᠥᠭᠡ ᠲᠠᠷᠢᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠨ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠵᠦ᠂ ᠬᠦᠨᠳᠦ ᠨᠣᠴᠢᠲᠠᠢ ᠲᠠᠴᠢᠷᠳᠠᠵᠤ ᠡᠯᠡᠰᠦᠷᠬᠡᠭᠵᠢᠭᠰᠡᠨ ᠪᠡᠯᠴᠢᠭᠡᠷ ᠢ ᠰᠡᠷᠭᠦᠭᠡᠬᠦ ᠪᠠᠷ ᠳᠠᠮᠵᠢᠨ ᠪᠠᠶᠢᠭᠠᠯᠢ ᠶᠢᠨ ᠨᠤᠲᠤᠭ ᠪᠡᠯᠴᠢᠭᠡᠷ ᠤᠨ ᠲᠡᠵᠢᠭᠡᠯ ᠡᠪᠡᠰᠦᠨ ᠤ ᠶᠠᠰᠤ ᠴᠢᠨᠠᠷ ᠪᠠ ᠤᠨᠠᠯᠳᠠ ᠶᠢ ᠪᠦᠳᠦᠮᠵᠢᠳᠠᠢ ᠰᠡᠷᠭᠦᠭᠡᠪᠡ᠃ 6 ᠰᠠᠷ᠎ᠠ ᠶᠢᠨ ᠰᠡᠭᠦᠯᠴᠢ ᠪᠤᠯᠬᠤ ᠳᠤ ᠪᠦᠭᠦ ᠣᠷᠣᠨ ᠢᠶᠠᠷ ᠢᠶᠠᠨ ᠨᠡᠶᠢᠳᠡ 1586 ᠲᠦᠮᠡᠨ ᠮᠦ ᠡᠪᠡᠰᠦ ᠲᠠᠷᠢᠵᠤ᠂ ᠲᠠᠴᠢᠷᠳᠠᠵᠤ ᠡᠯᠡᠰᠦᠷᠬᠡᠭᠵᠢᠭᠰᠡᠨ ᠬᠢᠶᠠᠭ ᠡᠪᠡᠰᠦᠲᠦ ᠪᠡᠯᠴᠢᠭᠡᠷ ᠢ 40.58 ᠲᠦᠮᠡᠨ ᠮᠦ ᠵᠠᠰᠠᠨ ᠰᠡᠷᠭᠦᠭᠡᠵᠦ᠂ ᠨᠠᠶᠢᠯᠵᠠᠭᠤᠷ ᠬᠠᠷᠭᠠᠨ᠎ᠠ ᠲᠠᠷᠢᠵᠤ ᠰᠠᠶᠢᠵᠢᠷᠠᠭᠤᠯᠤᠭᠰᠠᠨ ᠬᠠᠳᠤᠯᠠᠩ ᠪᠠ ᠪᠤᠲᠠᠯᠢᠭ ᠮᠣᠳᠣᠨ ᠤᠢ ᠳᠤ ᠨᠠᠶᠢᠯᠵᠠᠭᠤᠷ ᠬᠠᠷᠭᠠᠨ᠎ᠠ ᠳᠠᠷᠢᠭᠰᠠᠨ ᠲᠠᠯᠠᠪᠠᠢ 92.19 ᠲᠦᠮᠡᠨ ᠮᠦ ᠳᠤ ᠬᠦᠷᠴᠡᠢ᠃ ᠡᠭᠦᠨ ᠤ ᠬᠠᠮᠲᠤ ᠥᠨᠳᠥᠷ ᠪᠠᠷᠢᠮᠵᠢᠶᠠᠲᠤ ᠬᠠᠳᠤᠯᠠᠩ᠂ ᠲᠠᠷᠢᠮᠠᠯ ᠡᠪᠡᠰᠦᠨ ᠤ ᠰᠠᠭᠤᠷᠢᠨ ᠪᠠ ᠡᠪᠡᠰᠦᠨ ᠤ ᠦᠢᠯᠡᠰ  ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠲᠡᠵᠢᠭᠡᠯ ᠡᠪᠡᠰᠦᠨ ᠤ ᠬᠠᠩᠭᠠᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠡᠯᠴᠢᠭᠡᠷ ᠤᠨ ᠮᠠᠯ ᠠᠵᠤ ᠠᠬᠤᠢ ᠶᠢᠨ ᠪᠠᠶᠢᠭᠠᠯᠢ ᠶᠢᠨ ᠡᠪᠡᠰᠦ ᠪᠡᠯᠴᠢᠭᠡᠷ ᠲᠤ ᠲᠦᠰᠢᠭᠯᠡᠬᠦ ᠶᠢ ᠪᠦᠲᠦᠮᠵᠢᠲᠡᠶ ᠬᠥᠩᠭᠡᠷᠡᠭᠦᠯᠪᠡ᠃ ᠮᠠᠨ ᠤ ᠣᠷᠣᠨ ᠡᠶᠢᠨ ᠬᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠦᠲᠦᠭᠡᠨ ᠪᠠᠶᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠡᠪᠡᠰᠦᠨ ᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠰᠢᠯᠢᠳᠡᠭ ᠡᠭᠦᠯᠳᠡᠷ ᠤᠨ ᠮᠠᠯ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ᠂ ᠮᠠᠯ ᠤᠨ ᠠᠰᠢᠭ ᠰᠢᠮ᠎ᠡ  ᠶᠢᠨ ᠲᠥᠷᠥᠯ ᠲᠡᠮᠳᠡᠭ ᠢ ᠴᠣᠭᠴᠠᠯᠠᠨ ᠳᠠᠭᠤᠷᠢᠰᠬᠠᠬᠤ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠮᠠᠯ ᠠᠵᠤ ᠠᠬᠤᠢ ᠶᠢᠨ ᠣᠯᠠᠨ ᠵᠦᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ  ᠶᠢ ᠬᠡᠷᠡᠭᠵᠢᠭᠦᠯᠵᠦ᠂ ᠠᠮᠢ ᠠᠬᠤᠢ ᠶᠢᠨ ᠵᠠᠰᠠᠯᠲᠠ ᠬᠢᠭᠡᠳ ᠮᠠᠯ ᠠᠵᠤ ᠠᠬᠤᠢ ᠶᠢᠨ ᠬᠥᠭᠵᠢᠯᠲᠡ ᠶᠢ ᠵᠡᠷᠭᠡ ᠪᠠᠷ ᠪᠠᠲᠤᠯᠠᠵᠤ ᠪᠠᠶᠢᠨ᠎ᠠ᠃      ᠲᠦᠩᠯᠢᠶᠣᠣ ᠬᠤᠳᠡ ᠶᠢᠨ ᠵᠠᠷᠤᠳ ᠬᠤᠰᠢᠭᠤᠨ ᠤ ᠴᠢᠪᠠᠭᠠᠳᠤ ᠰᠤᠮᠤ ᠶᠢᠨ ᠴᠢᠪᠠᠭᠠᠳᠤ ᠭᠠᠴᠠᠭᠠᠨ ᠤ ᠮᠠᠯᠴᠢᠨ ᠦᠨᠳᠦᠰᠦ ᠭᠤᠸᠠᠢ ᠶᠢᠨ ᠴᠡᠪᠡᠷ ᠲᠡᠭᠰᠢᠬᠡᠨ ᠬᠠᠰᠢᠶ᠎ᠠ ᠰᠠᠷᠠᠪᠴᠢᠨ ᠳᠤ ᠲᠠᠷᠭᠤ ᠰᠠᠶᠢᠲᠠᠢ ᠰᠢᠮᠧᠨ᠋ᠳᠡᠷ ᠦᠬᠡᠷ  ᠤᠳ ᠲᠠᠪᠠᠲᠠᠶᠢᠬᠠᠨ ᠢᠳᠡᠰᠢᠯᠡᠨ᠎ᠡ᠃ ︽ᠣᠶᠢᠷ᠎ᠠ ᠳᠤ 40 ᠰᠢᠬᠠᠮ ᠦᠬᠡᠷ ᠬᠤᠳᠠᠯᠳᠤᠯ᠎ᠠ᠂ ᠮᠠᠨ ᠤ ᠬᠢᠨ ᠭᠤᠣᠯᠳᠠᠭᠤ ᠰᠠᠶᠢᠨ ᠡᠭᠦᠯᠳᠡᠷ ᠤᠨ ᠰᠢᠮᠧᠨ᠋ᠳᠡᠷ ᠦᠬᠡᠷ ᠮᠠᠯᠵᠢᠵᠤ᠂ ᠦᠷ᠎ᠡ ᠠᠰᠢᠭ ᠰᠠᠶᠢᠨ ᠦᠶ᠎ᠡ ᠳᠤ ᠨᠢᠭᠡ ᠦᠬᠡᠷ ᠠᠴᠠ3000 - 4000 ᠲᠥᠭᠦᠷᠢᠭ ᠤᠨ ᠴᠡᠪᠡᠷ ᠤᠷᠤᠯᠭ᠎ᠠ ᠣᠯᠴᠢᠬᠠᠨ᠎ᠠ︾ ᠭᠡᠵᠦ ᠦᠨᠳᠦᠰᠦ ᠦᠬᠡᠷ ᠢᠶᠠᠨ ᠪᠣᠷᠳᠣᠬᠤ  ᠶᠢᠨ ᠳᠠᠭᠠᠤ ᠬᠡᠯᠡᠨ᠎ᠡ᠃ ᠵᠠᠷᠤᠳ ᠬᠤᠰᠢᠭᠤ ᠮᠢᠬᠠᠨ ᠤ ᠦᠬᠡᠷ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠥᠷᠨᠢᠭᠦᠯᠵᠦ᠂ ᠰᠠᠶᠢᠨ ᠡᠭᠦᠯᠳᠡᠷ ᠤᠨ ᠮᠢᠬᠠᠨ ᠤ ᠦᠬᠡᠷ ᠮᠠᠯᠵᠢᠬᠤ  ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠤᠯᠬᠤ ᠳᠤ ᠪᠦᠭᠦ ᠬᠤᠰᠢᠭᠤᠨ ᠤ ᠮᠠᠯᠵᠢᠵᠤ ᠪᠠᠶᠢᠭ᠎ᠠ ᠦᠬᠡᠷ 66.62 ᠲᠦᠮᠡ ᠳᠤ ᠬᠦᠷᠴᠦ᠂ ᠡᠭᠦᠨ ᠳᠤ ᠰᠠᠶᠢᠨ ᠡᠭᠦᠯᠳᠡᠷ ᠤᠨ ᠮᠢᠬᠠᠨ ᠤ ᠦᠬᠡᠷ9.47 ᠲᠦᠮᠡ᠂ ᠪᠣᠷᠳᠣᠨ ᠲᠠᠷᠭᠤᠯᠠᠭᠤᠯᠵᠤ ᠪᠠᠶᠢᠭ᠎ᠠ ᠰᠠᠶᠢᠨ ᠡᠭᠦᠯᠳᠡᠷ ᠤᠨ ᠮᠢᠬᠠᠨ ᠤ ᠦᠬᠡᠷ 2.47 ᠲᠦᠮᠡ ᠳᠤ ᠬᠦᠷᠴᠡᠢ᠃      ᠵᠠᠷᠤᠳ ᠬᠤᠰᠢᠭᠤ ᠮᠢᠬᠠᠨ ᠤ ᠦᠬᠡᠷ ᠤᠨ ᠠᠵᠤ ᠦᠢᠯᠡᠰ ᠪᠣᠯ ᠪᠦᠭᠦ ᠣᠷᠣᠨ ᠤ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ ᠪᠠᠶᠢᠭ᠎ᠠ ᠨᠢᠭᠡᠨ ᠪᠣᠳᠠᠲᠤ ᠵᠢᠱᠢᠶ᠎ᠡ ᠶᠤᠮ᠃ ᠤᠯᠤᠰ  ᠤᠨ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾ ᠪᠣᠯᠤᠭᠰᠠᠨ ᠤ ᠬᠤᠪᠢ ᠳᠤ ᠮᠠᠨ ᠤ ᠣᠷᠣᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠲᠡᠭᠡᠭᠰᠢᠯᠡᠭᠦᠯᠵᠤ᠂ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠦᠢᠯᠡᠳᠦᠯ ᠢᠶᠠᠨ ᠬᠦᠴᠦᠯᠡᠨ ᠪᠠᠳᠠᠷᠠᠭᠤᠯᠵᠤ ᠪᠠᠶᠢᠨ᠎ᠠ᠃ ᠨᠢᠳᠤᠨᠤᠨ ᠪᠦᠭᠦ ᠣᠷᠣᠨ ᠤ ᠭᠤᠣᠯ ᠪᠤᠯᠬᠤ ᠮᠢᠬᠠᠨ ᠤ ᠲᠥᠷᠥᠯ ᠤᠨ ᠭᠠᠷᠤᠯᠲᠠ 285.4 ᠲᠦᠮᠡᠨ ᠲᠣᠨ᠂ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ᠂ ᠦᠬᠡᠷ ᠬᠤᠨᠢᠨ ᠮᠢᠬ᠎ᠠ ᠪᠣᠯᠣᠨ ᠦᠨᠢᠶᠡᠨ ᠰᠦ ᠶᠢᠨ ᠭᠠᠷᠤᠯᠲᠠ ᠪᠠᠷ ᠴᠥᠮ ᠪᠦᠭᠦ ᠤᠯᠤᠰ ᠲᠤ ᠲᠦᠷᠦᠭᠦᠯᠡᠵᠦ᠂ ᠪᠦᠭᠦ ᠣᠷᠣᠨ ᠤ ᠮᠢᠬᠠᠨ ᠤ ᠦᠬᠡᠷ ᠪᠠ ᠮᠢᠬᠠᠨ ᠤ ᠬᠤᠨᠢ ᠶᠢᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠴᠥᠮ 95% ᠶᠢ ᠳᠠᠪᠠᠪᠠ᠃      ᠬᠠᠳᠤᠯᠠᠩ ᠡᠪᠡᠰᠦ ᠬᠠᠯᠢᠭᠤᠷᠠᠨ ᠨᠠᠶᠢᠭᠤᠵᠤ ᠥᠨᠢᠷ ᠥᠰᠦᠯᠲᠡ ᠶᠢ ᠪᠡᠯᠭᠡᠳᠡᠨ᠎ᠡ᠃ ᠤᠳᠤ ᠮᠠᠨ ᠤ ᠣᠷᠣᠨ ᠤ ᠬᠢᠶᠠᠭ᠂ ᠴᠠᠷᠭᠠᠰᠤ᠂ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠵᠡᠷᠭᠡ ᠡᠯ᠎ᠡ ᠲᠥᠷᠥᠯ ᠤᠨ ᠲᠠᠷᠢᠮᠠᠯ ᠡᠪᠡᠰᠦ ᠶᠢᠨ ᠲᠠᠯᠠᠪᠠᠢ ᠨᠢᠭᠡᠨᠲᠡ 2000 ᠲᠦᠮᠡᠨ ᠮᠦ ᠶᠢ ᠳᠠᠪᠠᠵᠤ᠂ ᠤᠨᠠᠯᠲᠠ ᠨᠢ 2000 ᠲᠦᠮᠡᠨ ᠲᠤᠨ ᠣᠷᠴᠢᠮ ᠳᠤ ᠬᠦᠷᠴᠦ ᠪᠤᠢ᠃ ᠡᠭᠦᠨ ᠤ ᠳᠡᠭᠡᠷ᠎ᠡ ᠪᠠᠶᠢᠭᠠᠯᠢ ᠶᠢᠨ ᠨᠤᠲᠤᠭ ᠪᠡᠯᠴᠢᠭᠡᠷ ᠤᠨ ᠠᠰᠢᠭᠯᠠᠵᠤ ᠪᠤᠯᠬᠤ ᠲᠡᠵᠢᠭᠡᠯ ᠡᠪᠡᠰᠦᠨ  ᠤ ᠤᠨᠠᠯᠳᠠ 3000 ᠲᠦᠮᠡᠨ ᠲᠤᠨ ᠣᠷᠴᠢᠮ ᠪᠠᠶᠢᠵᠤ᠂ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠬᠡᠮᠵᠢᠶ᠎ᠡ 2800 ᠲᠦᠮᠡᠨ ᠲᠤᠨ ᠳᠤ ᠬᠦᠷᠴᠦ᠂ ᠲᠡᠵᠢᠭᠡᠯ ᠡᠪᠡᠰᠦᠨ ᠤ ᠬᠠᠩᠭᠠᠯᠭ᠎ᠠ ᠶᠢ ᠦᠨᠳᠦᠰᠦᠨ ᠳᠡᠭᠡᠨ ᠪᠠᠲᠤᠯᠠᠵᠤ᠂ ᠮᠠᠯ ᠰᠦᠷᠦᠭ ᠤᠨ ᠥᠨᠢᠷ ᠥᠰᠦᠯᠲᠡ ᠶᠢ ᠪᠠᠲᠤᠯᠠᠨ ᠭᠤᠣᠯ ᠪᠤᠯᠬᠤ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠲᠣᠭᠲᠠᠪᠤᠷᠢᠵᠢᠭᠤᠯᠬᠤ ᠭᠦᠢᠴᠡᠳ ᠬᠦᠴᠦᠨ ᠴᠢᠳᠠᠯ ᠲᠠᠢ ᠪᠣᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号