ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ᠪᠠᠶᠠᠨᠬᠤᠸᠠ ᠪᠠᠯᠭᠠᠰᠤᠨ ᠤ ᡁᠢ ᠭᠦᠸᠧ ᠲᠠᠷᠢᠶᠠᠯᠠᠩ ᠤᠨ ᠮᠠᠰᠢᠨ ᠤ ᠲᠠᠷᠢᠮᠠᠯ ᠤᠨ ᠲᠤᠰᠬᠠᠢ ᠬᠤᠷᠰᠢᠶ᠎ᠠ ᠶᠢᠨ ᠰᠠᠭᠠᠭ ᠬᠠᠳᠤᠵᠤ ᠬᠤᠷᠢᠶᠠᠬᠤ ᠠᠵᠢᠯ ᠳᠠᠭᠠᠨ ᠣᠷᠣᠪᠠ
ᠨᠡᠶᠢᠲᠡᠯᠡᠭᠰᠡᠨ ᠴᠠᠭ᠄
2024/10/11
      ᠤᠯᠤᠰ ᠤᠨ ᠪᠠᠶᠠᠷ ᠤᠨ ᠬᠤᠭᠤᠴᠠᠭᠠᠨ ᠳᠤ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ᠪᠠᠶᠠᠨᠬᠤᠸᠠ ᠪᠠᠯᠭᠠᠰᠤᠨ ᠤ ᡁᠢ ᠭᠦᠸᠧ ᠲᠠᠷᠢᠶᠠᠯᠠᠩ ᠤᠨ ᠮᠠᠰᠢᠨ ᠤ ᠲᠠᠷᠢᠮᠠᠯ ᠤᠨ ᠲᠤᠰᠬᠠᠢ ᠬᠤᠷᠰᠢᠶ᠎ᠠ ᠠᠴᠠ ᠨᠠᠶᠢᠳᠠᠨ ᠬᠠᠮᠢᠶᠠᠷᠤᠭᠰᠠᠨ 500 ᠮᠦ ᠰᠠᠭᠠᠭ ᠬᠠᠳᠤᠵᠤ ᠬᠤᠷᠢᠶᠠᠬᠤ ᠠᠵᠢᠯ ᠳᠠᠭᠠᠨ ᠣᠷᠣᠪᠠ᠃ ᠣᠶᠢᠷ᠎ᠠ ᠶᠢᠨ ᠵᠢᠯ ᠳᠤ ︽ᠳᠤᠮᠳᠠᠳᠤ ᠤᠯᠤᠰ ᠤᠨ ᠰᠠᠭᠠᠭ ᠤᠨ ᠰᠣᠶᠣᠯ ᠤᠨ ᠨᠤᠲᠤᠭ︾ ᠬᠡᠮᠡᠭᠳᠡᠭᠰᠡᠨ ᠬᠦᠷᠢᠶ᠎ᠡ ᠬᠤᠰᠢᠭᠤ ᠨᠢ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠨ ᠳᠤ ᠣᠷᠣᠭᠤᠯᠬᠤ᠂ ᠬᠤᠷᠰᠢᠶ᠎ᠠ ᠠᠴᠠ ᠳᠠᠷᠢᠬᠤ᠂ ᠺᠣᠮᠫᠠᠨᠢᠴᠢᠯᠠᠨ ᠡᠵᠡᠩᠨᠡᠬᠦ ᠪᠠ ᠲᠠᠷᠢᠶᠠᠴᠢᠨ ᠡᠷᠦᠭᠡ ᠲᠠᠷᠠᠬᠠᠢ ᠪᠤᠲᠠᠷᠬᠠᠢ ᠳᠠᠷᠢᠬᠤ ᠵᠡᠷᠭᠡ ᠣᠯᠠᠨ ᠵᠦᠢᠯ ᠤᠨ ᠭᠡᠯᠪᠡᠷᠢ ᠪᠠᠷ ᠰᠠᠭᠠᠭ ᠳᠠᠷᠢᠬᠤ ᠲᠠᠯᠠᠪᠠᠶ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠡᠨᠡ ᠵᠢᠯ ᠪᠦᠭᠦ ᠬᠤᠰᠢᠭᠤ ᠪᠠᠷ ᠢᠶᠠᠨ ᠨᠡᠶᠢᠲᠡ 10 ᠲᠦᠮᠡᠨ ᠮᠦ ᠰᠠᠭᠠᠭ ᠳᠠᠷᠢᠵᠤ᠂ ᠵᠢᠱᠢᠯᠲᠡ ᠪᠠᠷ ᠶᠡᠷᠦᠩᠬᠡᠢ ᠤᠨᠠᠯᠲᠠ ᠨᠢ 1.5 ᠲᠦᠮᠡᠨ ᠲᠣᠨ ᠢ ᠳᠠᠪᠠᠭ᠋ᠤ ᠪᠣᠯᠣᠨ᠎ᠠ᠃
166.png
       ᠲᠤᠰ ᠰᠣᠨᠢᠨ ᠤ ᠰᠤᠷᠪᠤᠯᠵᠢᠯᠠᠬᠴᠢ ᠪᠦᠦ ᠴᠢᠩ ᠱᠧᠩ ᠰᠡᠭᠦᠳᠡᠷᠯᠡᠪᠡ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号