ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/10/12
      10 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠳᠠᠭᠠᠭᠠᠴᠢᠯᠠᠨ ᠡᠷᠭᠢᠯᠡᠭᠰᠡᠨ ︽ᠮᠡᠷᠭᠡᠵᠢᠯ ᠴᠢᠳᠠᠪᠤᠷᠢ ᠪᠠᠷ ᠥᠪᠥᠷ ᠮᠣᠩᠭᠤᠯ ᠢ ᠬᠦᠭᠵᠢᠭᠦᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ︾ ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠶᠠᠪᠤᠭᠳᠠᠪᠠ᠃ ᠮᠠᠨ ᠤ ᠣᠷᠣᠨ ᠤ 12 ᠠᠶᠢᠮᠠᠭ ᠬᠤᠲᠠ ᠠᠴᠠ ᠢᠷᠡᠭᠰᠡᠨ 34 ᠲᠠᠮᠢᠷᠴᠢᠨ ᠰᠢᠷᠦᠭᠦᠨ ᠥᠷᠢᠰᠦᠯᠳᠦᠭᠡᠨ ᠶᠠᠪᠤᠭᠤᠯᠵᠤ᠂ ᠡᠴᠦᠰ ᠲᠡᠭᠡᠨ 3 ᠰᠢᠯᠢᠳᠡᠭ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢ ᠰᠣᠩᠭᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠤᠰᠬᠠᠢ ᠠᠵᠢᠯ ᠤᠨ ᠡᠵᠡᠩᠨᠡᠨ ᠬᠠᠮᠢᠶᠠᠷᠤᠭᠴᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠤᠯᠬᠤ ᠪᠣᠯᠣᠨ᠎ᠠ᠃ 
1.jpg
       ᠬᠥᠳᠡᠭᠡ ᠲᠣᠰᠬᠤᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠨ᠎ᠡ ᠬᠦᠴᠦᠨ ᠮᠥᠨ᠂ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠪᠣᠯ ᠲᠠᠷᠢᠶᠠᠯᠠᠩ ᠤᠨ ᠠᠵᠢᠯ ᠲᠦᠷᠦᠯ ᠤᠨ ᠮᠡᠷᠭᠡᠵᠢᠯ ᠤᠨ ᠴᠢᠳᠠᠪᠤᠷᠢᠲᠠᠨ ᠤ ᠴᠢᠬᠤᠯᠠ ᠪᠦᠷᠢᠯᠳᠦᠭᠦᠨ ᠮᠥᠨ᠃ ᠲᠥᠪ ᠤᠨ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠲᠠᠷᠢᠶᠠᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠪᠠ ᠬᠥᠳᠡᠭᠡ ᠲᠣᠰᠬᠤᠨ ᠤ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ︾ ᠭᠡᠵᠦ ᠵᠢᠭᠠᠵᠤ ᠭᠠᠷᠭᠠᠵᠤ᠂ ᠡᠨᠡ ᠨᠢ ᠥᠷᠭᠡᠨ ᠤᠯᠠᠨ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠬᠥᠳᠡᠭᠡ ᠲᠣᠰᠬᠤᠨ ᠳᠤ ᠣᠷᠣᠯᠴᠠᠬᠤ᠂ ᠨᠡᠩ ᠤᠯᠠᠨ ᠮᠠᠯᠴᠢᠨ ᠲᠠᠷᠢᠶᠠᠴᠢᠨ ᠢ ᠬᠠᠪᠰᠤᠷᠤᠨ ᠪᠠᠶᠠᠵᠢᠭᠤᠯᠬᠤ ᠢᠲᠡᠭᠡᠯ ᠵᠣᠷᠢᠭ ᠢ ᠪᠠᠲᠤᠳᠬᠠᠬᠤ ᠪᠠᠷ ᠪᠠᠷᠠᠬᠤ ᠦᠭᠡᠢ ᠪᠠᠰᠠ ᠲᠠᠷᠢᠶᠠᠯᠠᠩ ᠤᠨ ᠠᠵᠢᠯ ᠲᠦᠷᠦᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ 
2.png
       ᠲᠣᠰ ᠤᠳᠠᠭᠠᠨ ᠤ ᠤᠷᠤᠯᠳᠤᠭᠠᠨ  ᠨᠢ ᠣᠶᠢᠷ᠎ᠠ ᠶᠢᠨ ᠵᠢᠯ ᠤᠳ ᠲᠤ ᠪᠥᠬᠦ ᠣᠷᠣᠨ ᠤ ᠠᠩᠬᠠᠳᠠᠭᠴᠢ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠤ ᠠᠵᠢᠯᠯᠠᠭ᠎ᠠ ᠮᠥᠨ᠂ ᠨᠢᠭᠡ ᠤᠳᠠᠭᠠᠨ ᠤ ᠤᠷ᠎ᠠ ᠮᠡᠷᠭᠡᠵᠢᠯ ᠤᠨ ᠦᠵᠡᠭᠦᠯᠭᠡ ᠶᠢᠨ ᠦᠪᠡᠳᠡᠭᠰᠢ ᠴᠤᠭᠯᠠᠭᠠᠨ ᠮᠥᠨ᠂ ᠲᠠᠷᠢᠶᠠᠯᠠᠩ ᠬᠥᠳᠡᠭᠡ ᠲᠣᠰᠬᠤᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠭᠰᠡᠨ ᠦᠷ᠎ᠡ ᠪᠦᠲᠦᠭᠡᠯ ᠤᠨ ᠰᠢᠯᠭᠠᠨ ᠪᠠᠶᠢᠴᠠᠭᠠᠯᠲᠠ ᠮᠥᠨ᠂ ᠪᠠᠰᠠ ᠴᠤ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠴᠣᠯᠭᠤᠷᠠᠨ ᠭᠠᠷᠴᠤ᠂ ᠥᠪᠡᠷ ᠢ ᠪᠠᠨ ᠢᠯᠡᠷᠡᠭᠦᠯᠬᠦ‍ ᠨᠢᠭᠡ ᠤᠳᠠᠭᠠᠨ ᠤ ᠲᠣᠬᠢᠶᠠᠯ ᠮᠥᠨ᠃ ᠡᠭᠦᠨ ᠤ ᠵᠣᠷᠢᠯᠭ᠎ᠠ ᠨᠢ ᠤᠷᠤᠯᠳᠤᠭᠠᠨ ᠶᠠᠪᠤᠭᠤᠯᠬᠤ ᠪᠠᠷ ᠳᠠᠮᠵᠢᠭᠤᠯᠤᠨ ᠵᠥᠷᠢᠶ᠎ᠡ ᠪᠠᠨ ᠡᠷᠢᠨ ᠭᠠᠷᠭᠠᠵᠤ᠂ ᠤᠷ᠎ᠠ ᠮᠡᠷᠭᠡᠵᠢᠯ ᠢᠶᠠᠨ ᠰᠣᠯᠢᠯᠴᠠᠨ᠂ ᠬᠠᠮᠲᠤ ᠪᠠᠷ ᠳᠡᠭᠡᠭᠰᠢᠯᠡᠭᠦᠯᠵᠦ᠂ ᠨᠡᠩ ᠣᠯᠠᠨ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠮᠡᠳᠡᠯᠭᠡ ᠰᠤᠷᠴᠤ᠂ ᠮᠡᠷᠭᠡᠵᠢᠯ ᠪᠣᠯᠪᠠᠰᠤᠷᠠᠭᠤᠯᠬᠤ ᠶᠢ ᠬᠥᠭᠵᠢᠭᠡᠬᠦ ᠶᠢᠨ ᠲᠥᠯᠥᠭᠡ ᠶᠤᠮ᠃ ᠤᠷᠤᠯᠳᠤᠭᠠᠨ ᠢᠶᠠᠷ ᠳᠡᠮᠵᠢᠨ᠂ ᠪᠥᠬᠦ ᠣᠷᠣᠨ ᠳᠤ ᠲᠠᠷᠢᠶᠠᠯᠠᠩ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠬᠤ᠂ ᠲᠠᠷᠢᠶᠠᠯᠠᠩ ᠤᠨ ᠴᠢᠳᠠᠪᠤᠷᠢᠲᠠᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠲᠠᠷᠢᠶᠠᠯᠠᠩ ᠬᠥᠳᠡᠭᠡ ᠲᠣᠰᠬᠤᠨ ᠤ ᠴᠢᠳᠠᠪᠤᠷᠢᠲᠠᠨ ᠤ ᠮᠡᠷᠭᠡᠵᠢᠯ ᠤᠨ ᠳᠠᠯᠳᠠ ᠴᠢᠳᠠᠪᠤᠷᠢ ᠶᠢ ᠬᠥᠭᠵᠢᠭᠡᠨ ᠪᠠᠳᠠᠷᠠᠭᠤᠯᠵᠤ᠂ ᠨᠠᠩ ᠣᠯᠠᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠢ ᠬᠠᠪᠰᠤᠷᠤᠨ ᠪᠠᠶᠠᠵᠢᠯ ᠤᠨ ᠵᠠᠮ ᠢᠶᠠᠷ  ᠵᠠᠮᠨᠠᠭᠤᠯᠤᠨ᠎ᠠ᠃ 
3.png
       ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠡᠯ᠎ᠡ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠳᠠᠭᠠᠭᠤᠯᠤᠭᠴᠢ ᠶᠢᠨ ᠴᠢᠳᠠᠪᠤᠷᠢ ᠶᠢᠨ ᠳᠤᠲᠠᠭᠤᠳᠠᠯ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠳᠤ ᠲᠦᠰᠢᠭᠯᠡᠨ᠂ ᠨᠠᠷᠢᠯᠢᠭ ᠣᠨᠣᠴᠠᠲᠠᠢ ᠪᠣᠯᠪᠠᠰᠤᠷᠠᠯ ᠤᠨ ᠲᠥᠯᠥᠪᠯᠡᠭᠡ ᠲᠣᠭᠲᠠᠭᠠᠵᠤ᠂ ᠣᠯᠠᠨ ᠵᠦᠢᠯ ᠤᠨ ᠬᠡᠯᠪᠡᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠪᠡ᠃ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠬᠢᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠡᠵᠡᠨ᠂ ᠬᠤᠷᠰᠢᠶ᠎ᠠ ᠶᠢᠨ ᠳᠠᠭᠠᠭᠤᠯᠤᠭᠴᠢ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ᠂ ︽ᠲᠦᠷᠦᠭᠦᠴᠢ ᠬᠤᠨ︾ ᠵᠡᠷᠭᠡ ᠳᠤ ᠴᠢᠭᠯᠡᠭᠦᠯᠦᠨ᠂ ᠤᠷᠢᠳ ᠬᠤᠵᠢᠳ 10 ᠰᠢᠬᠠᠮ ᠬᠤᠭᠤᠴᠠᠭᠠᠨ ᠤ ᠮᠠᠯᠴᠢᠨ ᠲᠠᠷᠢᠶᠠᠴᠢᠨ ᠤ ᠰᠢᠷᠢᠰ ᠪᠣᠯᠪᠠᠰᠤᠷᠠᠯ ᠢ ᠡᠷᠭᠢᠯᠡᠵᠦ᠂ ᠨᠡᠶᠢᠲᠡ 1000 ᠭᠠᠷᠤᠢ ᠮᠠᠯᠴᠢᠨ ᠲᠠᠷᠢᠶᠠᠴᠢᠨ ᠢ ᠬᠦᠮᠦᠵᠢᠭᠦᠯᠵᠦ᠂ ᠡᠭᠦᠨ ᠳᠤ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ 400 ᠭᠠᠷᠤᠢ ᠪᠣᠶ᠃
4.png
       ᠲᠠᠷᠠᠭᠠᠴᠢ ᠶᠢᠨ ᠠᠯᠬᠤᠮ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠷᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ ᠡᠵᠡᠩᠨᠡᠨ ᠬᠠᠮᠢᠶᠠᠷᠤᠭᠴᠢ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠮᠯᠡᠯ ᠣᠯᠭᠤᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠶᠢ ᠴᠢᠩᠭᠠᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠲᠦᠷᠭᠡᠳᠬᠡᠨ ᠠᠬᠢᠭᠤᠯᠬᠤ ᠳᠤ ᠴᠢᠳᠠᠪᠤᠷᠢᠲᠠᠨ ᠤ ᠬᠦᠴᠦᠲᠡᠢ ᠲᠦᠰᠢᠭ ᠲᠤᠯᠭᠠᠭᠤᠷᠢ ᠶᠢ ᠬᠠᠩᠭᠠᠨ᠎ᠠ᠃
5.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号